ᠮᠣᠩᠭᠤᠯ ᠦᠭᠡ ᠬᠡᠯᠡ ᠦᠰᠦᠭ ᠪᠢᠴᠢᠭ ᠦ᠋ᠨ ᠲᠤᠭᠠᠴᠢᠯᠠᠭᠰᠠᠨ ᠡᠬᠢ ᠪᠠᠶᠠᠯᠢᠭ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ  ᠤ᠋ᠨ ᠲᠥᠰᠦᠯ ᠦ᠋ᠨ ᠪᠠᠷᠢᠮᠵᠢᠶᠠᠨ ᠤ᠋ ᠲᠤᠬᠠᠢ ᠲᠤᠰᠭᠠᠢ ᠮᠡᠷᠭᠡᠵᠢᠯᠲᠡᠨ ᠦ᠌ ᠪᠣᠯᠪᠠᠰᠤᠷᠠᠯ ᠤ᠋ᠨ ᠠᠩᠭᠢ ᠠᠮᠵᠢᠯᠲᠠ ᠲᠠᠢ ᠥᠨᠳᠦᠷᠯᠡᠪᠡ
ᠢᠷᠡᠯᠲᠡ᠄ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠭᠠᠵᠠᠷ
2017.07.14

 

ᠮᠣᠩᠭᠤᠯ ᠦᠭᠡ ᠬᠡᠯᠡ ᠦᠰᠦᠭ ᠪᠢᠴᠢᠭ ᠦ᠋ᠨ ᠲᠤᠭᠠᠴᠢᠯᠠᠭᠰᠠᠨ ᠡᠬᠢ ᠪᠠᠶᠠᠯᠢᠭ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ ᠤ᠋ᠨ ᠬᠠᠮᠢᠶ᠎ᠠ ᠪᠦᠬᠦᠢ ᠬᠥᠮᠦᠰ ᠦ᠋ᠨ ᠠᠵᠢᠯ ᠤ᠋ᠨ ᠬᠢᠷᠢ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠲᠤᠭᠠᠴᠢᠯᠠᠭᠰᠠᠨ ᠡᠬᠢ ᠪᠠᠶᠠᠯᠢᠭ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ ᠤ᠋ᠨ ᠤᠷᠤᠭᠰᠢᠲᠠᠢ ᠶᠠᠪᠤᠭᠳᠠᠬᠤ ᠶ᠋ᠢ ᠠᠬᠢᠭᠤᠯᠬᠤ ᠶ᠋ᠢᠨ ᠲᠥᠯᠦᠭᠡ᠂ 7 ᠰᠠᠷ᠎ᠠ ᠶ᠋ᠢᠨ 6 ᠡᠴᠡ 7  ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠡᠴᠡ ᠮᠣᠩᠭᠤᠯ ᠦᠭᠡ ᠬᠡᠯᠡ ᠦᠰᠦᠭ ᠪᠢᠴᠢᠭ ᠦ᠋ᠨ ᠲᠤᠭᠠᠴᠢᠯᠠᠭᠰᠠᠨ ᠡᠬᠢ ᠪᠠᠶᠠᠯᠢᠭ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ  ᠤ᠋ᠨ ᠰᠠᠭᠤᠷᠢ ᠪᠠᠷᠢᠮᠵᠢᠶ᠎ᠠ᠂ ᠡᠬᠢ ᠪᠠᠶᠠᠯᠢᠭ ᠢ᠋ ᠪᠠᠢᠭᠤᠯᠬᠤ ᠪᠠᠷᠢᠮᠵᠢᠶᠠᠨ ᠤ᠋ ᠲᠤᠰᠭᠠᠢ ᠰᠡᠳᠦᠪᠲᠦ ᠪᠣᠯᠪᠠᠰᠤᠷᠠᠯ ᠡᠷᠬᠢᠯᠡᠵᠡᠢ᠃ ᠥᠪᠦᠷ ᠮᠣᠩᠭᠤᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ᠂ ᠥᠪᠦᠷ ᠮᠣᠩᠭᠤᠯ ᠤ᠋ᠨ ᠶᠡᠬᠡ ᠰᠤᠷᠭᠠᠭᠤᠯᠢ᠂ ᠥᠪᠦᠷ ᠮᠣᠩᠭᠤᠯ ᠤ᠋ᠨ ᠬᠡᠪᠯᠡᠯ ᠦ᠋ᠨ ᠪᠦᠯᠦᠭᠯᠡᠯ ᠵᠡᠷᠭᠡ 20 ᠭᠠᠷᠤᠢ ᠪᠠᠢᠭᠤᠯᠭ᠎ᠠ ᠨᠢᠭᠡᠴᠢ ᠶ᠋ᠢᠨ 70 ᠰᠢᠬᠠᠮ ᠲᠤᠰᠭᠠᠢ ᠮᠡᠷᠭᠡᠵᠢᠯᠲᠡᠨ ᠪᠣᠯᠪᠠᠰᠤᠷᠠᠯ ᠳ᠋ᠤ᠌ ᠣᠷᠤᠯᠴᠠᠵᠠᠢ᠃

ᠪᠣᠯᠪᠠᠰᠤᠷᠠᠯ ᠢ᠋ᠶ᠋ᠠᠷ ᠳᠠᠮᠵᠢᠨ᠂ ᠣᠷᠤᠯᠴᠠᠭᠰᠠᠳ ᠮᠣᠩᠭᠤᠯ ᠦᠭᠡ ᠬᠡᠯᠡ ᠦᠰᠦᠭ ᠪᠢᠴᠢᠭ ᠦ᠋ᠨ ᠲᠤᠭᠠᠴᠢᠯᠠᠭᠰᠠᠨ ᠡᠬᠢ ᠪᠠᠶᠠᠯᠢᠭ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ ᠲᠥᠰᠦᠯ ᠦ᠋ᠨ 26 ᠲᠥᠷᠦᠯ ᠦ᠋ᠨ ᠪᠠᠷᠢᠮᠵᠢᠶ᠎ᠠ ᠪᠣᠯᠤᠨ ᠱᠠᠭᠠᠷᠳᠠᠯᠭ᠎ᠠ ᠳ᠋ᠤ᠌ ᠣᠢᠯᠠᠭᠠᠯᠲᠠ ᠲᠠᠢ ᠪᠣᠯᠵᠤ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠲᠤᠭᠠᠴᠢᠯᠠᠭᠰᠠᠨ ᠡᠬᠢ ᠪᠠᠶᠠᠯᠢᠭ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ ᠦ᠋ᠨ ᠲᠥᠰᠦᠯ ᠦ᠋ᠨ ᠥᠨᠳᠦᠷ ᠦᠷ᠎ᠡ ᠠᠰᠢᠭ ᠲᠠᠢ ᠪᠡᠶᠡᠯᠡᠭᠳᠡᠬᠦ ᠳ᠋ᠦ᠍ ᠪᠠᠲᠤᠯᠠᠭ᠎ᠠ ᠬᠠᠩᠭᠠᠵᠠᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠠᠯᠲᠠᠨ᠌ᠣ᠋ᠳᠤ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

 

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )