ᠪᠠᠶᠠᠨᠨᠠᠭᠤᠷ ᠬᠣᠲᠠ ᠶ᠋ᠢᠨ ᠤᠷᠠᠳ ᠤ᠋ᠨ ᠬᠣᠢᠲᠤ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ᠋ ᠲᠣᠪᠴᠢᠶ᠎ᠠ ᠪᠦᠬᠦ ᠬᠣᠰᠢᠭᠤᠨ ᠤ᠋ ᠮᠣᠩᠭᠤᠯ ᠬᠢᠲᠠᠳ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠠᠵᠢᠯ ᠢ᠋ ᠲᠥᠪᠯᠡᠷᠡᠭᠦᠯᠦᠨ ᠪᠠᠢᠴᠠᠭᠠᠨ ᠴᠡᠭᠴᠡᠯᠡᠪᠡ
ᠢᠷᠡᠯᠲᠡ᠄ ᠪᠠᠶᠠᠨᠨᠠᠭᠤᠷ ᠬᠣᠲᠠ ᠶ᠋ᠢᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ
2017.11.27

 

ᠡᠨᠡ ᠵᠢᠯ ᠳ᠋ᠦ᠍ ᠪᠠᠶᠠᠨᠨᠠᠭᠤᠷ ᠬᠣᠲᠠ ᠶ᠋ᠢᠨ ᠤᠷᠠᠳ ᠤ᠋ᠨ ᠬᠣᠢᠲᠤ ᠬᠣᠰᠢᠭᠤ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠭᠰᠡᠨ ᠪᠠᠢᠳᠠᠯ ᠢ᠋ ᠪᠠᠢᠴᠠᠭᠠᠨ ᠴᠡᠭᠴᠡᠯᠡᠬᠦ ᠠᠵᠢᠯ ᠢ᠋ ᠡᠷᠴᠢᠮᠲᠡᠢ ᠥᠷᠨᠢᠭᠦᠯᠵᠦ᠂ ᠵᠣᠬᠢᠬᠤ ᠠᠮᠵᠢᠯᠲᠠ ᠣᠯᠪᠠ᠃ ᠨᠢᠭᠡ ᠳ᠋ᠦ᠍᠂ ᠤᠷᠠᠳ ᠤ᠋ᠨ ᠬᠣᠢᠲᠤ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ ᠲᠣᠪᠴᠢᠶᠠᠨ ᠤ᠋ ᠮᠣᠩᠭᠤᠯ ᠬᠡᠯᠡᠨ ᠦ᠌ ᠠᠯᠪᠠᠨ ᠭᠡᠷ ᠡᠴᠡ ᠳᠠᠢᠴᠢᠯᠠᠵᠤ᠂ ᠤᠷᠠᠳ ᠤ᠋ᠨ ᠬᠣᠢᠲᠤ ᠬᠣᠰᠢᠭᠤᠨ ᠤ᠋ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠤᠭᠠᠳᠤ ᠶ᠋ᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠦ᠋ᠨ ᠬᠢᠨᠠᠨ ᠬᠠᠮᠢᠶᠠᠷᠤᠯᠲᠠ ᠶ᠋ᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠣᠶᠠᠷ ᠳᠤᠭᠤᠢᠯᠠᠩ ᠪᠣᠯᠵᠤ᠂ ᠪᠦᠬᠦ ᠬᠣᠰᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠭᠰᠡᠨ ᠠᠵᠢᠯ ᠢ᠋ ᠨᠡᠢᠳᠡᠮ ᠪᠠᠢᠴᠠᠭᠠᠵᠤ᠂ 353 ᠬᠤᠪᠢ ᠬᠤᠭᠤᠴᠠᠭ᠎ᠠ ᠲᠣᠭᠲᠠᠭᠠᠵᠤ ᠵᠠᠰᠠᠨ ᠰᠠᠢᠵᠢᠷᠠᠭᠤᠯᠬᠤ ᠮᠡᠳᠡᠭᠳᠡᠯ ᠦ᠋ᠨ ᠪᠢᠴᠢᠭ ᠪᠠᠭᠤᠯᠭᠠᠪᠠ᠃  ᠪᠠᠢᠴᠠᠭᠠᠭᠰᠠᠨ ᠢ᠋ᠶ᠋ᠠᠷ ᠡᠮᠦᠨ᠎ᠡ ᠬᠡᠳᠦᠨ ᠵᠢᠯ ᠨᠢᠭᠡᠳᠦᠯᠲᠡᠢ ᠵᠣᠬᠢᠶᠠᠭᠰᠠᠨ ᠫᠠᠢᠰᠠ ᠱᠣᠰᠢᠭ᠎ᠠ ᠬᠠᠭᠤᠴᠢᠷᠠᠵᠤ ᠡᠯᠡᠭᠳᠡᠭᠰᠡᠨ᠂  ᠫᠠᠢᠰᠠᠨ ᠳᠡᠭᠡᠷᠡᠬᠢ ᠦᠰᠦᠭ ᠪᠢᠴᠢᠭ ᠨᠢ ᠪᠤᠷᠤᠭᠤᠳᠠᠭᠰᠠᠨ ᠨᠢ ᠣᠯᠠᠩᠬᠢ ᠶ᠋ᠢ ᠡᠵᠡᠯᠡᠵᠦ᠂ ᠮᠣᠩᠭᠤᠯ ᠦᠰᠦᠭ ᠪᠢᠴᠢᠭ ᠦᠭᠡᠢ ᠪᠤᠶᠤ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠦ᠋ᠨ ᠬᠠᠷᠢᠴᠠᠯ ᠲᠡᠩᠴᠡᠭᠦᠷᠢ ᠪᠠᠨ ᠠᠯᠳᠠᠭᠰᠠᠨ ᠫᠠᠢᠰᠠ ᠱᠣᠰᠢᠭ᠎ᠠ ᠴᠥᠭᠡᠩᠭᠢ ᠶ᠋ᠢ ᠡᠵᠡᠯᠡᠪᠡ᠃ ᠬᠣᠶᠠᠷ ᠲᠤ᠌᠂ ᠤᠷᠠᠳ ᠤ᠋ᠨ ᠬᠣᠢᠲᠤ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ ᠲᠣᠪᠴᠢᠶᠠᠨ ᠤ᠋ ᠮᠣᠩᠭᠤᠯ ᠬᠡᠯᠡᠨ ᠦ᠌ ᠠᠯᠪᠠᠨ ᠭᠡᠷ ᠪᠠᠢᠴᠠᠭᠠᠵᠤ ᠢᠯᠡᠷᠡᠭᠦᠯᠦᠭᠰᠡᠨ ᠠᠰᠠᠭᠤᠳᠠᠯ ᠲᠠᠢ ᠫᠠᠢᠰᠠ ᠱᠣᠰᠢᠭ᠎ᠠ ᠶ᠋ᠢ ᠰᠢᠪᠠᠳᠠᠨ ᠵᠠᠰᠠᠭᠤᠯᠪᠠ᠃ ᠵᠠᠰᠠᠨ ᠴᠡᠭᠴᠡᠯᠡᠬᠦ ᠠᠵᠢᠯ ᠢ᠋ ᠪᠦᠲᠦᠮᠵᠢᠲᠡᠢ ᠪᠡᠶᠡᠯᠡᠭᠦᠯᠬᠦ ᠶ᠋ᠢᠨ ᠲᠥᠯᠦᠭᠡ ᠤᠷᠠᠳ ᠤ᠋ᠨ ᠬᠣᠢᠲᠤ ᠬᠣᠰᠢᠭᠤᠨ ᠤ᠋ ᠦᠨᠳᠦᠰᠦᠲᠡᠨ ᠱᠠᠰᠢᠨ ᠰᠤᠷᠲᠠᠬᠤᠨ ᠤ ᠲᠣᠪᠴᠢᠶ᠎ᠠ ᠲᠤᠰᠭᠠᠢ ᠨᠢᠭᠡ ᠤᠷᠠᠯᠢᠭ ᠤ᠋ᠨ ᠠᠵᠢᠯ ᠤ᠋ᠨ ᠭᠠᠵᠠᠷ ᠢ᠋ ᠲᠣᠭᠲᠠᠭᠠᠵᠤ᠂ ᠪᠠᠢᠴᠠᠭᠠᠬᠤ ᠶ᠋ᠢᠨ ᠳᠠᠭᠠᠤ ᠵᠠᠰᠠᠭᠤᠯᠵᠤ᠂ ᠠᠬᠤᠢ ᠲᠠᠯᠠᠪᠠᠢ ᠳ᠋ᠤ᠌ ᠵᠠᠰᠠᠵᠤ ᠪᠣᠯᠬᠤ ᠶ᠋ᠢ ᠨᠢ ᠠᠬᠤᠢ ᠲᠠᠯᠠᠪᠠᠢ ᠳ᠋ᠤᠨᠢ ᠵᠠᠰᠠᠵᠤ᠂ ᠠᠬᠤᠢ ᠲᠠᠯᠠᠪᠠᠢ ᠳ᠋ᠤ᠌ ᠵᠠᠰᠠᠵᠤ ᠳᠡᠢᠯᠬᠦ ᠦᠭᠡᠢ ᠶ᠋ᠢ ᠨᠢ ᠳᠠᠩᠰᠠᠯᠠᠵᠤ᠂ ᠨᠢᠭᠡ ᠨᠢᠭᠡ ᠪᠡᠷ ᠵᠠᠰᠠᠭᠠᠳ᠂ ᠨᠢᠭᠡ ᠰᠠᠷ᠎ᠠ ᠶ᠋ᠢᠨ ᠳᠣᠲᠤᠷ᠎ᠠ 353 ᠳᠦᠷᠢᠮᠵᠢᠭᠦᠨ ᠪᠤᠰᠤ ᠫᠠᠢᠰᠠ ᠱᠣᠰᠢᠭ᠎ᠠ ᠶ᠋ᠢ ᠵᠠᠰᠠᠵᠤ ᠴᠡᠭᠴᠡᠯᠡᠬᠦ ᠡᠭᠦᠷᠭᠡ ᠶ᠋ᠢ ᠪᠡᠶᠡᠯᠡᠭᠦᠯᠵᠦ᠂ ᠤᠷᠠᠳ ᠤ᠋ᠨ ᠬᠣᠢᠲᠤ ᠬᠣᠰᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠦᠰᠦᠭ ᠪᠢᠴᠢᠭ ᠢ᠋ ᠵᠡᠷᠭᠡ ᠪᠡᠷ ᠬᠡᠷᠡᠭᠯᠡᠭᠰᠡᠨ ᠨᠣᠷᠮ᠎ᠠ᠂ ᠣᠨᠤᠪᠴᠢ ᠶ᠋ᠢᠨ ᠨᠣᠷᠮ᠎ᠠ ᠶ᠋ᠢ ᠵᠠᠰᠠᠵᠤ ᠴᠡᠭᠴᠡᠯᠡᠬᠦ ᠬᠠᠷᠠᠯᠲᠠ ᠳ᠋ᠤ᠌ ᠬᠦᠷᠭᠡᠪᠡ᠃

 

ᠣᠷᠴᠢᠭᠤᠯᠤᠭᠴᠢ᠄  ᠲᠥᠷᠦᠴᠢᠨ

ᠬᠢᠨᠠᠭᠴᠢ᠄  ᠪᠣᠣ ᠭ᠌ᠸ 

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ