ᠨᠠᠢ᠍ᠮᠠᠨ ᠮᠤᠵᠢ ᠣᠷᠤᠨ ᠤ᠋ ᠮᠣᠩᠭᠤᠯ ᠣᠷᠴᠢᠭᠤᠯᠤᠭᠴᠢᠳ ᠤ᠋ᠨ ᠪᠣᠯᠪᠠᠰᠤᠷᠠᠯ ᠤ᠋ᠨ ᠠᠩᠭᠢ ᠡᠷᠬᠢᠯᠡᠬᠦ ᠲᠤᠬᠠᠢ ᠮᠡᠳᠡᠭᠳᠡᠯ
2017.12.11 ᠢᠷᠡᠯᠲᠡ᠄ ᠨᠠᠢ᠍ᠮᠠᠨ ᠮᠤᠵᠢ ᠣᠷᠤᠨ ᠤ᠋ ᠬᠠᠮᠵᠢᠯᠴᠠᠭᠠᠨ ᠤ᠋ ᠭᠠᠵᠠᠷ

ᠡᠯ᠎ᠡ ᠬᠠᠮᠵᠢᠯᠴᠠᠭᠠᠨ ᠤ᠋ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠤᠳᠤᠷᠢᠳᠬᠤ ᠳᠤᠭᠤᠢᠯᠠᠩ᠂ ᠪᠡᠭᠡᠵᠢᠩ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ᠂ ᠥᠪᠦᠷ ᠮᠣᠩᠭᠤᠯ ᠤ᠋ᠨ ᠭᠡᠰᠢᠭᠦᠨ ᠪᠠᠢᠭᠤᠯᠭ᠎ᠠ ᠨᠢᠭᠡᠴᠢ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠡᠯ᠎ᠡ ᠠᠢᠮᠠᠭ ᠬᠣᠲᠠ ᠵᠢᠨ ᠦᠨᠳᠦᠰᠦᠲᠡᠨ ᠦ᠌ ᠵᠥᠪᠯᠡᠯ᠄

《2017ᠣᠨ ᠤ᠋ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠬᠠᠮᠵᠢᠯᠴᠠᠬᠤ ᠠᠵᠢᠯ ᠤ᠋ᠨ ᠭᠣᠣᠯᠳᠠᠯᠭ᠎ᠠ》(ᠨᠠᠢ᠍ᠮᠠᠨ ᠬᠠᠮᠵᠢᠯᠴᠠᠬᠤ ᠠᠯᠪᠠᠨ ᠲᠠᠷᠬᠠᠭᠠᠭᠰᠠᠨ 【2017】1 ᠳ᠋ᠤᠭᠡᠷ ᠲᠣᠭᠠᠲᠤ) ᠵᠢᠨ ᠵᠣᠷᠢᠭ ᠰᠠᠨᠠᠭᠠᠨ ᠳ᠋ᠤ᠌ ᠦᠨᠳᠦᠰᠦᠯᠡᠵᠦ᠂ ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ  ᠣᠷᠴᠢᠭᠤᠯᠭ᠎ᠠ ᠵᠢᠨ ᠠᠵᠢᠯᠲᠠᠳ ᠤ᠋ᠨ  ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠪᠠ ᠣᠨᠤᠯ ᠤ᠋ᠨ  ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠥᠨᠳᠦᠷ ᠪᠣᠯᠪᠠᠰᠤᠷᠠᠯ ᠲᠠᠢ ᠦᠨᠳᠦᠰᠦᠲᠡᠨ ᠦ᠌ ᠬᠡᠯᠡᠨ ᠦ᠌ ᠣᠷᠴᠢᠭᠤᠯᠤᠭᠴᠢ ᠵᠢᠨ ᠡᠩᠨᠡᠭᠡ ᠵᠢ ᠪᠠᠢᠭᠤᠯᠵᠤ᠂ ᠮᠣᠩᠭᠤᠯ ᠣᠷᠴᠢᠭᠤᠯᠭ᠎ᠠ ᠵᠢᠨ ᠬᠥᠭᠦᠷᠭᠡ ᠪᠠ ᠳᠠᠮᠵᠢᠭᠤᠯᠭ᠎ᠠ ᠵᠢᠨ ᠦᠢᠯᠡᠳᠦᠯ ᠢ᠋ ᠭᠦᠢᠴᠡᠳ ᠪᠠᠳᠠᠷᠠᠭᠤᠯᠬᠤ ᠵᠢᠨ ᠲᠥᠯᠦᠭᠡ 12 ᠰᠠᠷ᠎ᠠ ᠵᠢᠨ 26|27 ᠤ᠋ ᠡᠳᠦᠷ ᠥᠪᠦᠷ ᠮᠣᠩᠭᠤᠯ ᠤ᠋ᠨ ᠡᠷᠢᠶᠡᠨ ᠬᠣᠲᠠ ᠳ᠋ᠤ᠌ ᠨᠠᠢ᠍ᠮᠠᠨ ᠮᠤᠵᠢ ᠣᠷᠤᠨ ᠤ᠋ ᠮᠣᠩᠭᠤᠯ ᠣᠷᠴᠢᠭᠤᠯᠤᠭᠴᠢᠳ ᠤ᠋ᠨ ᠪᠣᠯᠪᠠᠰᠤᠷᠠᠯ ᠤ᠋ᠨ ᠠᠩᠭᠢ ᠡᠷᠬᠢᠯᠡᠬᠦ ᠪᠡᠷ ᠲᠣᠭᠲᠠᠪᠠ᠃ ᠳᠣᠣᠷ᠎ᠠ ᠬᠠᠮᠢᠶ᠎ᠠ ᠪᠦᠬᠦᠢ ᠵᠦᠢᠯᠡᠰ ᠢ᠋ ᠮᠡᠳᠡᠭᠳᠡᠶ᠎ᠡ᠄

ᠨᠢᠭᠡ᠂ ᠪᠣᠯᠪᠠᠰᠤᠷᠠᠯ ᠤ᠋ᠨ ᠠᠭᠤᠯᠭ᠎ᠠ

ᠨᠠᠢ᠍ᠮᠠᠨ ᠮᠤᠵᠢ ᠣᠷᠤᠨ ᠤ᠋ ᠨᠡᠷᠡᠲᠦ ᠮᠣᠩᠭᠤᠯ ᠣᠷᠴᠢᠭᠤᠯᠤᠭᠴᠢ ᠲᠤᠰᠭᠠᠢ ᠮᠡᠷᠭᠡᠵᠢᠯᠲᠡᠨ ᠢ᠋ ᠤᠷᠢᠵᠤ ᠮᠣᠩᠭᠤᠯ ᠣᠷᠴᠢᠭᠤᠯᠭ᠎ᠠ ᠵᠢᠨ ᠣᠨᠤᠯ᠂ ᠣᠷᠴᠢᠭᠤᠯᠭ᠎ᠠ ᠵᠢᠨ ᠦᠢᠯᠡᠳᠦᠯᠭᠡ᠂ ᠣᠷᠴᠢᠭᠤᠯᠭ᠎ᠠ ᠵᠢᠨ ᠠᠵᠢᠯ ᠤ᠋ᠨ ᠬᠠᠨᠳᠤᠰᠢ ᠵᠡᠷᠭᠡ  ᠠᠭᠤᠯᠭ᠎ᠠ ᠪᠠᠷ  ᠬᠢᠴᠢᠶᠡᠯᠡᠯᠭᠡ ᠬᠢᠯᠭᠡᠨ᠎ᠡ᠃ ᠃

ᠬᠤᠶᠠᠷ᠂ ᠣᠷᠤᠯᠴᠠᠬᠤ ᠬᠥᠮᠦᠰ

ᠬᠠᠮᠵᠢᠯᠴᠠᠬᠤ  ᠮᠤᠵᠢ  ᠣᠷᠤᠨ  ᠤ᠋ ᠡᠯ᠎ᠡ  ᠱᠠᠲᠤᠨ ᠤ᠋  ᠨᠠᠮ  ᠵᠠᠰᠠᠭ ᠤ᠋ᠨ ᠪᠠᠢᠭᠤᠯᠭ᠎ᠠ᠂ ᠠᠵᠢᠯ ᠦᠢᠯᠡᠰ ᠦ᠋ᠨ ᠨᠢᠭᠡᠴᠢ ᠵᠢᠨ ᠮᠣᠩᠭᠤᠯ ᠣᠷᠴᠢᠭᠤᠯᠭ᠎ᠠ ᠵᠢᠨ ᠠᠵᠢᠯᠲᠠᠨ᠂ ᠬᠠᠮᠵᠢᠯᠴᠠᠬᠤ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠷᠢᠭᠤᠴᠠᠯᠭᠠᠲᠠᠨ᠂ ᠥᠪᠦᠷ ᠮᠣᠩᠭᠤᠯ ᠤ᠋ᠨ ᠡᠯ᠎ᠡ ᠠᠢᠮᠠᠭ ᠬᠣᠲᠠ ᠵᠢᠨ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠠᠵᠢᠯ  ᠢ᠋ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ᠂ ᠥᠪᠦᠷ ᠮᠣᠩᠭᠤᠯ ᠤ᠋ᠨ ᠭᠡᠰᠢᠭᠦᠨ ᠨᠢᠭᠡᠴᠢ ᠵᠢᠨ ᠮᠣᠩᠭᠤᠯ ᠣᠷᠴᠢᠭᠤᠯᠭ᠎ᠠ ᠵᠢᠨ ᠠᠵᠢᠯᠲᠠᠳ᠃

ᠭᠤᠷᠪᠠ᠂ ᠴᠠᠭ᠂ ᠭᠠᠵᠠᠷ

ᠴᠠᠭ᠄12 ᠰᠠᠷ᠎ᠠ ᠵᠢᠨ 25 ᠤ᠋ ᠡᠳᠦᠷ |28 ᠤ᠋ ᠡᠳᠦᠷ(25 ᠤ᠋ ᠡᠳᠦᠷ ᠨᠡᠷ᠎ᠡ ᠮᠡᠳᠡᠭᠦᠯᠵᠦ᠂ 28 ᠤ᠋ ᠡᠳᠦᠷ ᠪᠣᠯᠪᠠᠰᠤᠷᠠᠯ ᠲᠡᠭᠦᠰᠦᠨ᠎ᠡ)᠃

ᠭᠠᠵᠠᠷ᠄ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠡᠷᠢᠶᠡᠨ ᠬᠣᠲᠠ ᠵᠢᠨ ᠠᠢ ᠸᠧᠢ ᠽᠢ ᠵᠠᠮ ᠤ᠋ᠨ ᠤᠯᠠᠨ ᠤᠯᠤᠰ ᠤ᠋ᠨ ᠪᠠᠭᠤᠳᠠᠯ(ᠡᠷᠢᠶᠡᠨ ᠬᠣᠲᠠ ᠵᠢᠨ ᠦᠵᠦᠮᠦᠴᠢᠨ ᠵᠡᠭᠡᠯᠢ)᠃

12 ᠰᠠᠷ᠎ᠠ ᠵᠢᠨ 18 ᠤ᠋ ᠡᠳᠦᠷ ᠡᠴᠡ ᠡᠮᠦᠨ᠎ᠡ ᠪᠣᠯᠪᠠᠰᠤᠷᠠᠯ ᠳ᠋ᠤ᠌ ᠣᠷᠤᠯᠴᠠᠬᠤ ᠬᠥᠮᠦᠰ ᠦ᠋ᠨ ᠨᠡᠷᠡᠰ ᠢ᠋ ᠬᠤᠷᠠᠯ ᠤ᠋ᠨ ᠳᠤᠭᠤᠢᠯᠠᠩ ᠳ᠋ᠤ᠌ ᠮᠡᠳᠡᠭᠦᠯᠬᠦ ᠬᠡᠷᠡᠭᠲᠡᠢ᠃

ᠬᠠᠷᠢᠯᠴᠠᠬᠤ ᠬᠥᠮᠦᠨ᠄ ᠵᠢᠩᠬᠤᠸᠠᠷ

ᠬᠠᠷᠢᠯᠴᠠᠬᠤ ᠤᠲᠠᠰᠤ᠄ 0479|7521207(ᠹᠠᠺᠰ)  13947920887

ᠪᠠᠭᠤᠳᠠᠯ ᠤ᠋ᠨ ᠤᠲᠠᠰᠤ᠄ 0479|7515088

ᠢᠮᠧᠯ᠄ elmwjinhua@126.com

               ᠨᠠᠢ᠍ᠮᠠᠨ ᠮᠤᠵᠢ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠠᠮᠵᠢᠯᠴᠠᠬᠤ ᠳᠤᠭᠤᠢᠯᠠᠩ ᠤ᠋ᠨ ᠠᠯᠪᠠᠨ ᠭᠡᠷ

                   2017ᠣᠨ ᠤ᠋12 ᠰᠠᠷ᠎ᠠ ᠵᠢᠨ11 ᠤ᠋ ᠡᠳᠦᠷ

 

 

ᠣᠷᠴᠢᠭᠤᠯᠤᠭᠴᠢ᠄ ᠴᠣᠯᠮᠤᠨ

ᠬᠢᠨᠠᠭᠴᠢ᠄ ᠪᠤᠤ ᠭᠧ

ᠬᠠᠷᠢᠭᠤᠴᠠᠭᠰᠠᠨ ᠨᠠᠢᠷᠠᠭᠤᠯᠤᠭᠴᠢ᠄ ᠬᠠᠰᠲᠤᠶᠠᠭ᠎ᠠ

 

ᠸᠢᠴᠠᠲ ᠲᠤ ᠪᠠᠨ ᠬᠤᠪᠢᠶᠠᠯᠴᠠᠬᠤ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )