ᠪᠠᠶᠠᠨᠨᠠᠭᠤᠷ ᠬᠣᠲᠠ ᠶ᠋ᠢᠨ ᠳ᠋ᠧᠩᠺᠧᠦ ᠰᠢᠶᠠᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠨᠠᠮ ᠤ᠋ᠨ ᠰᠤᠷᠭᠠᠭᠤᠯᠢ ᠳ᠋ᠤ᠌ ᠮᠣᠩᠭᠤᠯ ᠢ᠋ᠶ᠋ᠡᠷ ᠬᠢᠴᠢᠶᠡᠯᠯᠡᠬᠦ ᠪᠠᠭᠰᠢ ᠲᠠᠨᠢᠯᠴᠠᠭᠤᠯᠪᠠ
ᠢᠷᠡᠯᠲᠡ᠄ ᠪᠠᠶᠠᠨᠨᠠᠭᠤᠷ ᠬᠣᠲᠠ ᠶ᠋ᠢᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ
2017.11.21

 

ᠦᠨᠳᠦᠰᠦᠲᠡᠨ ᠦ᠌ ᠲᠤᠬᠠᠢ ᠨᠠᠮ ᠤ᠋ᠨ ᠲᠥᠷᠦ ᠶ᠋ᠢᠨ ᠪᠣᠳᠤᠯᠭ᠎ᠠ ᠶ᠋ᠢ ᠤᠯᠠᠮ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠦ᠌ ᠨᠠᠮ ᠤ᠋ᠨ ᠭᠡᠰᠢᠭᠦᠨ ᠺᠠᠳ᠋ᠷᠴᠤᠳ ᠤ᠋ᠨ ᠤᠯᠤᠰ ᠲᠥᠷᠦ ᠶ᠋ᠢᠨ ᠣᠨᠤᠯ ᠤ᠋ᠨ ᠪᠣᠯᠪᠠᠰᠤᠷᠠᠯ ᠢ᠋ ᠳᠡᠭᠡᠭᠰᠢᠯᠡᠭᠦᠯᠬᠦ ᠶ᠋ᠢᠨ ᠲᠥᠯᠦᠭᠡ ᠳ᠋ᠧᠩᠺᠧᠦ ᠰᠢᠶᠠᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠪᠣᠳᠠᠲᠠᠢ ᠲᠠᠢ ᠪᠠᠨ ᠤᠶᠠᠯᠳᠤᠭᠤᠯᠤᠨ᠂ ᠰᠢᠯᠢᠳᠡᠭ ᠢ᠋ ᠰᠣᠩᠭᠤᠨ ᠰᠠᠢᠨ ᠢ᠋ ᠲᠣᠬᠢᠷᠠᠭᠤᠯᠬᠤ ᠵᠠᠷᠴᠢᠮ ᠢ᠋ ᠪᠠᠷᠢᠮᠲᠠᠯᠠᠵᠤ᠂ ᠭᠠᠳᠠᠨ᠎ᠠ ᠠ᠋ᠴᠠ ᠤᠷᠢᠬᠤ ᠬᠡᠯᠪᠡᠷᠢ ᠪᠡᠷ ᠣᠨᠤᠯ᠂ ᠲᠥᠷᠦ ᠶ᠋ᠢᠨ ᠪᠣᠳᠤᠯᠭ᠎ᠠ ᠶ᠋ᠢ ᠮᠣᠩᠭᠤᠯ ᠢ᠋ᠶ᠋ᠡᠷ ᠤᠬᠠᠭᠤᠯᠤᠨ ᠲᠠᠢᠯᠪᠤᠷᠢᠯᠠᠬᠤ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠵᠤ ᠪᠠᠢᠨ᠎ᠠ᠃

ᠡᠨᠡ ᠵᠢᠯ ᠳ᠋ᠦ᠍ ᠳ᠋ᠧᠩᠺᠧᠦ ᠰᠢᠶᠠᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠳ᠋ᠧᠩᠺᠧᠦ ᠰᠢᠶᠠᠨ ᠤ᠋ ᠨᠠᠮ ᠤ᠋ᠨ ᠰᠤᠷᠭᠠᠭᠤᠯᠢ ᠳ᠋ᠤ᠌ ᠨᠠᠮ ᠤ᠋ᠨ ᠬᠢᠴᠢᠶᠡᠯ ᠢ᠋ ᠮᠣᠩᠭᠤᠯ ᠢ᠋ᠶ᠋ᠠᠷ ᠬᠢᠴᠢᠶᠡᠯᠯᠡᠬᠦ ᠲᠤᠰᠭᠠᠢ ᠪᠠᠭᠰᠢ ᠪᠠᠢᠬᠤ ᠦᠭᠡᠢ ᠪᠣᠳᠠᠲᠠᠢ ᠪᠠᠢᠳᠠᠯ ᠲᠠᠢ ᠤᠶᠠᠯᠳᠤᠭᠤᠯᠵᠤ᠂ ᠰᠢᠶᠠᠨ ᠤ᠋ ᠰᠤᠷᠭᠠᠨ ᠬᠥᠮᠦᠵᠢᠯ ᠦ᠋ᠨ ᠲᠣᠪᠴᠢᠶᠠᠨ ᠠ᠋ᠴᠠ ᠮᠣᠩᠭᠤᠯ ᠬᠡᠯᠡᠨ ᠦ᠌ ᠠᠵᠢᠯ ᠬᠠᠪᠰᠤᠷᠭᠠᠬᠤ ᠪᠠᠭᠰᠢ 1 ᠶ᠋ᠢ ᠲᠠᠨᠢᠯᠴᠠᠭᠤᠯᠪᠠ᠃ ᠨᠠᠮ ᠤ᠋ᠨ ᠰᠤᠷᠭᠠᠭᠤᠯᠢ ᠨᠢ ᠤᠷᠢᠨ ᠬᠡᠷᠡᠭᠯᠡᠬᠦ ᠬᠡᠯᠪᠡᠷᠢ ᠪᠡᠷ ᠡᠯᠰᠡᠵᠦ᠂ ᠮᠣᠩᠭᠤᠯ ᠬᠡᠯᠡᠨ ᠦ᠌ ᠠᠵᠢᠯ ᠬᠠᠪᠰᠤᠷᠭᠠᠬᠤ ᠪᠠᠭᠰᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠳ᠋ᠧᠩᠺᠧᠦ ᠰᠢᠶᠠᠨ ᠤ᠋ ᠴᠥᠭᠡᠨ ᠲᠣᠭᠠᠲᠤ ᠦᠨᠳᠦᠰᠦᠲᠡᠨ ᠦ᠌ ᠨᠠᠮ ᠤ᠋ᠨ ᠭᠡᠰᠢᠭᠦᠨ ᠺᠠᠳ᠋ᠷᠴᠤᠳ ᠲᠤ᠌ ᠨᠠᠮ ᠤ᠋ᠨ ᠬᠢᠴᠢᠶᠡᠯ ᠢ᠋ ᠮᠣᠩᠭᠤᠯ ᠢ᠋ᠶ᠋ᠠᠷ ᠬᠢᠴᠢᠶᠡᠯᠯᠡᠵᠦ᠂ ᠪᠥᠬᠦ ᠰᠢᠶᠠᠨ ᠤ᠋ ᠴᠦ᠋ᠬᠡᠨ ᠲᠣᠭᠠᠲᠤ ᠦᠨᠳᠦᠰᠦᠲᠡᠨ ᠦ᠌ ᠺᠠᠳ᠋ᠷᠴᠤᠳ ᠤ᠋ᠨ ᠦᠨᠳᠦᠰᠦᠲᠡᠨ ᠦ᠌ ᠬᠡᠯᠡ ᠪᠡᠷ ᠢ᠋ᠶ᠋ᠡᠨ ᠤᠯᠤᠰ ᠲᠥᠷᠦ ᠶ᠋ᠢᠨ ᠣᠨᠤᠯ ᠰᠤᠷᠤᠯᠴᠠᠬᠤ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠦ᠌ ᠺᠠᠳ᠋ᠷᠴᠤᠳ ᠤ᠋ᠨ ᠬᠥᠮᠦᠵᠢᠯ ᠪᠣᠯᠪᠠᠰᠤᠷᠠᠯ ᠤ᠋ᠨ ᠲᠦᠪᠰᠢᠨ ᠢ᠋ ᠳᠡᠭᠡᠭᠰᠢᠯᠡᠭᠦᠯᠵᠡᠢ᠃

 

ᠣᠷᠴᠢᠭᠤᠯᠤᠭᠴᠢ᠄  ᠲᠥᠷᠦᠴᠢᠨ

ᠬᠢᠨᠠᠭᠴᠢ᠄  ᠪᠣᠣ ᠭ᠌ᠸ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ