ᠮᠣᠩᠭᠤᠯ ᠦᠭᠡ ᠬᠡᠯᠡ ᠦᠰᠦᠭ ᠪᠢᠴᠢᠭ ᠤ᠋ᠨ ᠰᠤᠳᠤᠯᠭ᠎ᠠ ᠬᠡᠷᠡᠭᠯᠡᠭᠡᠨ ᠤ᠋ ᠲᠥᠪ

ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ ᠪᠣᠯ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠳ᠋ᠦ᠍ ᠬᠠᠷᠢᠶᠠᠯᠠᠭᠳᠠᠬᠤ ᠭᠠᠵᠠᠷ ᠤ᠋ᠨ ᠳᠡᠰ ᠦ᠋ᠨ ᠠᠵᠢᠯ ᠦᠢᠯᠡᠰ ᠦ᠋ᠨ ᠨᠢᠭᠡᠴᠢ ᠪᠣᠯᠤᠨ᠎ᠠ᠃ 2018 ᠣᠨ ᠤ᠋ 4 ᠳ᠋ᠦ᠍ᠭᠡᠷ ᠰᠠᠷ᠎ᠠ ᠳ᠋ᠤ᠌ ᠪᠠᠢᠭᠤᠯᠤᠭᠳᠠᠵᠠᠢ᠃ ᠳᠣᠣᠷ᠎ᠠ ᠪᠠᠨ ᠶᠡᠷᠦᠩᠬᠡᠢᠯᠡᠭᠰᠡᠨ ᠰᠠᠯᠠᠭ᠎ᠠ᠂ ᠮᠡᠳᠡᠭᠡ ᠵᠠᠩᠭᠢ ᠶ᠋ᠢᠨ ᠮᠡᠷᠭᠡᠵᠢᠯ ᠳᠡᠯᠭᠡᠷᠡᠭᠦᠯᠬᠦ ᠰᠠᠯᠠᠭ᠎ᠠ᠂ ᠬᠡᠷᠡᠭᠯᠡᠭᠡ ᠰᠤᠳᠤᠯᠭᠠᠨ ᠤ᠋ ᠰᠠᠯᠠᠭ᠎ᠠ᠂ ᠰᠢᠯᠭᠠᠨ ᠪᠠᠢᠴᠠᠭᠠᠵᠤ ᠭᠡᠷᠡᠴᠢᠯᠡᠬᠦ ᠰᠠᠯᠠᠭ᠎ᠠ᠂ ᠠᠵᠢᠯ ᠪᠠᠢᠴᠠᠭᠠᠬᠤ ᠰᠠᠯᠠᠭ᠎ᠠ᠂ ᠨᠠᠢ᠍ᠮᠠᠨ ᠮᠤᠵᠢ ᠣᠷᠤᠨ ᠤ᠋  ᠬᠠᠮᠵᠢᠯᠴᠠᠭᠠᠨ ᠤ᠋ ᠦᠢᠯᠡᠴᠢᠯᠡᠭᠡ  ᠪᠣᠯᠪᠠᠰᠤᠷᠠᠯ ᠤ᠋ᠨ ᠰᠠᠯᠠᠭ᠎ᠠ ᠵᠡᠷᠭᠡ 6 ᠰᠠᠯᠠᠭ᠎ᠠ  ᠬᠤᠪᠢᠶᠠᠵᠠᠢ᠃

ᠭᠣᠣᠯ ᠡᠭᠦᠷᠭᠡ ᠬᠠᠷᠢᠭᠤᠴᠠᠯᠭ᠎ᠠ ᠄ ᠮᠣᠩᠭᠤᠯ ᠦᠭᠡ ᠬᠡᠯᠡ ᠦᠰᠦᠭ ᠪᠢᠴᠢᠭ ᠦ᠋ᠨ ᠲᠣᠭᠠᠴᠢᠯᠠᠭᠰᠠᠨ ᠡᠬᠢ ᠪᠠᠶᠠᠯᠢᠭ ᠪᠠ ᠮᠡᠳᠡᠭᠡ ᠵᠠᠩᠭᠢᠴᠢᠯᠠᠭᠰᠠᠨ ᠲᠠᠪᠴᠠᠩ ᠤ᠋ᠨ ᠪᠦᠲᠦᠭᠡᠨ ᠪᠠᠢᠭᠤᠯᠤᠯᠲᠠ ᠪᠠ ᠮᠡᠳᠡᠭᠡ ᠵᠠᠩᠭᠢ ᠶ᠋ᠢᠨ ᠮᠡᠷᠭᠡᠵᠢᠯ ᠳᠡᠯᠭᠡᠷᠡᠭᠦᠯᠦᠨ ᠠᠰᠢᠭᠯᠠᠬᠤ ᠠᠵᠢᠯ  ᠢ᠋ ᠬᠠᠷᠢᠭᠤᠴᠠᠨ᠎ᠠ;ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠯᠲᠡ᠂ ᠪᠠᠷᠢᠮᠵᠢᠶᠠᠵᠢᠯᠲᠠ᠂ ᠵᠠᠩᠭᠢᠵᠢᠯᠲᠠ ᠪᠠ ᠬᠠᠤᠯᠢᠵᠢᠯᠲᠠ ᠶ᠋ᠢ ᠰᠤᠳᠤᠯᠤᠨ᠎ᠠ;ᠮᠣᠩᠭᠤᠯ ᠦᠭᠡ ᠬᠡᠯᠡ ᠦᠰᠦᠭ ᠪᠢᠴᠢᠭ ᠦ᠋ᠨ ᠮᠡᠳᠡᠭᠡ ᠵᠠᠩᠭᠢ  ᠮᠡᠷᠭᠡᠵᠢᠯ ᠦ᠋ᠨ ᠪᠦᠲᠦᠭᠡᠭᠳᠡᠬᠦᠨ ᠢ᠋ ᠰᠢᠯᠭᠠᠨ ᠪᠠᠢᠴᠠᠭᠠᠵᠤ  ᠭᠡᠷᠡᠴᠢᠯᠡᠬᠦ ᠂ ᠠᠰᠠᠭᠤᠨ ᠯᠠᠪᠯᠠᠬᠤ ᠦᠢᠯᠡᠴᠢᠯᠡᠭᠡ ᠪᠠ ᠪᠣᠯᠪᠠᠰᠤᠷᠠᠯ ᠤ᠋ᠨ ᠠᠵᠢᠯ ᠬᠢᠨ᠎ᠡ;ᠮᠣᠩᠭᠤᠯ ᠦᠭᠡ ᠬᠡᠯᠡ ᠦᠰᠦᠭ ᠪᠢᠴᠢᠭ ᠦ᠋ᠨ ᠬᠡᠷᠡᠭᠯᠡᠭᠡᠨ ᠦ᠌ ᠪᠣᠯᠪᠠᠰᠤᠷᠠᠯ ᠤ᠋ᠨ ᠬᠢᠷᠢ ᠭᠡᠮ ᠵᠡᠷᠭᠡ ᠳᠡᠰ ᠦ᠋ᠨ ᠰᠢᠯᠭᠠᠯᠲᠠ ᠬᠢᠨ᠎ᠡ;ᠪᠦᠬᠦ ᠣᠷᠤᠨ ᠤ᠋ ᠮᠣᠩᠭᠤᠯ ᠬᠡᠯᠡᠨ ᠦ᠌ ᠠᠵᠢᠯ ᠵᠢᠴᠢ ᠨᠠᠢ᠍ᠮᠠᠨ  ᠮᠤᠵᠢ ᠤᠷᠤᠨ ᠤ᠋ ᠮᠣᠩᠭᠤᠯ  ᠬᠡᠯᠡ ᠪᠢᠴᠢᠭ ᠤ᠋ᠨ ᠬᠠᠮᠵᠢᠯᠴᠠᠭ᠎ᠠ ᠰᠣᠯᠢᠯᠴᠠᠭ᠎ᠠ ᠪᠠ ᠪᠣᠯᠪᠠᠰᠤᠷᠠᠯ ᠬᠥᠮᠦᠵᠢᠯ ᠳ᠋ᠦ᠍ ᠦᠢᠯᠡᠴᠢᠯᠡᠭᠡ ᠬᠠᠩᠭᠠᠨ᠎ᠠ᠃