ᠨᠠᠮᠳᠠᠷ

ᠴᠢ ᠵᠢᠨ ᠢᠤᠢ᠂ 1962 ᠣᠨ ᠤ 10 ᠰᠠᠷ᠎ᠠ ᠳᠤ ᠲᠥᠷᠦᠵᠡᠢ᠃ ᠮᠣᠩᠭᠤᠯ ᠦᠨᠳᠦᠰᠦᠲᠡᠨ᠂ ᠥᠪᠦᠷ ᠮᠣᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠰᠤᠳᠤᠯᠬᠤ ᠰᠤᠷᠤᠭᠴᠢ ᠶᠢᠨ ᠨᠠᠮᠲᠠᠷ ᠲᠠᠢ᠂ ᠠᠰᠫᠢᠷᠠᠨᠲ᠂ ᠥᠨᠳᠦᠷ ᠵᠡᠷᠭᠡ ᠶᠢᠨ ᠪᠠᠭᠰᠢ ᠶᠢᠨ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠥᠪᠦᠷ ᠮᠣᠩᠭᠤᠯ ᠤᠨ ᠥᠪᠡᠷᠲᠡᠭᠡᠨ ᠵᠠᠰᠬᠠᠤ ᠣᠷᠤᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ (ᠮᠣᠩᠭᠤᠯ ᠦᠭᠡ ᠬᠡᠯᠡ ᠦᠰᠦᠭ ᠪᠢᠴᠢᠭ᠌ ᠤᠨ ᠠᠵᠢᠯ ᠤᠨ ᠵᠥᠪᠯᠡᠯ) ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠢᠨ᠎ᠠ᠃ ᠤᠤᠯ ᠳ᠋ᠠᠭᠠᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶᠠᠨ ᠤ ᠶᠡᠬᠡ ᠳᠡᠭᠡᠳᠦ ᠰᠤᠷᠭᠠᠭᠤᠯᠢ ᠶᠢᠨ ᠠᠵᠢᠯ ᠤᠨ ᠺᠣᠮᠢᠰ ᠤᠨ ᠭᠡᠰᠢᠭᠦᠨ᠂ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠦᠨ ᠲᠢᠩᠬᠢᠮ ᠤᠨ ᠳᠡᠳ᠋ ᠳᠠᠷᠤᠭ᠎ᠠ᠂ ᠨᠠᠮ ᠤᠨ ᠳᠤᠭᠤᠢᠯᠠᠩ ᠤᠨ ᠬᠡᠰᠢᠭᠦᠨ ᠤ ᠲᠤᠰᠢᠶᠠᠯ ᠢ ᠬᠠᠷᠢᠭᠤᠴᠠᠵᠤ ᠪᠠᠢᠵᠠᠢ᠃ 2014 ᠣᠨ ᠤ᠋ 10 ᠰᠠᠷ᠎ᠠ ᠡᠴᠡ 2017 ᠣᠨ ᠤ᠋ 07 ᠰᠠᠷ᠎ᠠ ᠪᠤᠯᠳᠠᠯ᠎ᠠ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠨᠢᠭᠡᠳᠦᠮᠡᠯ ᠹᠷᠣᠨᠲ ᠤᠨ ᠬᠡᠯᠲᠡᠰ ᠦᠨ ᠳᠡᠳ᠋ ᠳᠠᠷᠤᠭ᠎ᠠ ᠪᠠᠷ ᠠᠵᠢᠯᠯᠠᠵᠤ ᠪᠠᠢᠵᠠᠢ᠃ 2017 ᠣᠨ ᠤ᠋ 07 ᠰᠠᠷ᠎ᠠ ᠠᠴᠠ ᠥᠪᠦᠷ ᠮᠣᠩᠭᠤᠯ ᠤᠨ ᠥᠪᠡᠷᠲᠡᠭᠡᠨ ᠵᠠᠰᠬᠠᠤ ᠣᠷᠤᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ (ᠮᠣᠩᠭᠤᠯ ᠦᠭᠡ ᠬᠡᠯᠡ ᠦᠰᠦᠭ ᠪᠢᠴᠢᠭ᠌ ᠤᠨ ᠠᠵᠢᠯ ᠤᠨ ᠵᠥᠪᠯᠡᠯ) ᠤᠨ ᠡᠷᠬᠢᠯᠡᠭᠴᠢ ᠪᠡᠷ ᠠᠵᠢᠯᠯᠠᠵᠤ ᠪᠠᠢᠨ᠎ᠠ᠃

>>>