ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠪᠠᠢᠭᠤᠯᠤᠭᠳᠠᠵᠤ ᠠᠩᠬᠠᠳᠤᠭᠠᠷ ᠤᠳᠠᠭᠠᠨ ᠤ᠋ ᠲᠥᠯᠦᠭᠡᠯᠡᠭᠴᠢᠳ ᠤ᠋ᠨ ᠬᠤᠷᠠᠯ ᠬᠤᠷᠠᠯᠳᠤᠪᠠ
ᠢᠷᠡᠯᠲᠡ᠄ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ
2018.11.09

 

7  ᠳ᠋ᠤᠭᠠᠷ ᠰᠠᠷ᠎ᠠ ᠶ᠋ᠢᠨ 30 ᠤ᠋ ᠡᠳᠦᠷ᠂ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠪᠠᠢᠭᠤᠯᠤᠭᠳᠠᠵᠤ ᠠᠩᠬᠠᠳᠤᠭᠠᠷ ᠤᠳᠠᠭᠠᠨ ᠤ᠋ ᠲᠥᠯᠦᠭᠡᠯᠡᠭᠴᠢᠳ ᠤ᠋ᠨ ᠬᠤᠷᠠᠯ  ᠢ᠋ᠶ᠋ᠡᠨ ᠬᠤᠷᠠᠯᠳᠤᠭᠤᠯᠪᠠ᠃ ᠳᠤᠮᠳᠠᠳᠤ ᠤᠯᠤᠰ ᠤ᠋ᠨ ᠦᠨᠳᠦᠰᠦᠲᠡᠨ ᠤ᠋  ᠬᠡᠯᠡ ᠪᠢᠴᠢᠭ ᠤ᠋ᠨ ᠣᠷᠴᠢᠭᠤᠯᠭ᠎ᠠ ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠤᠨ ᠤ᠋ ᠡᠯ᠎ᠡ ᠬᠠᠮᠢᠶ᠎ᠠ ᠪᠦᠬᠦᠢ ᠪᠠᠢᠭᠤᠯᠭ᠎ᠠ ᠶ᠋ᠢᠨ  ᠤᠳᠤᠷᠢᠳᠤᠯᠭ᠎ᠠ ᠪᠣᠯᠤᠨ ᠨᠡᠢᠭᠡᠮᠯᠢᠭ ᠤ᠋ᠨ ᠭᠡᠰᠢᠭᠦᠳ ᠨᠡᠢᠲᠡ 80  ᠭᠠᠷᠤᠢ ᠬᠥᠮᠦᠨ ᠬᠤᠷᠠᠯ ᠳ᠋ᠤ᠌ ᠣᠷᠤᠯᠴᠠᠵᠠᠢ᠃ ᠬᠤᠷᠠᠯ ᠡᠴᠡ《ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠤ᠋ᠨ ᠳᠦᠷᠢᠮ(ᠡᠬᠡ  ᠨᠣᠣᠷᠠᠭ)》 ᠢ᠋ ᠶᠠᠷᠢᠯᠴᠠᠨ ᠲᠣᠭᠲᠠᠭᠠᠵᠤ᠂ ᠨᠡᠢᠭᠡᠮᠯᠢᠭ ᠤ᠋ᠨ ᠠᠩᠬᠠᠳᠤᠭᠠᠷ ᠬᠤᠭᠤᠴᠠᠭᠠᠨ ᠤ᠋ ᠬᠡᠷᠡᠭ ᠡᠷᠬᠢᠯᠡᠭᠴᠢᠳ ᠤ᠋ᠨ ᠬᠤᠷᠠᠯ ᠬᠤᠷᠠᠯᠳᠤᠭᠤᠯᠵᠤ᠂ ᠨᠡᠢᠭᠡᠮᠯᠢᠭ ᠤ᠋ᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭᠡᠴᠢ ᠶ᠋ᠢᠨ ᠳᠠᠷᠤᠭ᠎ᠠ ᠨᠠᠷ ᠢ᠋ ᠰᠣᠩᠭᠤᠨ ᠭᠠᠷᠭᠠᠪᠠ᠃

ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠤ᠋ᠨ ᠡᠷᠬᠢᠯᠡᠭᠴᠢ ᠴᠢ ᠵᠢᠨ ᠢᠦᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠂ ᠮᠣᠩᠭᠤᠯ  ᠬᠡᠯᠡ ᠪᠢᠴᠢᠭ ᠤ᠋ᠨ ᠠᠵᠢᠯ ᠤ᠋ᠨ ᠵᠥᠪᠯᠡᠯ ᠪᠠ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠤ᠋ᠨ ᠠᠵᠢᠯ ᠤ᠋ᠨ ᠬᠠᠮᠵᠢᠯᠴᠠᠬᠤ ᠳᠤᠭᠤᠢᠯᠠᠩ  ᠤ᠋ᠨ ᠠᠯᠪᠠᠨ ᠭᠡᠷ ᠢ᠋ ᠲᠥᠯᠦᠭᠡᠯᠡᠨ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠤ᠋ᠨ ᠪᠠᠢᠭᠤᠯᠤᠭᠳᠠᠭᠰᠠᠨ ᠢ᠋ ᠪᠡᠯᠭᠡᠯᠡᠨ ᠪᠠᠶᠠᠷ ᠬᠦᠷᠭᠡᠵᠤ ᠴᠢᠬᠤᠯᠠ ᠶᠠᠷᠢᠶ᠎ᠠ ᠲᠠᠯᠪᠢᠭᠰᠠᠨ ᠪᠠᠢᠨ᠎ᠠ᠃ ᠲᠡᠷᠡ ᠪᠡᠷ ᠮᠣᠩᠭᠤᠯ ᠬᠡᠯᠡᠨ ᠤ᠋ ᠣᠷᠴᠢᠭᠤᠯᠭ᠎ᠠ ᠶ᠋ᠢᠨ ᠠᠵᠢᠯ ᠪᠣᠯ ᠮᠣᠩᠭᠤᠯ ᠬᠡᠯᠡᠨ  ᠤ᠋ ᠠᠵᠢᠯ ᠤ᠋ᠨ ᠴᠢᠬᠤᠯᠠ ᠪᠦᠷᠢᠯᠳᠦᠬᠦᠨ ᠪᠠᠢᠵᠤ᠂ ᠲᠡᠭᠦᠨ ᠢ᠋ ᠰᠠᠢᠲᠤᠷ ᠬᠢᠬᠦ ᠨᠢ ᠨᠠᠮ ᠤ᠋ᠨ ᠦᠨᠳᠦᠰᠦᠲᠡᠨ ᠤ᠋  ᠦᠭᠡ ᠬᠡᠯᠡᠯ ᠦᠰᠦᠭ ᠪᠢᠴᠢᠭ ᠤ᠋ᠨ ᠲᠥᠷᠦ  ᠶ᠋ᠢᠨ ᠪᠣᠳᠤᠯᠭ᠎ᠠ ᠶ᠋ᠢ ᠲᠤᠭᠤᠰᠢᠯᠠᠭᠤᠯᠤᠨ  ᠨᠠᠢᠳᠠᠪᠤᠷᠢᠵᠢᠭᠤᠯᠬᠤ᠂ ᠦᠨᠳᠦᠰᠦᠲᠡᠨ ᠤ᠋  ᠪᠦᠯᠬᠦᠮᠳᠡᠯ ᠢ᠋ ᠴᠢᠩᠭᠠᠳᠭᠠᠬᠤ᠂ ᠨᠡᠢᠭᠡᠮ ᠤ᠋ᠨ ᠠᠮᠤᠷ ᠲᠣᠭᠲᠠᠭᠤᠨ ᠢ᠋ ᠬᠠᠮᠠᠭᠠᠯᠠᠬᠤ᠂ ᠬᠢᠯᠢ ᠬᠢᠵᠠᠭᠠᠷ ᠤ᠋ᠨ ᠠᠮᠤᠷ ᠲᠦᠪᠰᠢᠨ ᠢ᠋  ᠪᠠᠲᠤᠳᠭᠠᠬᠤ᠂ ᠥᠪᠡᠷᠲᠡᠭᠡᠨ ᠵᠠᠰᠠᠬᠤ ᠣᠷᠤᠨ ᠤ᠋ ᠤᠯᠤᠰ ᠲᠥᠷᠦ᠂ ᠠᠵᠤ ᠠᠬᠤᠢ᠂ ᠨᠡᠢᠭᠡᠮ᠂ ᠰᠣᠶᠤᠯ᠂ ᠠᠮᠢ ᠠᠬᠤᠢ ᠶ᠋ᠢᠨ ᠪᠠᠢᠭᠤᠯᠤᠯᠲᠠ ᠵᠡᠷᠭᠡ ᠳ᠋ᠤ᠌ ᠪᠦᠷ ᠮᠠᠰᠢ ᠴᠢᠬᠤᠯᠠ ᠠᠴᠢ ᠬᠣᠯᠪᠤᠭᠳᠠᠯ ᠲᠠᠢ ᠭᠡᠵᠦ ᠴᠢᠬᠤᠯᠠᠴᠢᠯᠠᠬᠤ ᠶ᠋ᠢᠨ ᠳᠠᠭᠠᠤ ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ  ᠨᠢ  ᠳᠦᠷᠢᠮ ᠲᠣᠭᠲᠠᠭᠠᠯ  ᠢ᠋ᠶ᠋ᠡᠨ ᠰᠠᠢᠲᠤᠷ  ᠵᠢᠷᠤᠮᠯᠡᠵᠦ᠂  ᠪᠦᠬᠦ ᠣᠷᠤᠨ ᠤ᠋ ᠦᠨᠳᠦᠰᠦᠲᠡᠨ ᠤ᠋ ᠣᠷᠴᠢᠭᠤᠯᠤᠭᠴᠢ ᠨᠠᠷ  ᠢ᠋ᠶ᠋ᠡᠨ ᠪᠦᠯᠬᠦᠮᠳᠡᠭᠦᠯᠦᠨ ᠣᠶᠤᠨ ᠤᠬᠠᠭᠠᠨ ᠣᠢ ᠪᠢᠯᠢᠭ ᠢ᠋ ᠨᠢ ᠪᠠᠳᠠᠷᠠᠭᠤᠯᠵᠤ᠂ ᠮᠠᠨ  ᠤ᠋ ᠣᠷᠤᠨ ᠤ᠋  ᠪᠠᠨ ᠦᠨᠳᠦᠰᠦᠲᠡᠨ ᠤ᠋ ᠣᠷᠴᠢᠭᠤᠯᠭ᠎ᠠ ᠶ᠋ᠢᠨ ᠠᠵᠢᠯ ᠤ᠋ᠨ ᠲᠦᠷᠢᠮᠵᠢᠯ᠂  ᠪᠠᠷᠢᠮᠵᠢᠶᠠᠵᠢᠯ᠂ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠳ᠋ᠤ᠌ ᠭᠠᠪᠢᠶ᠎ᠠ ᠵᠢᠳᠭᠦᠯ ᠦᠵᠡᠭᠦᠯᠬᠦ ᠪᠡᠷ ᠴᠢᠷᠮᠡᠢᠬᠤ ᠬᠡᠷᠡᠭᠲᠡᠢ  ᠭᠡᠵᠦ ᠬᠦᠰᠡᠯ ᠡᠷᠡᠮᠡᠯᠵᠡᠭᠰᠡᠨ ᠪᠠᠢᠨ᠎ᠠ᠃

ᠥᠪᠦᠷ ᠮᠣᠩᠭᠤᠯ ᠤ᠋ᠨ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠤ᠋ᠨ ᠳᠠᠷᠤᠭ᠎ᠠ ᠠᠳᠢᠶ᠎ᠠ ᠨᠥᠬᠦᠷ᠄《 <ᠠᠯᠲᠠᠨ ᠪᠡᠶ᠎ᠡ ᠮᠢᠨᠢ ᠠᠯᠵᠢᠶᠠᠪᠠᠰᠤ ᠠᠯᠵᠢᠶᠠᠲᠤᠭᠠᠢ᠂ ᠠᠬᠤ ᠲᠥᠷᠦ ᠮᠢᠨᠤ ᠪᠤᠤ ᠠᠯᠳᠠᠷᠠᠲᠤᠭᠠᠢ > ᠭᠡᠳᠡᠭᠴᠢᠯᠡᠨ᠂ ᠮᠣᠩᠭᠤᠯ ᠣᠷᠴᠢᠭᠤᠯᠭ᠎ᠠ ᠶ᠋ᠢᠨ ᠨᠡᠢᠭᠡᠮᠯᠢᠭ ᠨᠢ ᠥᠪᠡᠷᠲᠡᠭᠡᠨ ᠵᠠᠰᠠᠭ ᠣᠷᠤᠨ ᠤ᠋ ᠦᠨᠳᠦᠰᠦᠲᠡᠨ ᠤ᠋ ᠵᠥᠪᠯᠡᠯ  ᠤ᠋ᠨ ᠵᠥᠪ ᠣᠨᠤᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠣᠷᠤᠨ ᠤ᠋ ᠥᠷᠭᠡᠨ ᠣᠯᠠᠨ ᠮᠣᠩᠭᠤᠯ ᠬᠡᠯᠡᠨ ᠤ᠋ ᠣᠷᠴᠢᠭᠤᠯᠤᠭᠴᠢ ᠨᠠᠷ ᠢ᠋ ᠪᠦᠯᠬᠦᠮᠳᠡᠭᠦᠯᠦᠨ ᠨᠢᠭᠲᠠᠷᠠᠭᠤᠯᠵᠤ᠂ ᠡᠯ᠎ᠡ  ᠬᠡᠯᠡ ᠲᠥᠷᠦᠯ ᠤ᠋ᠨ ᠣᠷᠴᠢᠭᠤᠯᠭ᠎ᠠ᠂ ᠣᠷᠴᠢᠭᠤᠯᠭ᠎ᠠ ᠰᠤᠳᠤᠯᠤᠯ ᠪᠣᠯᠤᠨ ᠣᠷᠴᠢᠭᠤᠯᠭ᠎ᠠ ᠶ᠋ᠢᠨ ᠵᠢᠭᠠᠨ ᠰᠤᠷᠭᠠᠯᠲᠠ ᠵᠡᠷᠭᠡ ᠠᠵᠢᠯ  ᠢ᠋ ᠥᠷᠭᠡᠨ ᠢ᠋ᠶ᠋ᠡᠷ ᠥᠷᠨᠢᠭᠦᠯᠦᠨ᠂ ᠮᠠᠨ  ᠤ᠋ ᠣᠷᠤᠨ ᠤ᠋ ᠣᠷᠴᠢᠭᠤᠯᠭ᠎ᠠ ᠶ᠋ᠢᠨ ᠠᠵᠢᠯ  ᠤ᠋ᠨ ᠣᠨᠤᠯ ᠪᠠ ᠦᠢᠯᠡᠳᠦᠯᠭᠡ ᠳ᠋ᠤ᠌ ᠢᠳᠡᠪᠬᠢᠲᠡᠢ ᠬᠠᠢᠨ ᠰᠦᠪᠡᠭᠴᠢᠯᠡᠯᠲᠡ ᠪᠠ ᠭᠦᠨᠵᠡᠭᠡᠢ ᠰᠤᠳᠤᠯᠤᠯᠲᠠ ᠬᠢᠵᠦ᠂ ᠰᠢᠯᠢᠳᠡᠭ ᠣᠷᠴᠢᠭᠤᠯᠤᠭᠴᠢᠳ ᠤ᠋ᠨ ᠡᠩᠨᠡᠭᠡ ᠪᠠ ᠴᠢᠳᠠᠪᠤᠷᠢᠲᠠᠨ  ᠢ᠋ ᠬᠥᠮᠦᠵᠢᠭᠦᠯᠦᠨ᠂ ᠡᠶ᠎ᠡ ᠨᠠᠢᠷᠠᠮᠳᠠᠭᠤ ᠮᠣᠩᠭᠤᠯ ᠬᠢᠲᠠᠳ ᠬᠣᠣᠰ ᠬᠡᠯᠡᠨ ᠤ᠋ ᠣᠷᠴᠢᠨ ᠢ᠋ ᠴᠣᠭᠴᠠᠯᠠᠨ ᠪᠠᠢᠭᠤᠯᠵᠤ᠂ ᠮᠠᠨ ᠤ᠋ ᠣᠷᠤᠨ ᠤ᠋ ᠮᠣᠩᠭᠤᠯ ᠬᠡᠯᠡᠨ ᠤ᠋ ᠦᠢᠯᠡᠰ ᠢ᠋ ᠴᠡᠴᠡᠭᠯᠡᠨ ᠬᠦᠭᠵᠢᠭᠦᠯᠵᠦ᠂ ᠰᠢ ᠵᠢᠨ ᠫᠢᠩ ᠤ᠋ᠨ ᠱᠢᠨ᠎ᠡ  ᠴᠠᠭ ᠦᠶ᠎ᠡ  ᠶ᠋ᠢᠨ ᠳᠤᠮᠳᠠᠳᠤ ᠤᠯᠤᠰ ᠤ᠋ᠨ  ᠣᠨᠴᠠᠯᠢᠭ ᠪᠦᠬᠦᠢ ᠨᠡᠢᠭᠡᠮ ᠵᠢᠷᠥᠮ ᠤ᠋ᠨ ᠦᠵᠡᠯ ᠰᠠᠨᠠᠭᠠᠨ ᠳ᠋ᠤ᠌ ᠭᠦᠨ ᠣᠢᠯᠠᠭᠠᠯᠲᠠ ᠲᠠᠢ ᠪᠣᠯᠵᠤ᠂ ᠨᠡᠢᠭᠡᠮ ᠵᠢᠷᠥᠮ ᠤ᠋ᠨ ᠭᠣᠣᠯᠯᠠᠭᠴᠢ ᠦᠷᠳᠡᠭ ᠤ᠋ᠨ ᠦᠵᠡᠯ  ᠤ᠋ᠨ ᠤᠬᠠᠭᠤᠯᠭ᠎ᠠ ᠬᠥᠮᠦᠵᠢᠯ  ᠢ᠋ ᠴᠢᠬᠤᠯᠠᠴᠢᠯᠠᠨ᠂ ᠦᠨᠳᠦᠰᠦᠲᠡᠨ ᠤ᠋ ᠰᠢᠯᠢᠳᠡᠭ ᠰᠣᠶᠤᠯ ᠤ᠋ᠨ ᠵᠠᠯᠭᠠᠮᠵᠢᠯᠠᠯᠲᠠ ᠪᠠ ᠬᠥᠭᠵᠢᠭᠦᠯᠦᠯᠲᠡ ᠳ᠋ᠤ᠌  ᠬᠦᠴᠦ ᠪᠡᠨ ᠡᠷᠭᠦᠨ᠂ ᠥᠨᠢ ᠡᠭᠦᠷᠢᠳᠡ《 ᠵᠢᠱ᠌ᠢᠶᠡᠴᠢ ᠥᠪᠡᠷᠲᠡᠭᠡᠨ ᠵᠠᠰᠠᠬᠤ ᠣᠷᠤᠨ 》 ᠬᠡᠮᠡᠬᠦ ᠢᠷᠠᠭᠤ ᠠᠯᠳᠠᠷ  ᠢ᠋ᠶ᠋ᠡᠨ ᠬᠠᠮᠠᠭᠠᠯᠠᠨ᠂ 《ᠦᠵᠡᠰᠭᠦᠯᠡᠩᠲᠦ ᠰᠠᠢᠬᠠᠨ ᠥᠪᠦᠷ ᠮᠣᠩᠭᠤᠯ  ᠢ᠋ᠶ᠋ᠡᠨ ᠪᠦᠲᠦᠭᠡᠨ ᠪᠠᠢᠭᠤᠯᠵᠤ᠂ ᠳᠤᠮᠳᠠᠳᠤ  ᠶ᠋ᠢᠨ ᠵᠡᠭᠦᠳᠦ ᠪᠠᠨ ᠬᠠᠮᠲᠦ ᠪᠡᠷ ᠲᠡᠷᠭᠡᠯᠰᠢᠭᠦᠯᠬᠦ》 ᠶ᠋ᠢᠨ ᠲᠥᠯᠦᠭᠡ ᠴᠢᠷᠮᠠᠢᠵᠠᠭᠠᠶ᠎ᠠ ᠭᠡᠵᠡᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠵᠢᠷᠭᠠᠯᠲᠤ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ