ᠪᠦᠬᠦ ᠣᠷᠤᠨ ᠤ᠋ ᠲᠠᠪᠤᠳᠤᠭᠠᠷ ᠤᠳᠠᠭᠠᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶ᠋ᠢᠨ ᠬᠤᠷᠠᠯ ᠪᠣᠯᠤᠨ ᠪᠦᠬᠦ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠰᠢᠰᠲ᠋ᠧᠮ ᠦ᠋ᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠪᠣᠯᠪᠠᠰᠤᠷᠠᠯ ᠠᠯᠠᠱᠠ ᠳ᠋ᠤ᠌ ᠪᠣᠯᠪᠠ
ᠢᠷᠡᠯᠲᠡ᠄ ᠦᠨᠳᠦᠰᠦᠲᠡᠨ ᠦ᠌ ᠬᠡᠯᠡ ᠪᠢᠴᠢᠭ ᠦ᠋ᠨ ᠭᠠᠵᠠᠷ
2017.12.05

ᠮᠠᠨ ᠤ᠋ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠢ᠋ ᠤᠯᠠᠮ ᠰᠠᠢᠲᠤᠷ ᠬᠢᠵᠦ᠂ ᠪᠦᠬᠦ ᠣᠷᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠶ᠋ᠢ ᠴᠡᠭᠴᠡᠯᠡᠨ ᠳᠦᠷᠢᠮᠵᠢᠭᠦᠯᠬᠦ ᠠᠵᠢᠯ ᠤ᠋ᠨ ᠠᠬᠢᠴᠠ ᠶ᠋ᠢ ᠲᠦᠷᠭᠡᠳᠭᠡᠵᠦ᠂ 2016 ᠣᠨ ᠠ᠋ᠴᠠ ᠨᠠᠭᠠᠰᠢᠬᠢ ᠡᠯ᠎ᠡ ᠭᠠᠵᠠᠷ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠷᠰᠢᠯᠭ᠎ᠠ ᠪᠣᠯᠤᠨ ᠠᠷᠭ᠎ᠠ ᠶ᠋ᠢ ᠳ᠋ᠦᠩᠨᠡᠨ ᠰᠣᠯᠢᠯᠴᠠᠬᠤ ᠶ᠋ᠢᠨ ᠲᠥᠯᠦᠭᠡ 11 ᠰᠠᠷ᠎ᠠ ᠶ᠋ᠢᠨ 28 ᠡᠴᠡ 12 ᠰᠠᠷ᠎ᠠ ᠶ᠋ᠢᠨ 1  ᠤ᠋ ᠡᠳᠦᠷ ᠪᠣᠯᠲᠠᠯ᠎ᠠ ᠠᠯᠠᠱᠠ ᠠᠢᠮᠠᠭ ᠲᠤ᠌ ᠪᠦᠬᠦ ᠣᠷᠤᠨ ᠤ᠋ ᠲᠠᠪᠤᠳᠤᠭᠠᠷ ᠤᠳᠠᠭᠠᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶ᠋ᠢᠨ ᠬᠤᠷᠠᠯ ᠪᠣᠯᠤᠨ ᠪᠦᠬᠦ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠰᠢᠰᠲ᠋ᠧᠮ ᠦ᠋ᠨ ᠮᠣᠩᠭᠤᠯ ᠬᠡᠯᠡ ᠪᠢᠴᠢᠭ ᠦ᠋ᠨ ᠠᠵᠢᠯ ᠤ᠋ᠨ ᠪᠣᠯᠪᠠᠰᠤᠷᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠡᠷᠬᠢᠯᠡᠭᠴᠢ ᠴᠢ ᠵᠢᠨ ᠢᠦᠢ ᠬᠤᠷᠠᠯ ᠳ᠋ᠤ᠌ ᠣᠷᠤᠯᠴᠠᠵᠤ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ ᠳ᠋ᠦᠩᠨᠡᠯᠲᠡ ᠶ᠋ᠢᠨ ᠶᠠᠷᠢᠶ᠎ᠠ ᠲᠠᠯᠪᠢᠵᠠᠢ᠃ ᠪᠦᠬᠦ ᠣᠷᠤᠨ ᠤ᠋ 12 ᠠᠢᠮᠠᠭ ᠬᠤᠳᠠ ᠪᠣᠯᠤᠨ ᠮᠠᠨᠵᠤᠤᠷ  ᠬᠣᠲᠠ᠂ ᠡᠷᠢᠶᠡᠨ ᠬᠤᠳᠠ᠂ ᠡᠯ᠎ᠡ ᠬᠣᠰᠢᠭᠤ ᠰᠢᠶᠠᠨ ᠲᠣᠭᠤᠷᠢᠭ ᠤ᠋ᠨ ᠦᠨᠳᠦᠰᠦᠲᠡᠨ ᠦ᠌ ᠠᠵᠢᠯ ᠤ᠋ᠨ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠣᠯᠪᠤᠭᠳᠠᠯ ᠪᠦᠬᠦᠢ ᠭᠠᠵᠠᠷ᠂ ᠠᠯᠪᠠᠨ ᠭᠡᠷ ᠦ᠋ᠨ 160  ᠢᠯᠡᠭᠦᠦ ᠬᠥᠮᠦᠨ ᠬᠤᠷᠠᠯ ᠳ᠋ᠤ᠌ ᠣᠷᠤᠯᠴᠠᠵᠠᠢ᠃

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠨᠠᠮ ᠤ᠋ᠨ ᠳᠤᠭᠤᠢᠯᠠᠩ ᠤ᠋ᠨ ᠱᠦᠵᠢ᠂ ᠡᠷᠬᠢᠯᠡᠭᠴᠢ ᠴᠢ ᠵᠢᠨ ᠢᠦᠢ ᠨᠥᠬᠦᠷ ᠶᠠᠷᠢᠶᠠᠨ ᠳ᠋ᠠᠭᠠᠨ ᠳᠥᠷᠪᠡᠳᠦᠭᠡᠷ ᠤᠳᠠᠭᠠᠨ ᠤ᠋ ᠠᠬᠤᠢ ᠲᠠᠯᠠᠪᠠᠢ ᠶ᠋ᠢᠨ ᠬᠤᠷᠠᠯ ᠠ᠋ᠴᠠ ᠨᠠᠭᠠᠰᠢᠬᠢ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠣᠯᠤᠭᠰᠠᠨ ᠠᠮᠵᠢᠯᠲᠠ ᠪᠣᠯᠤᠨ ᠬᠠᠮᠢᠶᠠᠷᠤᠯᠲᠠ ᠶ᠋ᠢᠨ ᠰᠢᠨ᠎ᠡ ᠶ᠋ᠢ ᠡᠭᠦᠳᠦᠭᠰᠡᠨ ᠢ᠋ ᠭᠦᠢᠴᠡᠳ ᠨᠤᠲᠠᠯᠠᠵᠤ᠂ ᠬᠣᠢᠰᠢᠳᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ᠂ ᠣᠨᠴᠠᠭᠠᠢᠯᠠᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ  ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠬᠡᠷᠬᠢᠨ  ᠵᠢᠯᠤᠭᠤᠳᠤᠭᠤᠯᠵᠤ᠂ ᠥᠪᠡᠷᠲᠡᠭᠡᠨ ᠵᠠᠰᠠᠬᠤ ᠣᠷᠤᠨ ᠤ᠋ ᠵᠠᠰᠠᠭ ᠤ᠋ᠨ ᠣᠷᠳᠤᠨ ᠪᠦᠬᠦ ᠣᠷᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠶ᠋ᠢ ᠴᠡᠭᠴᠡᠯᠡᠨ ᠳᠦᠷᠢᠮᠵᠢᠭᠦᠯᠬᠦ ᠠᠵᠢᠯ ᠤ᠋ᠨ ᠡᠭᠦᠷᠭᠡ ᠶ᠋ᠢ ᠤᠯᠠᠮ ᠰᠠᠢᠲᠤᠷ ᠪᠡᠶᠡᠯᠡᠭᠦᠯᠬᠦ ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠴᠠᠢ᠃

ᠴᠢ ᠵᠢᠨ ᠢᠦᠢ ᠨᠥᠬᠦᠷ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠨᠢ ᠦᠨᠳᠦᠰᠦᠲᠡᠨ ᠦ᠌ ᠠᠵᠢᠯ ᠳ᠋ᠤ᠌ ᠴᠢᠬᠤᠯᠠ ᠶᠡᠬᠡ ᠪᠠᠢᠷᠢᠯᠠᠭᠤᠯᠤᠯᠲᠠ ᠬᠢᠵᠦ᠂ 《 ᠦᠨᠳᠦᠰᠦᠲᠡᠨ ᠦ᠌ ᠲᠤᠬᠠᠢ ᠨᠠᠮ ᠤ᠋ᠨ ᠲᠥᠷᠦ ᠶ᠋ᠢᠨ ᠪᠣᠳᠤᠯᠭ᠎ᠠ ᠶ᠋ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢᠨ ᠬᠥᠮᠦᠵᠢᠯ ᠢ᠋ ᠭᠦᠨᠵᠡᠭᠡᠢᠷᠡᠭᠦᠯᠵᠦ᠂ ᠳᠤᠮᠳᠠᠳᠤ ᠶ᠋ᠢᠨ ᠦᠨᠳᠦᠰᠦᠲᠡᠨ ᠦ᠌ ᠨᠢᠭᠡᠳᠦᠮᠡᠯ ᠴᠣᠭᠴᠠ ᠶ᠋ᠢᠨ ᠤᠬᠠᠮᠰᠠᠷ ᠢ᠋ ᠪᠠᠲᠤᠳᠭᠠᠵᠤ᠂ ᠡᠯ᠎ᠡ ᠦᠨᠳᠦᠰᠦᠲᠡᠨ ᠦ᠌ ᠶᠠᠪᠤᠯᠴᠠᠭ᠎ᠠ ᠰᠣᠯᠢᠯᠴᠠᠭ᠎ᠠ ᠨᠢᠭᠲᠠᠷᠠᠯᠴᠠᠭ᠎ᠠ ᠶ᠋ᠢ ᠴᠢᠩᠭᠠᠳᠭᠠᠵᠤ᠂ ᠡᠯ᠎ᠡ ᠦᠨᠳᠦᠰᠦᠲᠡᠨ ᠠᠨᠠᠷ ᠤ᠋ᠨ ᠦᠷ᠎ᠡ ᠮᠡᠲᠦ ᠨᠢᠭᠲᠠᠷᠠᠬᠤ ᠶ᠋ᠢ ᠠᠬᠢᠭᠤᠯᠵᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠬᠡᠷᠡᠭᠲᠡᠢ》 ᠭᠡᠵᠦ ᠵᠢᠭᠠᠵᠤ ᠭᠠᠷᠭᠠᠭᠰᠠᠨ ᠪᠥᠭᠡᠳ ᠪᠢᠳᠡᠨ ᠦ᠌ ᠰᠢᠨ᠎ᠡ ᠴᠠᠭ ᠦᠶ᠎ᠡ ᠶ᠋ᠢᠨ ᠦᠨᠳᠦᠰᠦᠲᠡᠨ ᠦ᠌ ᠠᠵᠢᠯ ᠢ᠋ ᠤᠯᠠᠮ ᠰᠠᠢᠲᠤᠷ ᠬᠢᠬᠦ ᠴᠢᠭᠯᠡᠯ ᠢ᠋ ᠵᠢᠭᠠᠵᠤ ᠥᠭᠴᠡᠢ ᠭᠡᠰᠡᠨ ᠪᠠᠢᠨ᠎ᠠ᠃ ᠴᠢ ᠵᠢᠨ ᠢᠦᠢ ᠨᠥᠬᠦᠷ ᠬᠡᠯᠡᠬᠦ ᠳ᠋ᠡᠭᠡᠨ᠂ ᠪᠢᠳᠡ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠰᠢ ᠵᠢᠨ ᠫᠢᠩ ᠶᠡᠷᠦᠩᠬᠡᠢ ᠱᠦᠵᠢ ᠶ᠋ᠢᠨ ᠦᠨᠳᠦᠰᠦᠲᠡᠨ ᠦ᠌ ᠠᠵᠢᠯ᠂ ᠰᠣᠶᠤᠯ ᠤ᠋ᠨ ᠠᠵᠢᠯ ᠤ᠋ᠨ ᠲᠤᠬᠠᠢ ᠰᠢᠨ᠎ᠡ ᠦᠵᠡᠯ ᠰᠠᠨᠠᠭ᠎ᠠ᠂ ᠰᠢᠨ᠎ᠡ ᠱᠠᠭᠠᠷᠳᠠᠯᠭ᠎ᠠ ᠶ᠋ᠢᠨ ᠲᠣᠭᠤᠷᠢᠨ ᠳ᠋ᠤ᠌ ᠨᠢᠭᠲᠠᠷᠠᠵᠤ᠂ ᠮᠠᠨ ᠤ᠋ ᠣᠷᠤᠨ ᠤ᠋ ᠪᠣᠳᠠᠲᠤ ᠪᠠᠢᠳᠠᠯ ᠲᠠᠢ ᠤᠶᠠᠯᠳᠤᠭᠤᠯᠵᠤ᠂ ᠬᠣᠢᠰᠢᠳᠠ ᠶ᠋ᠢᠨ ᠮᠣᠩᠭᠤᠯ ᠬᠡᠯᠡ ᠪᠢᠴᠢᠭ ᠦ᠋ᠨ ᠠᠵᠢᠯ ᠢ᠋ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠮᠣᠩᠭᠤᠯ ᠬᠡᠯᠡ ᠪᠢᠴᠢᠭ ᠦ᠋ᠨ ᠦᠢᠯᠡᠰ ᠦ᠋ᠨ ᠪᠠᠢᠷᠢ ᠰᠠᠭᠤᠷᠢ ᠦᠢᠯᠡᠳᠦᠯ ᠢ᠋ ᠭᠦᠨᠵᠡᠭᠡᠢ ᠮᠡᠳᠡᠷᠡᠵᠦ᠂ ᠰᠢᠨ᠎ᠡ ᠪᠠᠢᠳᠠᠯ ᠳᠣᠣᠷᠠᠬᠢ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠪᠠᠨ ᠦᠨᠡᠨ ᠬᠦ  ᠳᠡᠭᠡᠭᠰᠢᠯᠡᠭᠦᠯᠬᠦ ᠬᠡᠷᠡᠭᠲᠡᠢ᠃  ᠨᠠᠮ ᠪᠣᠯᠤᠨ ᠠᠷᠠᠳ ᠲᠦᠮᠡᠨ ᠦ᠌ ᠪᠢᠳᠡᠨ ᠳ᠋ᠦ᠍ ᠣᠯᠭᠤᠭᠰᠠᠨ ᠢᠷᠠᠭᠤ ᠠᠯᠳᠠᠷᠲᠤ ᠡᠭᠦᠷᠭᠡ ᠶ᠋ᠢ ᠵᠥᠪ ᠲᠠᠨᠢᠵᠤ᠂ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶ᠎ᠠ ᠶ᠋ᠢᠨ ᠦᠨᠳᠦᠰᠦᠲᠡᠨ ᠦ᠌ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠣᠩᠭᠤᠯ ᠬᠡᠯᠡ ᠦᠰᠦᠭ ᠪᠢᠴᠢᠭ ᠦ᠋ᠨ ᠠᠵᠢᠯ ᠤ᠋ᠨ ᠴᠢᠬᠤᠯᠠ ᠪᠠᠢᠷᠢ ᠰᠠᠭᠤᠷᠢ ᠂ ᠦᠢᠯᠡᠳᠦᠯ ᠦ᠋ᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠮᠣᠩᠭᠤᠯ ᠬᠡᠯᠡ ᠦᠰᠦᠭ ᠪᠢᠴᠢᠭ ᠦ᠋ᠨ ᠠᠵᠢᠯ  ᠢ᠋ ᠠᠬᠢᠭᠤᠯᠬᠤ ᠰᠢᠨ᠎ᠡ ᠠᠷᠭ᠎ᠠ ᠠᠪᠴᠠᠯ᠂ ᠰᠢᠨ᠎ᠡ ᠠᠷᠭ᠎ᠠ ᠶ᠋ᠢ  ᠨᠢᠮᠪᠠᠢ ᠲᠣᠭᠲᠠᠭᠠᠵᠤ᠂ ᠮᠣᠩᠭᠤᠯ ᠬᠡᠯᠡ ᠪᠢᠴᠢᠭ ᠦ᠋ᠨ ᠪᠣᠯᠪᠠᠰᠤᠷᠠᠯ ᠰᠢᠯᠭᠠᠯᠲᠠ᠂ ᠡᠷᠳᠡᠮ ᠰᠢᠨᠵᠢᠯᠡᠭᠡᠨ ᠦ᠌ ᠡᠷᠴᠢᠮ ᠢ᠋ ᠤᠯᠠᠮ  ᠴᠢᠩᠭᠠᠷᠠᠭᠤᠯᠵᠤ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠭᠰᠡᠨ ᠪᠠᠢᠳᠠᠯ ᠤ᠋ᠨ ᠬᠢᠨᠠᠨ ᠪᠠᠢᠴᠠᠭᠠᠯᠲᠠ ᠶ᠋ᠢ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠨᠡᠢᠭᠡᠮ ᠦ᠋ᠨ ᠬᠡᠷᠡᠭᠯᠡᠭᠡ ᠶ᠋ᠢ ᠳᠦᠷᠢᠮᠵᠢᠭᠦᠯᠵᠦ᠂ ᠮᠣᠩᠭᠤᠯ ᠬᠡᠯᠡ ᠪᠢᠴᠢᠭ ᠦ᠋ᠨ ᠳᠦᠷᠢᠮᠵᠢᠭᠰᠡᠨ ᠬᠠᠮᠢᠶᠠᠷᠤᠯᠲᠠ ᠶ᠋ᠢ ᠠᠬᠢᠭᠤᠯᠵᠤ᠂ ᠮᠣᠩᠭᠤᠯ ᠬᠡᠯᠡ ᠦᠰᠦᠭ ᠪᠢᠴᠢᠭ ᠦ᠋ᠨ ᠡᠬᠢ ᠪᠠᠶᠠᠯᠢᠭ ᠤ᠋ᠨ ᠲᠣᠭᠠᠵᠢᠭᠤᠯᠤᠯᠲᠠ ᠶ᠋ᠢᠨ ᠪᠠᠢᠭᠤᠯᠤᠯᠲᠠ ᠶ᠋ᠢᠨ ᠠᠯᠬᠤᠮ ᠢ᠋  ᠲᠦᠷᠭᠡᠳᠭᠡᠬᠦ ᠬᠡᠷᠡᠭᠲᠡᠢ ᠭᠡᠵᠡᠢ᠃

ᠴᠢ ᠵᠢᠨ ᠢᠦᠢ ᠨᠥᠬᠦᠷ ᠴᠢᠬᠤᠯᠠᠴᠢᠯᠠᠭᠰᠠᠨ ᠨᠢ᠂ ᠪᠢᠳᠡ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ  ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠵᠢᠯ ᠤ᠋ᠨ ᠨᠠᠢᠳᠠᠪᠤᠷᠢᠵᠢᠯ ᠢ᠋ ᠪᠦᠬᠦ ᠬᠦᠴᠦᠨ ᠢ᠋ᠶ᠋ᠡᠷ ᠠᠬᠢᠭᠤᠯᠬᠤ ᠬᠡᠷᠡᠭᠲᠡᠢ᠃ 《ᠮᠣᠩᠭᠤᠯ ᠬᠡᠯᠡ ᠪᠢᠴᠢᠭ ᠦ᠋ᠨ ᠠᠵᠢᠯ ᠤ᠋ᠨ ᠳᠦᠷᠢᠮ》 ᠢ᠋ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠤᠨ ᠤ᠋ ᠬᠣᠯᠪᠤᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ《 ᠮᠣᠩᠭᠤᠯ ᠬᠡᠯᠡ ᠪᠢᠴᠢᠭ ᠦ᠋ᠨ ᠠᠵᠢᠯ ᠤ᠋ᠨ ᠳᠦᠷᠢᠮ ᠢ᠋ ᠬᠡᠷᠡᠭᠵᠢᠭᠦᠯᠬᠦ ᠨᠠᠷᠢᠨ ᠳᠦᠷᠢᠮ》 ᠪᠣᠯᠤᠨ 《ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠠᠷᠭ᠎ᠠ》 ᠶ᠋ᠢᠨ ᠨᠡᠢᠲᠡᠯᠡᠭᠳᠡᠬᠦ ᠶ᠋ᠢ ᠠᠬᠢᠭᠤᠯᠵᠤ᠂ ᠮᠣᠩᠭᠤᠯ ᠬᠡᠯᠡ ᠪᠢᠴᠢᠭ ᠦ᠋ᠨ ᠬᠠᠤᠯᠢᠵᠢᠯᠲᠠ ᠶ᠋ᠢᠨ ᠠᠬᠢᠴᠠ ᠶ᠋ᠢ ᠲᠦᠷᠭᠡᠳᠭᠡᠵᠦ᠂ ᠮᠠᠨ ᠤ᠋ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠰᠢᠨ᠎ᠡ ᠳᠦᠷᠰᠦ ᠪᠠᠢᠳᠠᠯ ᠢ᠋ ᠴᠢᠷᠮᠠᠢᠨ ᠡᠭᠦᠳᠦᠰᠦᠭᠡᠢ ᠭᠡᠵᠡᠢ᠃

ᠴᠢ ᠵᠢᠨ ᠢᠦᠢ ᠨᠥᠬᠦᠷ ᠱᠠᠭᠠᠷᠳᠠᠭᠰᠠᠨ ᠨᠢ᠂ ᠦᠵᠡᠯ ᠤᠬᠠᠮᠰᠠᠷ ᠤ᠋ᠨ ᠬᠦᠷᠢᠶᠡᠨ ᠳ᠋ᠡᠬᠢ ᠠᠵᠢᠯ ᠢ᠋ ᠤᠯᠠᠮ ᠴᠢᠩᠭᠠᠳᠭᠠᠵᠤ᠂ ᠶᠠᠷᠢᠶ᠎ᠠ ᠬᠡᠯᠡᠯᠴᠡᠭᠡᠨ ᠦ᠌ ᠵᠥᠪ ᠴᠢᠭᠯᠡᠯ ᠢ᠋ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠦᠨᠳᠦᠰᠦᠯᠡᠯ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠪᠤᠶᠤ ᠰᠢᠢᠳᠪᠦᠷᠢᠯᠡᠵᠦ᠂ ᠮᠠᠨ ᠤ᠋ ᠣᠷᠤᠨ ᠤ᠋ ᠭᠣᠣᠯ ᠪᠣᠯᠬᠤ ᠵᠠᠭᠤᠴᠢᠯᠠᠭᠤᠷ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠵᠥᠪ ᠲᠠᠯ᠎ᠠ ᠪᠠᠷ ᠵᠢᠯᠤᠭᠤᠳᠴᠤ᠂ ᠪᠤᠷᠤᠭᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶ᠋ᠢ ᠬᠣᠷᠢᠭᠯᠠᠵᠤ᠂ ᠵᠥᠪ ᠶᠠᠷᠢᠶ᠎ᠠ ᠬᠡᠯᠡᠯᠴᠡᠭᠡ ᠪᠡᠷ ᠬᠥᠮᠦᠰ ᠢ᠋ ᠳᠠᠭᠠᠭᠤᠯᠬᠤ ᠶ᠋ᠢ ᠪᠠᠷᠢᠮᠲᠠᠯᠠᠬᠤ ᠬᠡᠷᠡᠭᠲᠡᠢ᠃ ᠳᠠᠭᠠᠤ ᠳ᠋ᠤ᠌ ᠶᠠᠷᠢᠶ᠎ᠠ ᠬᠡᠯᠡᠯᠴᠡᠭᠡᠨ ᠦ᠌ ᠬᠢᠨᠠᠨ ᠬᠠᠮᠢᠶᠠᠷᠤᠯᠲᠠ ᠪᠠᠨ ᠴᠢᠩᠭᠠᠳᠭᠠᠵᠤ᠂ ᠤᠯᠤᠰ ᠲᠥᠷᠦ ᠶ᠋ᠢᠨ ᠰᠡᠷᠭᠡᠭ ᠴᠢᠨᠠᠷ ᠢ᠋ᠶ᠋ᠠᠨ ᠦᠨᠡᠨ ᠬᠦ ᠳᠡᠭᠡᠭᠰᠢᠯᠡᠭᠦᠯᠵᠦ᠂ ᠶᠠᠷᠢᠶ᠎ᠠ ᠬᠡᠯᠡᠯᠴᠡᠭᠡᠨ ᠦ᠌ ᠬᠠᠮᠢᠶᠠᠷᠤᠯᠲᠠ ᠪᠣᠯᠤᠨ ᠠᠷᠭᠠᠴᠠᠭᠠᠬᠤ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠬᠤ ᠬᠡᠷᠡᠭᠲᠡᠢ᠃ ᠭᠣᠣᠯ ᠬᠥᠭ ᠠᠶᠠᠰ ᠢ᠋ ᠴᠤᠤᠷᠢᠶᠠᠲᠤᠭᠤᠯᠤᠨ ᠵᠥᠪ  ᠡᠨᠧᠷᠭᠢ  ᠶ᠋ᠢ ᠤᠯᠠᠮᠵᠢᠯᠠᠵᠤ᠂ ᠰᠢᠨ᠎ᠡ ᠡᠭᠦᠳᠦᠯᠲᠡ ᠪᠣᠯᠤᠨ ᠬᠥᠭᠵᠢᠯᠲᠡ ᠶ᠋ᠢ ᠶᠠᠷᠢᠶ᠎ᠠ ᠬᠡᠯᠡᠯᠴᠡᠭᠡᠨ ᠦ᠌ ᠭᠣᠣᠯ ᠤᠷᠤᠰᠭᠠᠯ  ᠪᠣᠯᠭᠠᠬᠤ ᠬᠡᠷᠡᠭᠲᠡᠢ ᠭᠡᠵᠡᠢ᠃

ᠴᠢ ᠵᠢᠨ ᠢᠦᠢ ᠨᠥᠬᠦᠷ᠂  ᠺᠠᠳ᠋ᠷ ᠤ᠋ᠨ ᠡᠩᠨᠡᠭᠡᠨ ᠦ᠌ ᠪᠠᠢᠭᠤᠯᠤᠯᠲᠠ ᠶ᠋ᠢ ᠤᠯᠠᠮ ᠴᠢᠩᠭᠠᠳᠭᠠᠵᠤ᠂ ᠰᠢᠨ᠎ᠡ ᠪᠠᠢᠳᠠᠯ ᠳᠣᠣᠷᠠᠬᠢ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠢᠶᠠᠷᠤᠯᠲᠠ ᠶ᠋ᠢᠨ ᠬᠢᠷᠢ ᠲᠦᠪᠰᠢᠨ ᠢ᠋ ᠴᠢᠷᠮᠠᠢᠨ  ᠳᠡᠭᠡᠭᠰᠢᠯᠡᠭᠦᠯᠬᠦ ᠬᠡᠷᠡᠭᠲᠡᠢ᠃ ᠵᠥᠪ  ᠣᠨᠤᠪᠴᠢᠲᠠᠢ ᠴᠢᠳᠠᠪᠤᠷᠢᠲᠠᠨ ᠤ᠋ ᠦᠵᠡᠯᠲᠡ ᠶ᠋ᠢ ᠪᠤᠢ ᠪᠣᠯᠭᠠᠵᠤ᠂ ᠮᠡᠳᠡᠯᠭᠡ ᠶ᠋ᠢ ᠬᠦᠨᠳᠦᠳᠭᠡᠵᠦ᠂ ᠴᠢᠳᠠᠪᠤᠷᠢᠲᠠᠨ ᠢ᠋ ᠴᠢᠬᠤᠯᠠᠴᠢᠯᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠬᠤ ᠪᠠᠷ ᠰᠠᠭᠤᠷᠢ ᠪᠣᠯᠭᠠᠵᠤ᠂ ᠠᠯᠤᠰ ᠤ᠋ᠨ ᠲᠣᠮᠤ ᠤᠴᠢᠷ ᠪᠣᠯᠭᠠᠨ ᠠᠳᠭᠤᠵᠤ᠂ ᠬᠥᠮᠦᠨ ᠰᠣᠩᠭᠤᠬᠤ᠂ ᠬᠥᠮᠦᠨ ᠬᠡᠷᠡᠭᠯᠡᠬᠦ  ᠪᠣᠭᠤᠮᠲᠠ ᠶ᠋ᠢ ᠴᠢᠩᠭ᠎ᠠ ᠬᠠᠮᠢᠶᠠᠷᠴᠤ᠂ ᠪᠣᠯᠪᠠᠰᠤᠷᠠᠯ ᠰᠤᠷᠭᠠᠯᠲᠠ ᠪᠠᠨ ᠴᠢᠩᠭᠠᠳᠭᠠᠵᠤ᠂ ᠤᠯᠤᠰ ᠲᠥᠷᠦ ᠶ᠋ᠢᠨ ᠪᠠᠲᠤ ᠤᠬᠠᠮᠰᠠᠷ ᠲᠠᠢ᠂ ᠠᠵᠢᠯ ᠤ᠋ᠨ ᠬᠢᠷᠢ ᠲᠦᠪᠰᠢᠨ ᠥᠨᠳᠦᠷ᠂ ᠰᠢᠯᠢᠳᠡᠭ ᠰᠤᠷᠲᠠᠯ ᠲᠠᠢ᠂ ᠲᠣᠭ᠎ᠠ ᠨᠢ ᠲᠣᠬᠢᠷᠠᠮᠵᠢᠲᠠᠢ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋  ᠨᠢᠭᠡ ᠪᠦᠯᠦᠭ ᠡᠩᠨᠡᠭᠡ ᠶ᠋ᠢ ᠴᠢᠷᠮᠠᠢᠨ ᠪᠠᠢᠭᠤᠯᠵᠤ᠂ ᠰᠢᠨ᠎ᠡ ᠪᠠᠢᠳᠠᠯ ᠳᠣᠣᠷᠠᠬᠢ ᠮᠣᠩᠭᠤᠯ ᠬᠡᠯᠡ ᠪᠢᠴᠢᠭ ᠦ᠋ᠨ ᠠᠵᠢᠯ ᠢ᠋ ᠰᠠᠢᠲᠤᠷ ᠬᠢᠬᠦ ᠳ᠋ᠦ᠍ ᠴᠢᠳᠠᠪᠤᠷᠢᠲᠠᠨ ᠤ᠋ ᠲᠤᠯᠭᠠᠭᠤᠷᠢᠯᠠᠬᠤ ᠦᠢᠯᠡᠳᠦᠯ ᠢ᠋ ᠬᠠᠩᠭᠠᠬᠤ ᠬᠡᠷᠡᠭᠲᠡᠢ ᠭᠡᠵᠦ ᠱᠠᠭᠠᠷᠳᠠᠵᠠᠢ᠃

12 ᠠᠢᠮᠠᠭ ᠬᠤᠳᠠ ᠶ᠋ᠢᠨ 13 ᠪᠠᠢᠭᠤᠯᠭ᠎ᠠ ᠬᠤᠷᠠᠯ ᠳᠡᠭᠡᠷ᠎ᠡ ᠲᠤᠰ ᠭᠠᠵᠠᠷ ᠣᠷᠤᠨ ᠤ᠋ ᠪᠠᠨ ᠣᠷᠴᠢᠮ ᠤ᠋ᠨ ᠵᠢᠯ ᠦ᠋ᠳ ᠦ᠋ᠨ ᠮᠣᠩᠭᠤᠯ ᠬᠡᠯᠡ ᠪᠢᠴᠢᠭ ᠦ᠋ᠨ ᠠᠵᠢᠯ ᠪᠣᠯᠤᠨ ᠴᠡᠭᠴᠡᠯᠡᠨ ᠵᠠᠰᠠᠬᠤ ᠠᠵᠢᠯ ᠤ᠋ᠨ ᠠᠬᠢᠴᠠ ᠶ᠋ᠢᠨ ᠪᠠᠢᠳᠠᠯ ᠪᠣᠯᠤᠨ ᠠᠵᠢᠯ ᠤ᠋ᠨ ᠲᠤᠷᠰᠢᠯᠭ᠎ᠠ ᠠᠷᠭ᠎ᠠ  ᠮᠠᠶᠢᠭ ᠢ᠋ᠶ᠋ᠠᠨ ᠰᠣᠯᠢᠯᠴᠠᠵᠠᠢ᠃ ᠬᠤᠷᠠᠯ ᠳ᠋ᠤ᠌  ᠣᠷᠤᠯᠴᠠᠭᠰᠠᠳ ᠠᠯᠠᠱᠠ ᠠᠢᠮᠠᠭ ᠪᠣᠯᠤᠨ ᠠᠯᠠᠱᠠ ᠵᠡᠭᠦᠨ ᠬᠣᠰᠢᠭᠤᠨ ᠤ᠋ ᠵᠡᠭᠡᠯᠢ ᠭᠤᠳᠤᠮᠵᠢ᠂ ᠨᠡᠢᠭᠡᠮ ᠲᠣᠭᠤᠷᠢᠭ᠂ ᠨᠡᠢᠲᠡ ᠶ᠋ᠢᠨ ᠦᠢᠯᠡᠴᠢᠯᠡᠭᠡᠨ ᠦ᠌ ᠪᠠᠢᠭᠤᠯᠭ᠎ᠠ ᠨᠢᠭᠡᠴᠢ ᠵᠡᠷᠭᠡ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠶ᠋ᠢ ᠴᠡᠭᠴᠡᠯᠡᠨ ᠵᠠᠰᠠᠵᠤ ᠪᠠᠢᠭ᠎ᠠ ᠪᠠᠢᠳᠠᠯ ᠢ᠋ ᠪᠣᠳᠠᠲᠠᠢ ᠭᠠᠵᠠᠷ ᠲᠤᠨᠢ ᠲᠣᠭᠤᠷᠢᠨ ᠪᠠᠢᠴᠠᠭᠠᠵᠠᠢ᠃

ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠣᠶᠠᠷ ᠡᠳᠦᠷ ᠦ᠋ᠨ ᠪᠣᠯᠪᠠᠰᠤᠷᠠᠯ  ᠳ᠋ᠤ᠌ ᠣᠷᠤᠨ ᠤ᠋ ᠳᠣᠲᠤᠨ᠎ᠠ ᠭᠠᠳᠠᠨᠠᠬᠢ ᠬᠣᠯᠪᠤᠭᠳᠠᠯ ᠪᠦᠬᠦᠢ ᠮᠡᠷᠭᠡᠵᠢᠯᠲᠡᠨ ᠰᠤᠳᠤᠯᠭᠠᠲᠠᠨ ᠢ᠋ ᠤᠷᠢᠵᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠢᠯᠡᠳᠭᠡᠯ ᠦ᠋ᠨ ᠲᠤᠬᠠᠢ ᠲᠠᠢᠯᠤᠮᠵᠢ ᠂ ᠲᠣᠮᠤ ᠳ᠋ᠠᠢᠲ᠋ᠠ ᠪᠣᠯᠤᠨ ᠮᠣᠩᠭᠤᠯ ᠬᠡᠯᠡ ᠪᠢᠴᠢᠭ ᠦ᠋ᠨ ᠬᠠᠤᠯᠢᠵᠢᠯᠲᠠ ᠶ᠋ᠢᠨ ᠪᠠᠢᠭᠤᠯᠤᠯᠲᠠ᠂ ᠮᠣᠩᠭᠤᠯ ᠬᠡᠯᠡ ᠦᠰᠦᠭ ᠪᠢᠴᠢᠭ ᠦ᠋ᠨ  ᠳᠦᠷᠢᠮᠵᠢᠯᠲᠡ ᠶ᠋ᠢᠨ ᠲᠠᠯ᠎ᠠ ᠪᠠᠷ ᠲᠤᠰᠭᠠᠢ ᠢᠯᠡᠳᠭᠡᠯ ᠬᠢᠯᠭᠡᠵᠦ᠂ ᠪᠣᠯᠪᠠᠰᠤᠷᠠᠯ ᠳ᠋ᠤ᠌ ᠣᠷᠤᠯᠴᠠᠭᠰᠠᠨ ᠭᠡᠰᠢᠭᠦᠳ ᠲᠤᠰ ᠤᠳᠠᠭᠠᠨ ᠤ᠋ ᠰᠤᠷᠤᠯᠴᠠᠯᠭ᠎ᠠ ᠶ᠋ᠢᠨ ᠲᠠᠯ᠎ᠠ ᠪᠠᠷ ᠣᠢᠯᠠᠭᠠᠯᠲᠠ ᠲᠥᠷᠦᠭᠳᠡᠯ ᠢ᠋ᠶ᠋ᠡᠨ ᠪᠢᠴᠢᠵᠡᠢ᠃

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠳᠡᠳ᠋ ᠡᠷᠬᠢᠯᠡᠭᠴᠢ ᠰᠠᠴᠤᠷᠠᠯᠲᠤ ᠨᠥᠬᠦᠷ ᠲᠤᠰ ᠤᠳᠠᠭᠠᠨ ᠤ᠋ ᠬᠤᠷᠠᠯ ᠪᠣᠯᠤᠨ ᠪᠣᠯᠪᠠᠰᠤᠷᠠᠯ ᠤ᠋ᠨ ᠠᠮᠵᠢᠯᠲᠠ ᠶ᠋ᠢᠨ ᠲᠠᠯ᠎ᠠ ᠪᠠᠷ ᠭᠦᠢᠴᠡᠳ ᠨᠤᠲᠠᠯᠠᠵᠤ᠂ ᠴᠢ ᠵᠢᠨ ᠢᠦᠢ ᠨᠥᠬᠦᠷ ᠦ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠣᠢᠰᠢᠳᠠ ᠶ᠋ᠢᠨ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠢ᠋ ᠤᠯᠠᠮ ᠰᠠᠢᠲᠤᠷ ᠬᠢᠵᠦ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠶ᠋ᠢ ᠴᠡᠭᠴᠡᠯᠡᠨ ᠵᠠᠰᠠᠬᠤ ᠠᠵᠢᠯ ᠤ᠋ᠨ ᠠᠬᠢᠴᠠ ᠶ᠋ᠢ ᠲᠦᠷᠭᠡᠳᠭᠡᠬᠦ ᠵᠡᠷᠭᠡ ᠠᠵᠢᠯ ᠤ᠋ᠨ ᠲᠠᠯ᠎ᠠ  ᠶ᠋ᠢᠨ ᠪᠣᠳᠠᠲᠠᠢ ᠱᠠᠭᠠᠷᠳᠠᠯᠭ᠎ᠠ ᠳᠤᠷᠠᠳᠴᠠᠢ᠃

 

ᠣᠷᠴᠢᠭᠤᠯᠤᠭᠴᠢ᠄  ᠬᠣᠣᠰᠪᠠᠶᠠᠷ

ᠬᠢᠨᠠᠭᠴᠢ᠄ ᠠᠯᠲᠠᠨ᠌ᠣ᠋ᠳᠣ

ᠬᠠᠷᠢᠭᠤᠴᠠᠭᠰᠠᠨ ᠨᠠᠢᠷᠠᠭᠤᠯᠤᠭᠴᠢ᠄  ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ