ᠨᠠᠢ᠍ᠮᠠᠨ ᠮᠤᠵᠢ ᠣᠷᠤᠨ ᠤ᠋ ᠠᠩᠬᠠᠳᠠᠭᠴᠢ ᠤᠳᠠᠭᠠᠨ ᠤ᠋ ᠣᠷᠴᠢᠭᠤᠯᠤᠨ ᠦᠢᠯᠡᠳᠬᠦ ᠲᠤᠰᠭᠠᠢ ᠮᠡᠷᠭᠡᠵᠢᠯ ᠦ᠋ᠨ ᠪᠣᠯᠪᠠᠰᠤᠷᠠᠯ ᠪᠣᠯᠤᠨ ᠨᠠᠢ᠍ᠮᠠᠨ ᠮᠤᠵᠢ ᠣᠷᠤᠨ ᠤ᠋ ᠠᠩᠬᠠᠳᠤᠭᠠᠷ ᠤᠳᠠᠭᠠᠨ ᠤ᠋ ᠮᠣᠩᠭᠤᠯ ᠬᠡᠯᠡᠨ ᠦ᠌ ᠠᠪᠢᠶᠠᠯᠠᠬᠤ ᠤᠷᠠᠯᠢᠭ ᠤ᠋ᠨ ᠮᠥᠷᠦᠢᠴᠡᠭᠡᠨ ᠡᠷᠬᠢᠯᠡᠬᠦ ᠲᠤᠬᠠᠢ ᠮᠡᠳᠡᠭᠳᠡᠯ
2017.12.21 ᠢᠷᠡᠯᠲᠡ᠄ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ᠋ ᠭᠠᠵᠠᠷ

ᠡᠯ᠎ᠡ ᠬᠠᠮᠵᠢᠯᠴᠠᠭᠠᠨ ᠤ᠋ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠤᠳᠤᠷᠢᠳᠬᠤ ᠳᠤᠭᠤᠢᠯᠠᠩ᠂ ᠪᠡᠭᠡᠵᠢᠩ  ᠭᠠᠵᠠᠷ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ᠂ ᠥᠪᠦᠷ ᠮᠣᠩᠭᠤᠯ ᠤ᠋ᠨ ᠷᠠᠳᠢᠣ᠋ ᠲᠧᠯᠸᠢᠰ ᠬᠣᠷᠢᠶᠠᠨ ᠤ᠋ ᠮᠣᠩᠭᠤᠯ ᠣᠳᠤᠨ ᠲᠧᠯᠸᠢᠰ ᠦ᠋ᠨ ᠰᠤᠪᠠᠭ᠂ ᠥᠪᠦᠷ ᠮᠣᠩᠭᠤᠯ ᠤ᠋ᠨ ᠦᠨᠳᠦᠰᠦᠲᠡᠨ ᠦ᠌ ᠬᠡᠯᠡᠨ ᠦ᠌ ᠺᠢᠨᠣ᠋ ᠣᠷᠴᠢᠭᠤᠯᠤᠨ ᠦᠢᠯᠡᠳᠬᠦ ᠲᠥᠪ᠂ ᠡᠯ᠎ᠡ ᠠᠢᠮᠠᠭ ᠬᠣᠲᠠ ᠵᠢᠨ ᠦᠨᠳᠦᠰᠦᠲᠡᠨ ᠦ᠌ ᠵᠥᠪᠯᠡᠯ ( ᠲᠣᠪᠴᠢᠶ᠎ᠠ)᠂ ᠡᠯ᠎ᠡ ᠶᠡᠬᠡ ᠳᠡᠭᠡᠳᠦ ᠰᠤᠷᠭᠠᠭᠤᠯᠢ᠂ ᠮᠣᠩᠭᠤᠯ ᠦᠨᠳᠦᠰᠦᠲᠡᠨ ᠦ᠌ ᠳᠤᠮᠳᠠᠳᠤ ᠪᠠᠭ᠎ᠠ ᠰᠤᠷᠭᠠᠭᠤᠯᠢ᠄

ᠦᠨᠳᠦᠰᠦᠲᠡᠨ ᠦ᠌ ᠬᠡᠯᠡᠨ ᠦ᠌ ᠺᠢᠨᠣ᠋ ᠲᠧᠯᠸᠢᠰ ᠦ᠋ᠨ ᠠᠪᠢᠶ᠎ᠠ ᠲᠠᠭᠠᠷᠠᠭᠤᠯᠬᠤ ᠣᠬᠢ ᠰᠠᠢᠨ ᠳᠦᠷᠢ ᠲᠥᠷᠬᠦ ᠶ᠋ᠢ ᠪᠣᠢ ᠪᠣᠯᠭᠠᠵᠤ᠂ ᠮᠣᠩᠭᠤᠯ ᠬᠡᠯᠡᠨ ᠦ᠌ ᠺᠢᠨᠣ᠋ ᠲᠧᠯᠸᠢᠰ ᠦ᠋ᠨ ᠠᠪᠢᠶᠠᠯᠠᠬᠤ ᠤᠷᠠᠯᠢᠭ ᠤ᠋ᠨ ᠬᠥᠭᠵᠢᠯᠲᠡ ᠵᠢ ᠠᠬᠢᠭᠤᠯᠵᠤ᠂ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ  ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶ᠋ᠢᠨ ᠠᠵᠢᠯ ᠢ᠋  ᠴᠠᠭᠠᠰᠢᠳᠠ ᠲᠦᠯᠬᠢᠨ ᠠᠬᠢᠭᠤᠯᠵᠤ᠂  ᠠᠪᠢᠶᠠᠯᠠᠭᠴᠢ ᠪᠣᠯᠤᠨ ᠦᠨᠳᠦᠰᠦᠲᠡᠨ ᠦ᠌ ᠬᠡᠯᠡᠨ ᠦ᠌ ᠺᠢᠨᠣ᠋ ᠲᠧᠯᠸᠢᠰ ᠦ᠋ᠨ ᠠᠪᠢᠶᠠᠯᠠᠬᠤ ᠤᠷᠠᠯᠢᠭ ᠤ᠋ᠨ ᠪᠠᠬᠠᠲᠠᠳ ᠲᠤ᠌ ᠠᠪᠢᠶᠠᠰ ᠢ᠋ᠶ᠋ᠠᠨ ᠳᠡᠯᠭᠡᠬᠦ᠂ ᠰᠤᠷᠤᠯᠴᠠᠵᠤ ᠰᠣᠯᠢᠯᠴᠠᠬᠤ ᠲᠠᠪᠴᠠᠩ ᠬᠠᠩᠭᠠᠵᠤ᠂ ᠲᠡᠳᠡᠨ ᠦ᠌ ᠠᠵᠢᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ ᠨᠠᠢ᠍ᠮᠠᠨ ᠮᠤᠵᠢ ᠣᠷᠤᠨ ᠤ᠋ ᠬᠠᠮᠵᠢᠯᠴᠠᠬᠤ ᠳᠤᠭᠤᠢᠯᠠᠩ ᠤ᠋ᠨ  ᠠᠯᠪᠠᠨ ᠭᠡᠷ ᠦ᠋ᠨ ᠵᠥᠪᠰᠢᠶᠡᠷᠡᠯ ᠢ᠋ᠶ᠋ᠡᠷ 2017 ᠣᠨ ᠤ᠋ 12 ᠰᠠᠷ᠎ᠠ ᠵᠢᠨ 26|30 ᠤ᠋  ᠬᠤᠭᠤᠴᠠᠭᠠᠨ ᠳ᠋ᠤ᠌ ᠥᠪᠦᠷ ᠮᠣᠩᠭᠤᠯ ᠤ᠋ᠨ ᠣᠷᠳᠤᠰ ᠬᠣᠲᠠ ᠳ᠋ᠤ᠌ ᠨᠠᠢ᠍ᠮᠠᠨ ᠮᠤᠵᠢ ᠣᠷᠤᠨ ᠤ᠋ ᠠᠩᠬᠠᠳᠤᠭᠠᠷ  ᠤᠳᠠᠭᠠᠨ ᠤ᠋ ᠣᠷᠴᠢᠭᠤᠯᠤᠨ ᠦᠢᠯᠡᠳᠬᠦ ᠲᠤᠰᠭᠠᠢ ᠮᠡᠷᠭᠡᠵᠢᠯ ᠦ᠋ᠨ ᠪᠣᠯᠪᠠᠰᠤᠷᠠᠯ ᠪᠣᠯᠤᠨ ᠨᠠᠢ᠍ᠮᠠᠨ ᠮᠤᠵᠢ ᠣᠷᠤᠨ ᠤ᠋ ᠠᠩᠬᠠᠳᠤᠭᠠᠷ  ᠤᠳᠠᠭᠠᠨ ᠤ᠋ ᠮᠣᠩᠭᠤᠯ ᠬᠡᠯᠡᠨ ᠦ᠌ ᠠᠪᠢᠶᠠᠯᠠᠬᠤ ᠤᠷᠠᠯᠢᠭ ᠤ᠋ᠨ ᠮᠥᠷᠦᠢᠴᠡᠭᠡᠨ ᠡᠷᠬᠢᠯᠡᠬᠦ ᠪᠡᠷ ᠪᠣᠯᠪᠠ᠃ ᠡᠨᠡ ᠤᠳᠠᠭᠠᠨ ᠤ᠋ ᠮᠥᠷᠦᠢᠴᠡᠭᠡᠨ ᠢ᠋ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ ᠭᠣᠣᠯᠯᠠᠨ ᠡᠷᠬᠢᠯᠡᠵᠦ᠂ ᠥᠪᠦᠷ ᠮᠣᠩᠭᠤᠯ ᠤ᠋ᠨ ᠷᠠᠳᠢᠣ᠋ ᠲᠧᠯᠸᠢᠰ ᠬᠣᠷᠢᠶᠠᠨ ᠤ᠋ ᠮᠣᠩᠭᠤᠯ ᠣᠳᠤᠨ ᠲᠧᠯᠸᠢᠰ ᠦ᠋ᠨ ᠰᠤᠪᠠᠭ᠂ ᠥᠪᠦᠷ ᠮᠣᠩᠭᠤᠯ ᠤ᠋ᠨ ᠦᠨᠳᠦᠰᠦᠲᠡᠨ ᠦ᠌ ᠬᠡᠯᠡ ᠪᠡᠷ ᠺᠢᠨᠣ᠋ ᠣᠷᠴᠢᠭᠤᠯᠤᠨ ᠦᠢᠯᠡᠳᠬᠦ ᠲᠥᠪ᠂ ᠣᠷᠳᠤᠰ ᠬᠣᠲᠠ ᠵᠢᠨ ᠦᠨᠳᠦᠰᠦᠲᠡᠨ ᠦ᠌ ᠵᠥᠪᠯᠡᠯ᠂ ᠣᠷᠳᠤᠰ ᠬᠣᠲᠠ ᠵᠢᠨ ᠴᠢᠩᠭᠢᠰ ᠬᠠᠭᠠᠨ ᠤ᠋ ᠣᠩᠭᠣᠨ ᠤ᠋ ᠵᠤᠭᠠᠴᠠᠯ ᠤ᠋ᠨ ᠣᠷᠤᠨ ᠤ᠋ ᠬᠠᠮᠢᠶᠠᠷᠤᠯᠲᠠ ᠵᠢᠨ  ᠺᠣᠮᠢᠰ ᠳᠠᠭᠠᠭᠠᠴᠢᠯᠠᠨ ᠡᠷᠬᠢᠯᠡᠵᠦ᠂ ᠥᠪᠦᠷ ᠮᠣᠩᠭᠤᠯ ᠤ᠋ᠨ ᠠᠯᠲᠠᠨ ᠠᠷᠭᠠᠮᠵᠢ ᠰᠣᠶᠤᠯ ᠤ᠋ᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠦᠷ ᠮᠣᠩᠭᠤᠯ ᠤ᠋ᠨ ᠠᠪᠢᠶᠠᠯᠠᠬᠤ ᠤᠷᠠᠯᠢᠭ ᠤ᠋ᠨ  ᠡᠪᠯᠡᠯ ᠬᠠᠮᠵᠢᠨ ᠡᠷᠬᠢᠯᠡᠪᠡ᠃ ᠡᠨᠳᠡ ᠮᠥᠷᠦᠢᠴᠡᠭᠡᠨ ᠦ᠌ ᠬᠠᠮᠢᠶ᠎ᠠ ᠪᠦᠬᠦᠢ ᠵᠦᠢᠯ ᠢ᠋ ᠮᠡᠳᠡᠭᠳᠡᠶ᠎ᠡ᠄

ᠨᠢᠭᠡ᠂ ᠭᠣᠣᠯ ᠵᠣᠷᠢᠯᠭ᠎ᠠ

ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠ ᠦᠨᠳᠦᠰᠦᠲᠡᠨ ᠦ᠌ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠲᠥᠯᠦᠭᠡ 《 ᠤᠯᠤᠰ ᠤ᠋ᠨ ᠳᠤᠮᠳᠠ ᠤᠷᠲᠤ ᠬᠤᠭᠤᠴᠠᠭᠠᠨ ᠤ᠋ ᠬᠡᠯᠡ  ᠦᠰᠦᠭ  ᠪᠢᠴᠢᠭ ᠦ᠋ᠨ  ᠦᠢᠯᠡᠰ ᠦ᠋ᠨ  ᠥᠭᠡᠷᠡᠴᠢᠯᠡᠯᠲᠡ ᠪᠠ  ᠬᠥᠭᠵᠢᠭᠦᠯᠦᠯᠲᠡ ᠵᠢᠨ ᠲᠥᠯᠦᠪᠵᠢᠭᠦᠯᠭᠡ ᠵᠢᠨ ᠬᠥᠲᠦᠯᠪᠦᠷᠢ》᠂ 《ᠤᠯᠤᠰ ᠤ᠋ᠨ ᠦᠨᠳᠦᠰᠦᠲᠡᠨ ᠦ᠌ ᠵᠥᠪᠯᠡᠯ ᠦ᠋ᠨ ᠴᠦ᠋ᠬᠡᠨ ᠲᠣᠭᠠᠲᠤ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠢ᠋ ᠤᠯᠠᠮ ᠰᠠᠢᠲᠤᠷ ᠬᠢᠬᠦ ᠲᠤᠬᠠᠢ ᠮᠡᠳᠡᠭᠦᠯᠦᠯᠲᠡ ᠵᠢ ᠲᠥᠷᠦ ᠵᠢᠨ ᠶᠠᠪᠤᠳᠠᠯ ᠤ᠋ᠨ ᠬᠣᠷᠢᠶᠠᠨ ᠤ᠋ ᠵᠥᠪᠰᠢᠶᠡᠷᠡᠨ ᠤᠯᠠᠮᠵᠢᠯᠠᠭᠰᠠᠨ ᠮᠡᠳᠡᠭᠳᠡᠯ》 ᠳ᠋ᠦ᠍ ᠦᠨᠳᠦᠰᠦᠯᠡᠵᠦ᠂ ᠦᠨᠳᠦᠰᠦᠲᠡᠨ ᠦ᠌ ᠰᠣᠶᠤᠯ ᠢ᠋ ᠤᠯᠠᠮᠵᠢᠯᠠᠨ ᠪᠠᠳᠠᠷᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ  ᠴᠢᠩᠭᠠᠳᠭᠠᠵᠤ᠂ ᠺᠢᠨᠣ᠋ ᠲᠧᠯᠸᠢᠰ ᠦ᠋ᠨ ᠠᠪᠢᠶᠠᠯᠠᠬᠤ ᠦᠢᠯᠡᠰ ᠦ᠋ᠨ ᠬᠥᠭᠵᠢᠯᠲᠡ ᠵᠢ  ᠠᠬᠢᠭᠤᠯᠬᠤ ᠪᠣᠯᠤᠨ᠎ᠠ᠃

ᠬᠣᠶᠠᠷ᠂ ᠭᠣᠣᠯ ᠠᠭᠤᠯᠭ᠎ᠠ

ᠨᠠᠢ᠍ᠮᠠᠨ ᠮᠤᠵᠢ ᠣᠷᠤᠨ ᠤ᠋ ᠠᠩᠬᠠᠳᠤᠭᠠᠷ  ᠤᠳᠠᠭᠠᠨ ᠤ᠋ ᠣᠷᠴᠢᠭᠤᠯᠤᠨ ᠦᠢᠯᠡᠳᠬᠦ ᠲᠤᠰᠭᠠᠢ ᠮᠡᠷᠭᠡᠵᠢᠯ ᠦ᠋ᠨ ᠪᠣᠯᠪᠠᠰᠤᠷᠠᠯ ᠪᠣᠯᠤᠨ ᠨᠠᠢ᠍ᠮᠠᠨ ᠮᠤᠵᠢ ᠣᠷᠤᠨ ᠤ᠋ ᠠᠩᠬᠠᠳᠤᠭᠠᠷ  ᠤᠳᠠᠭᠠᠨ ᠤ᠋ ᠮᠣᠩᠭᠤᠯ ᠬᠡᠯᠡᠨ ᠦ᠌ ᠠᠪᠢᠶᠠᠯᠠᠬᠤ ᠤᠷᠠᠯᠢᠭ ᠤ᠋ᠨ ᠮᠥᠷᠦᠢᠴᠡᠭᠡᠨ᠃

ᠭᠤᠷᠪᠠ᠂ ᠴᠠᠭ᠂ ᠭᠠᠵᠠᠷ

ᠡᠨᠡ ᠤᠳᠠᠭᠠᠨ ᠤ᠋ ᠮᠥᠷᠦᠢᠴᠡᠭᠡᠨ ᠢ᠋ ᠪᠦᠯᠬᠦᠮ ᠦ᠋ᠨ ᠠᠩᠬᠠᠨ ᠤ᠋ ᠮᠥᠷᠦᠢᠴᠡᠭᠡᠨ ᠦ᠌ ᠠᠵᠢᠯ ᠢ᠋ 2017 ᠣᠨ ᠤ᠋12 ᠰᠠᠷ᠎ᠠ ᠵᠢᠨ 2|5 ᠤ᠋ ᠡᠳᠦᠷ ᠦ᠋ᠨ   ᠬᠣᠭᠤᠷᠤᠨᠳᠤ ᠲᠤᠬᠠᠢ ᠵᠢᠨ ᠭᠠᠵᠠᠷ ᠲᠤ᠌  ᠨᠢᠭᠡᠨᠲᠡ ᠳᠠᠭᠤᠰᠭᠠᠵᠠᠢ᠃

ᠭᠠᠵᠠᠷ᠄ ᠣᠷᠳᠤᠰ ᠬᠣᠲᠠ ᠵᠢᠨ ᠡᠵᠡᠨ ᠬᠣᠷᠤᠭ᠎ᠠ  ᠪᠠᠯᠭᠠᠰᠤ  ᠵᠢᠨ ᠡᠵᠡᠨ  ᠲᠣᠮᠤ  ᠪᠠᠭᠤᠳᠠᠯ᠂ ᠣᠷᠳᠤᠰ ᠬᠣᠲᠠ ᠵᠢᠨ ᠴᠢᠩᠭᠢᠰ ᠬᠠᠭᠠᠨ ᠤ᠋ ᠣᠩᠭᠣᠨ ᠤ᠋ ᠪᠤᠯᠠᠭ ᠬᠣᠲᠠ ᠳ᠋ᠤ᠌ ᠲᠤᠰ ᠲᠤᠰ  ᠬᠢᠨ᠎ᠡ᠃

ᠪᠣᠯᠪᠠᠰᠤᠷᠠᠯ ᠤ᠋ᠨ ᠴᠠᠭ᠄ 2017 ᠣᠨ ᠤ᠋ 12 ᠰᠠᠷ᠎ᠠ ᠵᠢᠨ 26 | 27 ᠤ᠋ ᠡᠳᠦᠷ

ᠲᠠᠬᠢᠨ ᠮᠥᠷᠦᠢᠴᠡᠬᠦ ᠪᠠ ᠰᠢᠢᠳᠪᠦᠷᠢᠲᠦ ᠮᠥᠷᠦᠢᠴᠡᠭᠡᠨ ᠦ᠌ ᠴᠠᠭ᠄ 2017 ᠣᠨ ᠤ᠋ 12 ᠰᠠᠷ᠎ᠠ ᠵᠢᠨ 28 |30 ᠤ᠋ ᠡᠳᠦᠷ

ᠳᠥᠷᠪᠡ᠂ ᠮᠥᠷᠦᠢᠴᠡᠭᠡᠨ ᠳ᠋ᠦ᠍ ᠣᠷᠤᠯᠴᠠᠬᠤ ᠬᠦᠷᠢᠶ᠎ᠡ ᠬᠡᠪᠴᠢᠶ᠎ᠡ

ᠨᠠᠢ᠍ᠮᠠᠨ ᠮᠤᠵᠢ ᠣᠷᠤᠨ ᠤ᠋ ᠮᠣᠩᠭᠤᠯ ᠬᠡᠯᠡᠨ ᠦ᠌ ᠷᠠᠳᠢᠣ᠋ ᠲᠧᠯᠸᠢᠰ ᠦ᠋ᠨ ᠣᠷᠴᠢᠭᠤᠯᠤᠨ ᠦᠢᠯᠡᠳᠬᠦ ᠰᠠᠯᠠᠭ᠎ᠠ ᠮᠥᠴᠢᠷ᠂ ᠣᠷᠴᠢᠭᠤᠯᠤᠨ ᠦᠢᠯᠡᠳᠬᠦ ᠰᠠᠭᠤᠷᠢᠨ ᠭᠠᠵᠠᠷ ᠤ᠋ᠨ ᠲᠤᠰᠭᠠᠢ ᠮᠡᠷᠭᠡᠵᠢᠯ ᠦ᠋ᠨ ᠪᠦᠯᠬᠦᠮ᠂ ᠬᠤᠪᠢ ᠬᠥᠮᠦᠨ ᠦ᠌ ᠬᠠᠮᠲᠤᠷᠠᠯ( ᠬᠥᠮᠦᠨ ᠠᠮᠠ  ᠴᠥᠭᠡᠬᠡᠨᠲᠡᠢ ᠭᠤᠷᠪᠠᠨ ᠴᠦ᠋ᠬᠡᠨ ᠲᠣᠭᠠᠲᠤ ᠦᠨᠳᠦᠰᠦᠲᠡᠨ ᠦ᠌ ᠠᠪᠢᠶᠠᠯᠠᠭᠴᠢ ᠵᠢ ᠪᠠᠭᠲᠠᠭᠠᠨ᠎ᠠ)᠂ ᠨᠡᠪᠲᠡᠷᠡᠭᠦᠯᠦᠭᠴᠢ ᠬᠥᠲᠦᠯᠦᠭᠴᠢ᠂ ᠡᠯ᠎ᠡ ᠶᠡᠬᠡ ᠳᠡᠭᠡᠳᠦ ᠰᠤᠷᠭᠠᠭᠤᠯᠢ ᠵᠢᠨ ᠮᠣᠩᠭᠤᠯ ᠬᠡᠯᠡ ᠪᠡᠷ ᠬᠢᠴᠢᠶᠡᠯᠯᠡᠵᠦ ᠪᠠᠢᠭ᠎ᠠ ᠰᠣᠨᠢᠨ ᠮᠡᠳᠡᠭᠡ ᠵᠠᠭᠤᠴᠢᠯᠠᠭᠤᠷ᠂ ᠲᠣᠭᠯᠠᠭᠴᠢ ᠵᠢᠨ ᠲᠤᠰᠭᠠᠢ ᠮᠡᠷᠭᠡᠵᠢᠯ ᠦ᠋ᠨ ᠪᠠᠭᠰᠢ ᠰᠤᠷᠤᠭᠴᠢ᠂ ᠮᠣᠩᠭᠤᠯ ᠦᠨᠳᠦᠰᠦᠲᠡᠨ ᠦ᠌ ᠳᠤᠮᠳᠠᠳᠤ ᠪᠠᠭ᠎ᠠ ᠰᠤᠷᠭᠠᠭᠤᠯᠢ ᠵᠢᠨ ᠪᠠᠭᠰᠢ ᠰᠤᠷᠤᠭᠴᠢ᠂ ᠮᠣᠩᠭᠤᠯ ᠬᠡᠯᠡᠨ ᠦ᠌ ᠠᠪᠢᠶᠠᠯᠠᠭᠴᠢ ᠵᠢᠨ ᠠᠵᠢᠯ ᠵᠢᠨ ᠴᠢᠯᠦᠭᠡᠨ ᠦ᠌ ᠳᠤᠷ᠎ᠠ ᠪᠠᠬᠠᠲᠠᠳ᠃

ᠲᠠᠪᠤ᠂ ᠰᠢᠢᠳᠪᠦᠷᠢᠲᠦ ᠮᠥᠷᠦᠢᠴᠡᠭᠡᠨ ᠦ᠌ ᠠᠭᠤᠯᠭ᠎ᠠ

(ᠨᠢᠭᠡ) ᠥᠪᠡᠷ ᠦ᠋ᠨ ᠲᠠᠨᠢᠯᠴᠠᠭᠤᠯᠭ᠎ᠠ ᠪᠠ ᠠᠪᠢᠶᠠᠯᠠᠭᠰᠠᠨ ᠬᠡᠰᠡᠭ ᠪᠠᠳᠠᠭ᠂

(ᠬᠤᠶᠠᠷ) ᠠᠬᠤᠢ ᠲᠠᠯᠠᠪᠠᠢ ᠳ᠋ᠤ᠌ ᠠᠪᠢᠶᠠᠯᠠᠬᠤ᠂

(ᠭᠤᠷᠪᠠ) ᠠᠰᠠᠭᠤᠯᠲᠠ ᠬᠠᠷᠢᠭᠤᠯᠬᠤ( ᠲᠤᠰᠭᠠᠢ ᠮᠡᠷᠭᠡᠵᠢᠯ ᠦ᠋ᠨ ᠮᠡᠳᠡᠯᠭᠡ᠂ ᠨᠡᠢᠭᠡᠮ ᠦ᠋ᠨ ᠮᠡᠳᠡᠯᠭᠡ)᠂

(ᠳᠥᠷᠪᠡ) ᠬᠤᠪᠢ ᠬᠥᠮᠦᠨ ᠦ᠌ ᠠᠪᠢᠶᠠᠰ᠃

ᠵᠢᠷᠭᠤᠭ᠎ᠠ᠂ ᠨᠡᠷ᠎ᠡ ᠮᠡᠳᠡᠭᠦᠯᠬᠦ ᠱᠠᠭᠠᠷᠳᠠᠯᠭ᠎ᠠ

(ᠨᠢᠭᠡ) ᠡᠯ᠎ᠡ ᠮᠤᠵᠢ ᠣᠷᠤᠨ ᠤ᠋ ᠦᠨᠳᠦᠰᠦᠲᠡᠨ ᠦ᠌ ᠵᠥᠪᠯᠡᠯ᠂ ᠷᠠᠳᠢᠣ᠋ ᠲᠧᠯᠸᠢᠰ  ᠬᠣᠷᠢᠶ᠎ᠠ᠂ ᠣᠷᠴᠢᠭᠤᠯᠤᠨ ᠦᠢᠯᠡᠳᠬᠦ ᠰᠠᠯᠠᠭ᠎ᠠ ᠮᠥᠴᠢᠷ᠂ ᠰᠤᠷᠭᠠᠭᠤᠯᠢ ᠨᠤᠭᠤᠳ ᠮᠥᠷᠦᠢᠴᠡᠭᠡᠨ ᠳ᠋ᠦ᠍ ᠣᠷᠤᠯᠴᠠᠬᠤ ᠠᠵᠢᠯ ᠢ᠋ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠢᠭᠡᠳᠦᠯᠲᠡᠢ ᠨᠡᠷ᠎ᠡ ᠮᠡᠳᠡᠭᠦᠯᠦᠨ᠎ᠡ᠃

(ᠬᠣᠶᠠᠷ) ᠬᠥᠮᠦᠨ ᠪᠦᠷᠢ ᠵᠢ ᠲᠣᠭᠯᠠᠬᠤ ᠴᠠᠭ ᠢ᠋ 10 ᠮᠢᠨᠦ᠋ᠲ ᠢ᠋ᠶ᠋ᠡᠷ ᠬᠢᠵᠠᠭᠠᠷᠯᠠᠨ᠎ᠠ᠂ ᠡᠭᠦᠨ ᠳ᠋ᠦ᠍ ᠥᠪᠡᠷ ᠢ᠋ ᠪᠡᠨ ᠲᠠᠨᠢᠯᠴᠠᠭᠤᠯᠬᠤ᠂ ᠬᠤᠪᠢ ᠬᠥᠮᠦᠨ ᠦ᠌  ᠤᠷ᠎ᠠ ᠠᠪᠢᠶᠠᠰ ᠢ᠋ᠶ᠋ᠠᠨ ᠦᠵᠡᠭᠦᠯᠬᠦ᠂  ᠠᠬᠤᠢ ᠲᠠᠯᠠᠪᠠᠢ ᠳ᠋ᠤ᠌ ᠬᠡᠰᠡᠭ ᠪᠠᠳᠠᠭ ᠢ᠋ ᠠᠪᠢᠶᠠᠯᠠᠨ ᠲᠣᠭᠯᠠᠬᠤ ᠵᠡᠷᠭᠡ᠃

(ᠭᠤᠷᠪᠠ) ᠮᠥᠷᠦᠢᠴᠡᠭᠴᠢ ᠵᠠᠪᠠᠯ ᠮᠣᠩᠭᠤᠯ ᠲᠡᠷᠯᠢᠭ ᠡᠮᠦᠰᠦᠭᠰᠡᠨ ᠪᠠᠢᠬᠤ ᠬᠡᠷᠡᠭᠲᠡᠢ᠃

(ᠳᠥᠷᠪᠡ) ᠳᠠᠬᠢᠨ ᠮᠥᠷᠦᠢᠴᠡᠭᠡᠨ ᠳ᠋ᠦ᠍ ᠣᠷᠤᠭᠰᠠᠨ 40 ᠣᠷᠤᠯᠴᠠᠭᠴᠢ ᠲᠤᠰ ᠮᠡᠳᠡᠭᠳᠡᠯ ᠢ᠋ ᠬᠣᠷᠢᠶᠠᠨ ᠣᠯᠤᠭᠰᠠᠨ ᠤ᠋  ᠳᠠᠷᠠᠭ᠎ᠠ᠂ ᠰᠢᠩᠭᠡᠭᠡᠨ ᠦᠢᠯᠡᠳᠦᠭᠰᠡᠨ  ᠠᠪᠢᠶᠠᠯᠠᠭ᠎ᠠ᠂  ᠤᠷ᠎ᠠ ᠠᠪᠢᠶᠠᠰ ᠤ᠋ᠨ ᠲᠣᠭᠯᠠᠯᠲᠠ ᠵᠢᠨ ᠳᠦᠷᠰᠦ ᠰᠢᠩᠭᠡᠭᠡᠯᠲᠡ ᠪᠡᠨ ᠡᠯᠧᠺᠲ᠋ᠷᠣᠨ ᠪᠠᠷ ᠢ᠋ᠶ᠋ᠠᠷ ᠮᠥᠷᠦᠢᠴᠡᠭᠡᠨ ᠦ᠌ ᠵᠣᠬᠢᠶᠠᠨ ᠪᠠᠢᠭᠤᠯᠬᠤ  ᠺᠣᠮᠢᠰ  ᠤᠨ ᠠᠯᠪᠠᠨ ᠭᠡᠷ ᠲᠦ᠍ ᠢᠯᠡᠭᠡᠬᠦ ᠬᠡᠷᠡᠭᠲᠡᠢ᠃

ᠮᠥᠷᠦᠢᠴᠡᠭᠡᠨ ᠦ᠌ ᠵᠣᠬᠢᠶᠠᠨ ᠪᠠᠢᠭᠤᠯᠬᠤ ᠺᠣᠮᠢᠰ ᠠ᠋ᠴᠠ ᠲᠤᠰᠭᠠᠢ ᠮᠡᠷᠭᠡᠵᠢᠯ ᠦ᠋ᠨ  ᠬᠢᠨᠠᠨ ᠰᠢᠯᠭᠠᠷᠠᠭᠤᠯᠬᠤ ᠳᠤᠭᠤᠢᠯᠠᠩ ᠢ᠋ ᠵᠣᠬᠢᠶᠠᠨ ᠪᠠᠢᠭᠤᠯᠵᠤ᠂ ᠮᠥᠷᠦᠢᠴᠡᠭᠡᠨ ᠳ᠋ᠦ᠍ ᠣᠷᠤᠯᠴᠠᠭᠴᠢᠳ ᠤ᠋ᠨ ᠢᠷᠡᠭᠦᠯᠦᠭᠰᠡᠨ ᠮᠠᠲ᠋ᠧᠷᠢᠶᠠᠯ  ᠢ᠋ ᠰᠢᠯᠭᠠᠷᠠᠭᠤᠯᠤᠨ᠎ᠠ᠃ ᠰᠢᠢᠳᠪᠦᠷᠢᠲᠦ ᠮᠥᠷᠦᠢᠴᠡᠭᠡᠨ ᠳ᠋ᠦ᠍ ᠣᠷᠤᠭᠰᠠᠨ ᠨᠡᠷᠡᠰ ᠢ᠋ ᠵᠣᠬᠢᠶᠠᠨ ᠪᠠᠢᠭᠤᠯᠬᠤ ᠺᠣᠮᠢᠰ ᠠ᠋ᠴᠠ ᠨᠡᠢᠲᠡᠯᠡᠵᠦ᠂  ᠬᠤᠪᠢ ᠬᠥᠮᠦᠨ ᠪᠤᠶᠤ ᠪᠠᠢᠭᠤᠯᠭ᠎ᠠ ᠨᠢᠭᠡᠴᠢ ᠳ᠋ᠤᠨᠢ ᠳᠠᠬᠢᠨᠲᠠ ᠮᠡᠳᠡᠭᠳᠡᠨ᠎ᠡ᠃

ᠮᠠᠲ᠋ᠧᠷᠢᠶᠠᠯ ᠢ᠋ᠶ᠋ᠠᠨ ᠮᠡᠳᠡᠭᠦᠯᠦᠨ ᠢᠷᠡᠭᠦᠯᠬᠦ ᠴᠠᠭ ᠤ᠋ᠨ ᠬᠢᠵᠠᠭᠠᠷᠯᠠᠯ ᠄ 2017 ᠣᠨ ᠤ᠋ 12 ᠰᠠᠷ᠎ᠠ ᠵᠢᠨ 25 ᠤ᠋ ᠡᠳᠦᠷ ᠦ᠋ᠨ ᠦᠳᠡ ᠵᠢᠨ ᠬᠣᠢᠨ᠎ᠠ ᠵᠢᠨ 18 ᠴᠠᠭ᠃

ᠳᠣᠯᠤᠭ᠎ᠠ᠂ ᠮᠥᠷᠦᠢᠴᠡᠭᠡᠨ ᠦ᠌ ᠱᠠᠩᠨᠠᠯ ᠤ᠋ᠨ ᠵᠦᠢᠯ

ᠨᠢᠭᠡᠳᠦᠭᠡᠷ ᠳᠡᠰ ᠦ᠋ᠨ ᠱᠠᠩᠨᠠᠯ 1 ᠨᠡᠷ᠎ᠡ᠂ ᠬᠣᠶᠠᠳᠤᠭᠠᠷ ᠳᠡᠰ ᠦ᠋ᠨ ᠱᠠᠩᠨᠠᠯ 2 ᠨᠡᠷ᠎ᠡ᠂ ᠭᠤᠷᠪᠠᠳᠤᠭᠠᠷ ᠳᠡᠰ ᠦ᠋ᠨ ᠱᠠᠩᠨᠠᠯ 3 ᠨᠡᠷ᠎ᠡ᠂ ᠰᠢᠯᠢᠳᠡᠭ ᠱᠠᠩᠨᠠᠯ 10 ᠨᠡᠷ᠎ᠡ᠂ ᠵᠣᠷᠢᠭᠵᠢᠭᠤᠯᠤᠯ ᠤ᠋ᠨ ᠱᠠᠩᠨᠠᠯ  ᠡᠳᠦᠢ ᠲᠡᠳᠦᠢ᠃ ᠪᠦᠯᠬᠦᠮ ᠪᠠ ᠬᠤᠪᠢ ᠬᠥᠮᠦᠨ ᠦ᠌ ᠲᠣᠭᠯᠠᠯᠲᠠ ᠵᠢᠨ ᠱᠠᠩᠨᠠᠯ᠂ ᠰᠢᠯᠢᠳᠡᠭ ᠲᠣᠭᠯᠠᠭᠴᠢ ᠵᠢᠨ ᠱᠠᠩᠨᠠᠯ 6 ᠨᠡᠷ᠎ᠡ;ᠪᠦᠯᠬᠦᠮ ᠦ᠋ᠨ ᠵᠣᠬᠢᠶᠠᠨ ᠪᠠᠢᠭᠤᠯᠤᠭᠰᠠᠨ ᠱᠠᠩᠨᠠᠯ 6 ᠨᠡᠷ᠎ᠡ᠃

ᠨᠠᠢ᠍ᠮᠠ᠂ ᠮᠥᠷᠦᠢᠴᠡᠭᠡᠨ ᠳ᠋ᠦ᠍ ᠣᠷᠤᠯᠴᠠᠬᠤ ᠰᠦᠢᠳᠭᠡᠯ

(ᠨᠢᠭᠡ) ᠡᠯ᠎ᠡ ᠣᠷᠴᠢᠭᠤᠯᠤᠨ ᠦᠢᠯᠡᠳᠬᠦ ᠰᠠᠯᠠᠭ᠎ᠠ ᠮᠥᠴᠢᠷ ᠬᠤᠷᠠᠯ  ᠤᠨ ᠰᠦᠢᠳᠭᠡᠯ᠂ ᠬᠣᠨᠤᠵᠤ ᠰᠠᠭᠤᠬᠤ ᠰᠦᠢᠳᠭᠡᠯ ᠢ᠋ᠶ᠋ᠡᠨ ᠥᠪᠡᠰᠦᠪᠡᠨ ᠬᠠᠷᠢᠭᠤᠴᠠᠨ᠎ᠠ᠃

(ᠬᠤᠶᠠᠷ)ᠮᠥᠷᠦᠢᠴᠡᠭᠡᠨ ᠳ᠋ᠦ᠍  ᠣᠷᠤᠯᠴᠠᠭᠴᠢᠳ  ᠤᠨ ᠶᠠᠪᠤᠵᠤ ᠢᠷᠡᠬᠦ ᠵᠠᠮ ᠤ᠋ᠨ ᠰᠦᠢᠳᠭᠡᠯ ᠢ᠋ᠶ᠋ᠡᠨ  ᠥᠪᠡᠰᠦᠪᠡᠨ ᠬᠠᠷᠢᠭᠤᠴᠠᠨ᠎ᠠ᠃ ᠮᠥᠷᠦᠢᠴᠡᠭᠡᠨ ᠦ᠌  ᠬᠤᠭᠤᠴᠠᠭᠠᠨ ᠳ᠋ᠠᠬᠢ ᠢᠳᠡᠵᠦ ᠬᠣᠨᠤᠬᠤ ᠵᠢ ᠵᠣᠬᠢᠶᠠᠨ ᠪᠠᠢᠭᠤᠯᠬᠤ ᠺᠣᠮᠢᠰ ᠠ᠋ᠴᠠ ᠬᠠᠷᠢᠭᠤᠴᠠᠵᠤ᠂  ᠳᠠᠭᠠᠭᠤᠯᠤᠭᠴᠢᠳ ᠤᠨ ᠢᠳᠡᠵᠦ ᠬᠣᠨᠤᠬᠤ ᠵᠢ ᠵᠣᠬᠢᠶᠠᠨ ᠪᠠᠢᠭᠤᠯᠬᠤ ᠺᠣᠮᠢᠰ ᠨᠢᠭᠡᠳᠦᠯᠲᠡᠢ ᠲᠣᠬᠢᠷᠠᠭᠤᠯᠵᠤ᠂ ᠪᠤᠰᠤᠳ ᠰᠦᠢᠳᠭᠡᠯ ᠢ᠋  ᠥᠪᠡᠰᠦᠪᠡᠨ ᠬᠠᠷᠢᠭᠤᠴᠠᠨ᠎ᠠ᠃

ᠶᠢᠰᠦ᠂ ᠬᠠᠷᠢᠯᠴᠠᠬᠤ ᠠᠷᠭ᠎ᠠ

ᠬᠠᠷᠢᠯᠴᠠᠬᠤ ᠬᠥᠮᠦᠨ᠄ ᠵᠠᠰᠡᠷᠡᠩ  15848115636

ᠵᠣᠬᠢᠶᠠᠨ ᠪᠠᠢᠭᠤᠯᠬᠤ ᠺᠣᠮᠢᠰ ᠤ᠋ᠨ ᠠᠯᠪᠠᠨ ᠭᠡᠷ ᠦ᠋ᠨ ᠬᠠᠷᠢᠯᠴᠠᠬᠤ ᠬᠥᠮᠦᠨ᠄ ᠪᠠᠲᠤᠮᠦ᠋ᠩᠬᠡ  13624813952

ᠢᠮᠧᠯ᠄ 3248645169@qq.com

    ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ

    2017ᠣᠨ ᠤ᠋ 12 ᠰᠠᠷ᠎ᠠ ᠵᠢᠨ 21 ᠤ᠋ ᠡᠳᠦᠷ

 

 

ᠣᠷᠴᠢᠭᠤᠯᠤᠭᠴᠢ᠄ ᠴᠣᠯᠮᠤᠨ

ᠬᠢᠨᠠᠭᠴᠢ᠄ ᠪᠤᠤ ᠭᠧ

ᠬᠠᠷᠢᠭᠤᠴᠠᠭᠰᠠᠨ ᠨᠠᠢᠷᠠᠭᠤᠯᠤᠭᠴᠢ᠄ ᠬᠠᠰᠲᠤᠶᠠᠭ᠎ᠠ

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )