ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠤ᠋ᠨ ᠬᠠᠮᠲᠤᠷᠠᠨ ᠪᠠᠢᠭᠤᠯᠤᠭᠰᠠᠨ ᠰᠠᠭᠤᠷᠢᠨ ᠭᠠᠵᠠᠷ ᠢ᠋ ᠵᠣᠬᠢᠶᠠᠨ ᠪᠠᠢᠭᠤᠯᠤᠨ ᠬᠢᠨᠠᠨ ᠦᠨᠡᠯᠡᠬᠦ ᠲᠤᠬᠠᠢ ᠮᠡᠳᠡᠭᠳᠡᠯ
2018.01.05

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠵᠥᠪᠯᠡᠯ ᠦ᠋ᠨ ᠡᠯ᠎ᠡ ᠪᠣᠯᠪᠠᠰᠤᠷᠠᠯ᠂ ᠡᠷᠳᠡᠮ ᠰᠢᠨᠵᠢᠯᠡᠭᠡᠨ ᠦ᠌ ᠰᠠᠭᠤᠷᠢᠨ ᠭᠠᠵᠠᠷ ( ᠲᠥᠪ᠂ ᠥᠷᠲᠡᠭᠡ᠂ ᠴᠡᠭ)᠄

 

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠠᠮᠲᠤᠷᠠᠨ ᠪᠠᠢᠭᠤᠯᠤᠭᠰᠠᠨ ᠪᠣᠯᠪᠠᠰᠤᠷᠠᠯ ᠪᠠ ᠡᠷᠳᠡᠮ ᠰᠢᠨᠵᠢᠯᠡᠭᠡᠨ ᠦ᠌ ᠰᠠᠭᠤᠷᠢᠨ ᠭᠠᠵᠠᠷ( ᠲᠥᠪ᠂ ᠥᠷᠲᠡᠭᠡ᠂ ᠴᠡᠭ) ᠤ᠋ᠨ ᠬᠠᠮᠢᠶᠠᠷᠤᠯᠲᠠ ᠶ᠋ᠢ ᠤᠯᠠᠮ ᠴᠢᠩᠭᠠᠳᠭᠠᠨ ᠳᠦᠷᠢᠮᠵᠢᠭᠦᠯᠬᠦ ᠶ᠋ᠢᠨ ᠲᠥᠯᠦᠭᠡ 《ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠠᠮᠲᠤᠷᠠᠨ ᠪᠠᠢᠭᠤᠯᠤᠭᠰᠠᠨ ᠰᠠᠭᠤᠷᠢᠨ ᠭᠠᠵᠠᠷ ᠤ᠋ᠨ ᠬᠠᠮᠢᠶᠠᠷᠤᠯᠲᠠ ᠶ᠋ᠢᠨ ᠠᠷᠭ᠎ᠠ( ᠲᠤᠷᠰᠢᠨ ᠬᠡᠷᠡᠭᠵᠢᠭᠦᠯᠬᠦ)》᠂ 《ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠤ᠋ᠨ ᠡᠷᠳᠡᠮ ᠰᠢᠨᠵᠢᠯᠡᠭᠡᠨ ᠦ᠌ ᠰᠠᠭᠤᠷᠢᠨ ᠭᠠᠵᠠᠷ ᠤ᠋ᠨ ᠬᠠᠮᠢᠶᠠᠷᠤᠯᠲᠠ ᠶ᠋ᠢᠨ ᠠᠷᠭ᠎ᠠ( ᠲᠤᠷᠰᠢᠨ ᠬᠡᠷᠡᠭᠵᠢᠭᠦᠯᠬᠦ)》 ᠶ᠋ᠢᠨ ᠬᠠᠮᠢᠶ᠎ᠠ ᠪᠥᠬᠦᠢ ᠲᠣᠭᠲᠠᠭᠠᠯ ᠳ᠋ᠤ᠌ ᠦᠨᠳᠦᠰᠦᠯᠡᠵᠦ᠂ ᠡᠯ᠎ᠡ ᠬᠠᠮᠢᠶ᠎ᠠ ᠪᠥᠬᠦᠢ ᠪᠣᠯᠪᠠᠰᠤᠷᠠᠯ ᠪᠠ ᠡᠷᠳᠡᠮ ᠰᠢᠨᠵᠢᠯᠡᠭᠡᠨ ᠦ᠌ ᠰᠠᠭᠤᠷᠢᠨ ᠭᠠᠵᠠᠷ ( ᠲᠥᠪ᠂ ᠥᠷᠲᠡᠭᠡ᠂ ᠴᠡᠭ) ᠲᠤ᠌ ᠵᠢᠯ ᠦ᠋ᠨ ᠰᠢᠯᠭᠠᠨ ᠬᠢᠨᠠᠯᠲᠠ᠂  ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠪᠠ ᠲᠥᠪᠯᠡᠷᠡᠭᠦᠯᠦᠨ ᠦᠨᠡᠯᠡᠯᠲᠡ ᠬᠢᠬᠦ ᠪᠡᠷ ᠰᠤᠳᠤᠯᠤᠨ ᠲᠣᠭᠲᠠᠭᠠᠪᠠ᠃ ᠣᠳᠣ  ᠬᠣᠯᠪᠤᠭᠳᠠᠬᠤ ᠤᠴᠢᠷ ᠤ᠋ᠳ ᠢ᠋ ᠮᠡᠳᠡᠭᠳᠡᠬᠦ ᠨᠢ᠄

 

ᠨᠢᠭᠡ᠂ ᠰᠢᠯᠭᠠᠨ ᠬᠢᠨᠠᠬᠤ ᠲᠥᠷᠦᠯ ᠵᠦᠢᠯ

 

1.  ᠲᠥᠪᠯᠡᠷᠡᠭᠦᠯᠦᠨ ᠦᠨᠡᠯᠡᠬᠦ᠃ ᠪᠠᠢᠭᠤᠯᠤᠭᠳᠠᠭᠠᠳ ᠪᠦᠬᠦᠯᠢ ᠳᠥᠷᠪᠡᠨ ᠵᠢᠯ ᠪᠣᠯᠤᠭᠰᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠰᠢᠯᠭᠠᠯᠲᠠ ᠶ᠋ᠢᠨ ᠠᠵᠢᠯ ᠤ᠋ᠨ ᠥᠷᠲᠡᠭᠡ( ᠰᠠᠭᠤᠷᠢᠨ ᠭᠠᠵᠠᠷ᠂ ᠴᠡᠭ) ᠶ᠋ᠢ ᠴᠥᠮ ᠲᠥᠪᠯᠡᠷᠡᠭᠦᠯᠦᠨ ᠦᠨᠡᠯᠡᠯᠲᠡ ᠬᠢᠨ᠎ᠡ᠃ ᠦᠨᠡᠯᠡᠭᠳᠡᠬᠦ ᠪᠠᠢᠭᠤᠯᠭ᠎ᠠ ᠵᠠᠪᠠᠯ《ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠠᠮᠲᠤᠷᠠᠨ ᠪᠠᠢᠭᠤᠯᠤᠭᠰᠠᠨ ᠰᠠᠭᠤᠷᠢᠨ ᠭᠠᠵᠠᠷ ( ᠲᠥᠪ᠂ ᠥᠷᠲᠡᠭᠡ᠂ ᠴᠡᠭ) ᠢ᠋ ᠰᠢᠯᠭᠠᠨ ᠬᠢᠨᠠᠬᠤ ᠪᠠ ᠦᠨᠡᠯᠡᠬᠦ ᠬᠦᠰᠦᠨᠦᠭ》 ᠶ᠋ᠢ ᠬᠢᠨᠠᠮᠠᠭᠠᠢ ᠲᠠᠭᠯᠠᠵᠤ᠂ ᠣᠢᠷ᠎ᠠ ᠶ᠋ᠢᠨ ᠳᠥᠷᠪᠡᠨ ᠵᠢᠯ ᠦ᠋ᠨ ᠠᠵᠢᠯ ᠢ᠋ᠶ᠋ᠠᠨ ᠳ᠋ᠦᠩᠨᠡᠵᠦ᠂ ᠮᠡᠳᠡᠭᠦᠯᠦᠯᠲᠡ ᠶ᠋ᠢᠨ ᠮᠠᠲ᠋ᠧᠷᠢᠶᠠᠯ ᠪᠢᠴᠢᠵᠦ᠂ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃

2.  ᠳᠤᠮᠳᠠᠴᠢ ᠬᠤᠭᠤᠴᠠᠭᠠᠨ ᠳ᠋ᠤ᠌ ᠪᠠᠢᠴᠠᠭᠠᠬᠤ᠃ ᠪᠠᠢᠭᠤᠯᠤᠭᠳᠠᠭᠠᠳ ᠪᠦᠬᠦᠯᠢ ᠬᠣᠶᠠᠷ ᠵᠢᠯ ᠪᠣᠯᠤᠭᠰᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋  ᠪᠣᠯᠪᠠᠰᠤᠷᠠᠯ ᠰᠢᠯᠭᠠᠯᠲᠠ ᠶ᠋ᠢᠨ ᠠᠵᠢᠯ ᠤ᠋ᠨ ᠥᠷᠲᠡᠭᠡ( ᠰᠠᠭᠤᠷᠢᠨ ᠭᠠᠵᠠᠷ᠂ ᠴᠡᠭ) ᠶ᠋ᠢ ᠴᠥᠮ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠬᠢᠨ᠎ᠡ᠃ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢ ᠬᠦᠯᠢᠶᠡᠬᠦ ᠪᠠᠢᠭᠤᠯᠭ᠎ᠠ ᠵᠠᠪᠠᠯ《ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠠᠮᠲᠤᠷᠠᠨ ᠪᠠᠢᠭᠤᠯᠤᠭᠰᠠᠨ ᠰᠠᠭᠤᠷᠢᠨ ᠭᠠᠵᠠᠷ ( ᠲᠥᠪ᠂ ᠥᠷᠲᠡᠭᠡ᠂ ᠴᠡᠭ) ᠢ᠋ ᠰᠢᠯᠭᠠᠨ ᠬᠢᠨᠠᠬᠤ ᠪᠠ ᠦᠨᠡᠯᠡᠬᠦ ᠬᠦᠰᠦᠨᠦᠭ》ᠢ᠋ ᠬᠢᠨᠠᠮᠠᠭᠠᠢ ᠲᠠᠭᠯᠠᠵᠤ᠂ ᠣᠢᠷ᠎ᠠ ᠶ᠋ᠢᠨ ᠬᠣᠶᠠᠷ ᠵᠢᠯ ᠦ᠋ᠨ ᠠᠵᠢᠯ ᠢ᠋ᠶ᠋ᠠᠨ ᠳ᠋ᠦᠩᠨᠡᠵᠦ᠂ ᠮᠡᠳᠡᠭᠦᠯᠦᠯᠲᠡ ᠶ᠋ᠢᠨ ᠮᠠᠲ᠋ᠧᠷᠢᠶᠠᠯ ᠪᠢᠴᠢᠵᠦ᠂ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃

3. ᠵᠢᠯ ᠦ᠋ᠨ ᠰᠢᠯᠭᠠᠨ ᠬᠢᠨᠠᠯᠲᠠ ᠬᠢᠬᠦ᠃ ᠪᠠᠢᠭᠤᠯᠤᠭᠳᠠᠭᠠᠳ ᠪᠦᠬᠦᠯᠢ ᠬᠣᠶᠠᠷ ᠵᠢᠯ ᠪᠣᠯᠤᠭᠠᠳᠤᠢ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ᠋ ᠪᠣᠯᠪᠠᠰᠤᠷᠠᠯ ᠰᠢᠯᠭᠠᠯᠲᠠ ᠶ᠋ᠢᠨ ᠠᠵᠢᠯ ᠤ᠋ᠨ ᠥᠷᠲᠡᠭᠡ ( ᠰᠠᠭᠤᠷᠢᠨ ᠭᠠᠵᠠᠷ)᠂ ᠡᠷᠳᠡᠮ ᠰᠢᠨᠵᠢᠯᠡᠭᠡᠨ ᠦ᠌ ᠰᠠᠭᠤᠷᠢᠨ ᠭᠠᠵᠠᠷ( ᠲᠥᠪ) ᠢ᠋ ᠴᠥᠮ ᠳᠤᠮᠳᠠᠴᠢ ᠬᠤᠭᠤᠴᠠᠭᠠᠨ ᠤ᠋ ᠵᠢᠯ ᠦ᠋ᠨ ᠰᠢᠯᠭᠠᠨ ᠬᠢᠨᠠᠯᠲᠠ ᠬᠢᠨ᠎ᠡ᠃ ᠰᠢᠯᠭᠠᠨ ᠬᠢᠨᠠᠯᠲᠠ ᠶ᠋ᠢ ᠬᠦᠯᠢᠶᠡᠬᠦ ᠪᠠᠢᠭᠤᠯᠭ᠎ᠠ ᠵᠠᠪᠠᠯ 《ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠠᠮᠲᠤᠷᠠᠨ ᠪᠠᠢᠭᠤᠯᠤᠭᠰᠠᠨ ᠰᠠᠭᠤᠷᠢᠨ ᠭᠠᠵᠠᠷ( ᠲᠥᠪ᠂ ᠥᠷᠲᠡᠭᠡ᠂ ᠴᠡᠭ)ᠢ᠋ ᠰᠢᠯᠭᠠᠨ ᠬᠢᠨᠠᠬᠤ ᠪᠠ ᠦᠨᠡᠯᠡᠬᠦ ᠬᠦᠰᠦᠨᠦᠭ》ᠢ᠋ ᠬᠢᠨᠠᠮᠠᠭᠠᠢ ᠲᠠᠭᠯᠠᠵᠤ᠂ ᠪᠥᠬᠦ ᠵᠢᠯ ᠦ᠋ᠨ ᠠᠵᠢᠯ ᠢ᠋ᠶ᠋ᠠᠨ ᠳ᠋ᠦᠩᠨᠡᠵᠦ᠂ ᠮᠡᠳᠡᠭᠦᠯᠦᠯᠲᠡ ᠶ᠋ᠢᠨ ᠮᠠᠲ᠋ᠧᠷᠢᠶᠠᠯ ᠪᠢᠴᠢᠵᠦ᠂ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠬᠠᠩᠭᠠᠨ᠎ᠠ᠃

 

ᠬᠤᠶᠠᠷ᠂ ᠱᠠᠭᠠᠷᠳᠠᠯᠭ᠎ᠠ

 

1.ᠡᠯ᠎ᠡ ᠰᠠᠭᠤᠷᠢᠨ ᠭᠠᠵᠠᠷ ᠬᠢᠭᠡᠳ ᠲᠡᠭᠦᠨ ᠦ᠌ ᠭᠣᠣᠯ ᠬᠠᠮᠢᠶᠠᠷᠬᠤ( ᠲᠦᠰᠢᠭᠯᠡᠬᠦ) ᠪᠠᠢᠭᠤᠯᠭ᠎ᠠ  ᠡᠨᠡ ᠤᠳᠠᠭᠠᠨ ᠤ᠋ ᠰᠢᠯᠭᠠᠨ ᠬᠢᠨᠠᠬᠤ ᠦᠨᠡᠯᠡᠬᠦ ᠠᠵᠢᠯ ᠢ᠋ ᠴᠢᠬᠤᠯᠠᠴᠢᠯᠠᠨ ᠬᠦᠨᠳᠦᠳᠭᠡᠵᠦ᠂ ᠵᠣᠬᠢᠶᠠᠨ  ᠪᠠᠢᠭᠤᠯᠬᠤ ᠪᠠ ᠪᠡᠯᠡᠳᠭᠡᠬᠦ ᠠᠵᠢᠯ ᠤ᠋ᠳ ᠢ᠋ ᠬᠢᠨᠠᠮᠠᠭᠠᠢ ᠬᠢᠵᠦ᠂ ᠴᠠᠭ ᠲᠤᠬᠠᠢ ᠳ᠋ᠤᠨᠢ ᠪᠡᠯᠡᠳᠭᠡᠵᠦ᠂ ᠦᠨᠡᠨ ᠪᠣᠳᠠᠲᠠᠢ ᠪᠠᠷ ᠮᠡᠳᠡᠭᠦᠯᠵᠦ᠂ ᠬᠣᠯᠪᠤᠭᠳᠠᠯ ᠪᠥᠬᠦᠢ ᠮᠠᠲ᠋ᠧᠷᠢᠶᠠᠯ ᠢ᠋ ᠬᠦᠷᠭᠡᠵᠦ᠂ 2018 ᠣᠨ ᠤ᠋ 1 ᠰᠠᠷ᠎ᠠ ᠶ᠋ᠢᠨ 10 ᠡᠴᠡ ᠡᠮᠦᠨ᠎ᠡ ᠬᠣᠯᠪᠤᠭᠳᠠᠬᠤ ᠮᠠᠲ᠋ᠧᠷᠢᠶᠠᠯ (ᠳ᠋ᠦᠩᠨᠡᠯᠲᠡ᠂ ᠲᠥᠯᠦᠪᠯᠡᠭᠡ᠂ ᠰᠢᠯᠭᠠᠨ ᠬᠢᠨᠠᠬᠤ ᠪᠠ ᠦᠨᠡᠯᠡᠬᠦ ᠬᠦᠰᠦᠨᠦᠭ ᠪᠠ ᠬᠠᠮᠢᠶ᠎ᠠ ᠪᠥᠬᠦᠢ ᠭᠡᠷᠡᠴᠢᠯᠡᠬᠦ ᠮᠠᠲ᠋ᠧᠷᠢᠶᠠᠯ ᠢ᠋ ᠪᠠᠭᠲᠠᠭᠠᠨ᠎ᠠ) ᠢ᠋ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶ᠋ᠢᠨ ᠭᠠᠵᠠᠷ ᠲᠤ᠌ ᠬᠦᠷᠭᠡᠨ᠎ᠡ᠃

2.ᠵᠢᠯ ᠦ᠋ᠨ ᠰᠢᠯᠭᠠᠨ ᠬᠢᠨᠠᠬᠤ ᠪᠠ ᠳᠤᠮᠳᠠᠴᠢ ᠬᠤᠭᠤᠴᠠᠭᠠᠨ ᠤ᠋ ᠪᠠᠢᠴᠠᠭᠠᠭᠰᠠᠨ ᠳ᠋ᠦᠩ ᠳ᠋ᠦ᠍ ᠦᠨᠳᠦᠰᠦᠯᠡᠵᠦ᠂ ᠰᠢᠯᠢᠳᠡᠭ ᠰᠠᠭᠤᠷᠢᠨ ᠭᠠᠵᠠᠷ (ᠲᠥᠪ᠂ ᠥᠷᠲᠡᠭᠡ᠂ ᠴᠡᠭ) ᠢ᠋ ᠰᠢᠯᠭᠠᠨ ᠰᠣᠩᠭᠤᠨ᠎ᠠ᠃ ᠲᠥᠪᠯᠡᠷᠡᠭᠦᠯᠦᠨ ᠦᠨᠡᠯᠡᠭᠰᠡᠨ ᠳ᠋ᠦᠩ ᠳ᠋ᠦ᠍ ᠦᠨᠳᠦᠰᠦᠯᠡᠵᠦ᠂ ᠬᠤᠭᠤᠴᠠᠭ᠎ᠠ ᠲᠣᠭᠲᠠᠭᠠᠵᠤ ᠵᠠᠰᠠᠨ ᠴᠡᠭᠴᠡᠯᠡᠬᠦ ᠪᠤᠶᠤ ᠬᠢᠷᠢ ᠲᠡᠩᠴᠡᠭᠰᠡᠨ ᠦᠭᠡᠢ ᠰᠠᠭᠤᠷᠢᠨ ᠭᠠᠵᠠᠷ (ᠲᠥᠪ᠂ ᠥᠷᠲᠡᠭᠡ᠂ ᠴᠡᠭ) ᠢ᠋ ᠬᠠᠰᠤᠨ᠎ᠠ᠃

3.ᠲᠤᠬᠠᠢ ᠶ᠋ᠢᠨ ᠭᠠᠵᠠᠷ ᠲᠤ᠌ ᠰᠢᠯᠭᠠᠨ ᠬᠢᠨᠠᠬᠤ ᠪᠠ ᠦᠨᠡᠯᠡᠬᠦ ᠴᠠᠭ ᠢ᠋ ᠳᠠᠬᠢᠨ ᠮᠡᠳᠡᠭᠳᠡᠨ᠎ᠡ᠃

 

ᠭᠤᠷᠪᠠ᠂ ᠬᠠᠷᠢᠯᠴᠠᠬᠤ ᠬᠥᠮᠦᠨ ᠪᠠ ᠬᠠᠷᠢᠯᠴᠠᠬᠤ ᠤᠲᠠᠰᠤ

 

ᠬᠠᠷᠢᠯᠴᠠᠬᠤ ᠬᠥᠮᠦᠨ᠄ ᠴᠢᠩ ᠯᠢᠨ

ᠬᠠᠷᠢᠯᠴᠠᠬᠤ ᠤᠲᠠᠰᠤ᠄ 6945429᠃

ᠳᠠᠭᠠᠯᠳᠤᠭᠤᠯᠤᠯ ᠄ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠬᠠᠮᠲᠤᠷᠠᠨ ᠪᠠᠢᠭᠤᠯᠤᠭᠰᠠᠨ ᠰᠠᠭᠤᠷᠢᠨ ᠭᠠᠵᠠᠷ(ᠲᠥᠪ᠂ ᠥᠷᠲᠡᠭᠡ᠂ ᠴᠡᠭ) ᠢ᠋ ᠰᠢᠯᠭᠠᠨ ᠬᠢᠨᠠᠬᠤ ᠪᠠ ᠦᠨᠡᠯᠡᠬᠦ ᠬᠦᠰᠦᠨᠦᠭ .doc

 

ᠣᠷᠴᠢᠭᠤᠯᠤᠭᠴᠢ᠄  ᠲᠥᠷᠦᠴᠢᠨ

ᠬᠢᠨᠠᠭᠴᠢ᠄  ᠪᠣᠣ ᠭ᠌ᠸ

ᠬᠠᠷᠢᠭᠤᠴᠠᠭᠰᠠᠨ ᠨᠠᠢᠷᠠᠭᠤᠯᠤᠭᠴᠢ᠄ ᠲᠡᠭᠦᠰᠪᠠᠶᠠᠷ

 

       ᠢᠷᠡᠯᠲᠡ᠄ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠭᠠᠵᠠᠷ

     

ᠸᠢᠴᠠᠲ ᠲᠤ ᠪᠠᠨ ᠬᠤᠪᠢᠶᠠᠯᠴᠠᠬᠤ