ᠬᠥᠬᠡᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠪᠣᠯᠪᠠᠰᠤᠷᠠᠯ ᠠᠮᠵᠢᠯᠲᠠ  ᠲᠠᠢ ᠲᠡᠭᠦᠰᠪᠡ
ᠢᠷᠡᠯᠲᠡ᠄ ᠬᠥᠬᠡᠬᠣᠲᠠ ᠶ᠋ᠢᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ
2017.11.27

 

ᠦᠨᠳᠦᠰᠦᠲᠡᠨ ᠦ᠌ ᠲᠤᠬᠠᠢ ᠨᠠᠮ ᠪᠠ ᠤᠯᠤᠰ ᠤ᠋ᠨ ᠲᠥᠷᠦ ᠶ᠋ᠢᠨ ᠪᠣᠳᠤᠯᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠵᠤ᠂ ᠮᠠᠨ ᠤ᠋ ᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠠᠵᠢᠯᠲᠠᠨ ᠤ᠋ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠪᠠ ᠣᠨᠤᠯ ᠤ᠋ᠨ ᠲᠦᠪᠰᠢᠨ ᠢ᠋ ᠳᠡᠭᠡᠭᠰᠢᠯᠡᠭᠦᠯᠵᠦ᠂ ᠣᠷᠤᠨ ᠤ᠋ ᠲᠥᠪ ᠦ᠋ᠨ ᠨᠡᠢᠭᠡᠮ ᠦ᠋ᠨ ᠬᠥᠭᠵᠢᠯ᠂ ᠠᠵᠤ ᠠᠬᠤᠢ ᠶ᠋ᠢᠨ ᠴᠡᠴᠡᠭᠯᠡᠯ᠂ ᠰᠣᠶᠤᠯ ᠤ᠋ᠨ ᠤᠯᠠᠮᠵᠢᠯᠠᠯ ᠳ᠋ᠤ᠌ ᠨᠡᠩ ᠰᠠᠢᠨ ᠦᠢᠯᠡᠴᠢᠯᠡᠭᠦᠯᠬᠦ ᠶ᠋ᠢᠨ ᠲᠥᠯᠦᠭᠡ ᠬᠥᠬᠡᠬᠣᠲᠠ ᠶ᠋ᠢᠨ ᠦᠨᠳᠦᠰᠦᠲᠡᠨ ᠦ᠌ ᠵᠥᠪᠯᠡᠯ᠂ ᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠵᠥᠪᠯᠡᠯ ᠡᠴᠡ 11 ᠰᠠᠷ᠎ᠠ ᠶ᠋ᠢᠨ 14 —— 16 ᠤ᠋ ᠡᠳᠦᠷ ᠪᠣᠯᠲᠠᠯ᠎ᠠ ᠪᠥᠬᠦ ᠬᠣᠲᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠪᠣᠯᠪᠠᠰᠤᠷᠠᠯ ᠤ᠋ᠨ ᠠᠩᠭᠢ ᠶ᠋ᠢ ᠡᠷᠬᠢᠯᠡᠪᠡ᠃

ᠡᠨᠡ ᠤᠳᠠᠭᠠᠨ ᠤ᠋ ᠪᠣᠯᠪᠠᠰᠤᠷᠠᠯ  ᠳ᠋ᠤ᠌ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ᠂ ᠥᠪᠦᠷ ᠮᠣᠩᠭᠤᠯ ᠤ᠋ᠨ ᠨᠠᠮ ᠤ᠋ᠨ ᠰᠤᠷᠭᠠᠭᠤᠯᠢ᠂ ᠥᠪᠦᠷ ᠮᠣᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ᠂ ᠵᠢᠨᠢᠩ ᠦ᠋ᠨ ᠪᠠᠭᠰᠢ ᠶ᠋ᠢᠨ ᠳᠡᠭᠡᠳᠦ ᠰᠤᠷᠭᠠᠭᠤᠯᠢ ᠵᠡᠷᠭᠡ ᠪᠠᠢᠭᠤᠯᠭ᠎ᠠ ᠶ᠋ᠢᠨ ᠤᠳᠤᠷᠢᠳᠤᠯᠭ᠎ᠠ᠂ ᠲᠤᠰᠭᠠᠢ ᠮᠡᠷᠭᠡᠵᠢᠯᠲᠡᠨ᠂ ᠫᠷᠣᠹᠧᠰᠰᠣᠷ ᠢ᠋ ᠤᠷᠢᠵᠤ᠂ ᠨᠠᠮ ᠤ᠋ᠨ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠲᠥᠷᠦ ᠶ᠋ᠢᠨ ᠪᠣᠳᠤᠯᠭ᠎ᠠ᠂ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠲᠤᠬᠠᠢ ᠲᠥᠷᠦ ᠶ᠋ᠢᠨ ᠪᠣᠳᠤᠯᠭ᠎ᠠ᠂ ᠮᠣᠩᠭᠤᠯ ᠬᠢᠲᠠᠳ ᠣᠷᠴᠢᠭᠤᠯᠭ᠎ᠠ ᠶ᠋ᠢᠨ ᠣᠨᠤᠯ ᠪᠠ ᠤᠷ᠎ᠠ ᠮᠡᠷᠭᠡᠰᠢᠯ ᠵᠡᠷᠭᠡ ᠠᠭᠤᠯᠭ᠎ᠠ ᠶ᠋ᠢ ᠰᠢᠰᠲ᠋ᠧᠮ ᠲᠠᠢ ᠶᠠᠷᠢᠭᠤᠯᠪᠠ᠃ ᠬᠣᠲᠠ ᠶ᠋ᠢᠨ ᠬᠠᠮᠢᠶ᠎ᠠ ᠪᠥᠬᠦᠢ ᠵᠥᠪᠯᠡᠯ ᠂ ᠠᠯᠪᠠᠨ ᠬᠡᠷ᠂ ᠲᠣᠪᠴᠢᠶ᠎ᠠ᠂ ᠠᠵᠤ ᠠᠬᠤᠢ ᠲᠧᠭᠨᠢᠭ ᠮᠡᠷᠭᠡᠵᠢᠯ ᠦ᠋ᠨ ᠨᠡᠭᠡᠭᠡᠯᠲᠡ ᠶ᠋ᠢᠨ ᠣᠷᠤᠨ᠂ ᠬᠠᠤᠯᠢ ᠴᠠᠭᠠᠵᠠ ᠶ᠋ᠢᠨ ᠭᠤᠷᠪᠠᠨ ᠪᠠᠢᠭᠤᠯᠭ᠎ᠠ ᠶ᠋ᠢᠨ ᠰᠢᠰᠲ᠋ᠧᠮ᠂ ᠵᠠᠷᠢᠮ ᠰᠢᠶᠠᠩ ᠪᠠᠯᠭᠠᠰᠤᠨ ᠤ᠋ ᠵᠠᠰᠠᠭ ᠤ᠋ᠨ ᠣᠷᠳᠤᠨ᠂ ᠡᠯ᠎ᠡ ᠬᠣᠰᠢᠭᠤ ᠰᠢᠶᠠᠨ ᠲᠣᠭᠤᠷᠢᠭ ᠤ᠋ᠨ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ᠂ ᠦᠨᠳᠦᠰᠦᠲᠡᠨ ᠦ᠌ ᠰᠤᠷᠭᠠᠭᠤᠯᠢ ᠪᠣᠯᠤᠨ ᠮᠥᠩᠭᠦᠨ ᠭᠦᠢᠯᠭᠡᠭᠡ᠂ ᠵᠠᠮ ᠬᠠᠷᠢᠯᠴᠠᠭ᠎ᠠ᠂ ᠴᠢᠮᠡᠭᠡ ᠬᠣᠯᠪᠤᠭ᠎ᠠ ᠵᠡᠷᠭᠡ ᠦᠢᠯᠡᠴᠢᠯᠡᠭᠡᠨ ᠦ᠌ ᠨᠢᠭᠡᠴᠢ ᠶ᠋ᠢᠨ 90 ᠭᠠᠷᠤᠢ ᠬᠥᠮᠦᠨ ᠪᠣᠯᠪᠠᠰᠤᠷᠠᠯ ᠳ᠋ᠤ᠌ ᠣᠷᠤᠯᠴᠠᠪᠠ᠃

ᠡᠨᠡ ᠤᠳᠠᠭᠠᠨ ᠤ᠋ ᠪᠣᠯᠪᠠᠰᠤᠷᠠᠯ ᠨᠢ ᠬᠠᠨᠳᠤᠯᠭᠠᠲᠤ ᠰᠢᠨᠵᠢ ᠪᠠ ᠬᠡᠷᠡᠭᠯᠡᠭᠡᠨᠲᠦ ᠰᠢᠨᠵᠢ ᠲᠤᠩ ᠴᠢᠩᠭ᠎ᠠ ᠪᠣᠯᠤᠭᠰᠠᠨ ᠪᠥᠭᠡᠳ ᠲᠤᠰᠭᠠᠢ ᠮᠡᠷᠭᠡᠵᠢᠯ ᠦ᠋ᠨ ᠮᠡᠳᠡᠯᠭᠡ ᠶ᠋ᠢ ᠪᠠᠶᠠᠯᠢᠭᠵᠢᠭᠤᠯᠵᠤ᠂ ᠣᠨᠤᠯ ᠤ᠋ᠨ ᠲᠦᠪᠰᠢᠨ ᠢ᠋ ᠳᠡᠭᠡᠭᠰᠢᠯᠡᠭᠦᠯᠵᠦ᠂ ᠮᠣᠩᠭᠤᠯ ᠬᠡᠯᠡ ᠪᠢᠴᠢᠭ ᠦ᠋ᠨ ᠠᠵᠢᠯᠲᠠᠳ ᠤ᠋ᠨ ᠰᠤᠷᠤᠯᠴᠠᠬᠤ ᠬᠡᠷᠡᠭᠴᠡᠭᠡ ᠶ᠋ᠢ ᠲᠤᠢᠯ ᠤ᠋ᠨ ᠶᠡᠬᠡ ᠪᠡᠷ ᠬᠠᠩᠭᠠᠪᠠ᠃

 

ᠣᠷᠴᠢᠭᠤᠯᠤᠭᠴᠢ᠄  ᠲᠥᠷᠦᠴᠢᠨ

ᠬᠢᠨᠠᠭᠴᠢ᠄  ᠪᠣᠣ ᠭ᠌ᠸ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ