​​​​​​​2016ᠣᠨ ᠤ ᠮᠣᠩᠭᠤᠯ ᠬᠡᠯᠡ ᠪᠢᠴᠢᠭ ᠤ᠋ᠨ ᠡᠷᠳᠡᠮ ᠰᠢᠨᠵᠢᠯᠡᠭᠡᠨ ᠦ ᠲᠤᠰᠠᠯᠠᠬᠤ ᠰᠡᠳᠦᠪ ᠦᠨ ᠰᠡᠳᠦᠪ ᠭᠦᠢᠴᠡᠳᠭᠡᠭᠰᠡᠨ ᠬᠢᠨᠠᠨ ᠲᠣᠭᠲᠠᠭᠠᠯᠲᠠ ᠪᠠ ᠲᠤᠮᠳᠠᠴᠢ ᠬᠤᠭᠤᠴᠠᠭᠠᠨ ᠤ ᠪᠠᠢᠴᠠᠭᠠᠯᠲᠠ ᠬᠢᠬᠦ ᠲᠤᠬᠠᠢ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ ᠵᠥᠪᠯᠡᠯ ᠦᠨ ᠮᠡᠳᠡᠭᠳᠡᠯ
2017.11.08

ᠬᠣᠯᠪᠤᠭᠳᠠᠬᠤ ᠡᠯ᠎ᠡ ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ᠌ ᠪᠠᠢᠭᠤᠯᠤᠮᠵᠢ᠄

 

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ 2016 ᠣᠨ ᠤ᠋ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠰᠡᠳᠦᠪ  ᠭᠦᠢᠴᠡᠳᠭᠡᠭᠰᠡᠨ ᠬᠢᠨᠠᠨ  ᠲᠣᠭᠲᠠᠭᠠᠯᠲᠠ ᠪᠠ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ ᠠᠵᠢᠯ ᠵᠢᠩᠬᠢᠨᠢ ᠪᠡᠷ ᠡᠬᠢᠯᠡᠪᠡ᠃ ᠬᠠᠮᠢᠶ᠎ᠠ ᠪᠥᠬᠦᠢ ᠪᠠᠢᠭᠤᠯᠭ᠎ᠠ《 ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠰᠡᠳᠦᠪ ᠦ᠋ᠨ ᠬᠠᠮᠢᠶᠠᠷᠤᠯᠲᠠ ᠶ᠋ᠢᠨ ᠠᠷᠭ᠎ᠠ》 ᠤ᠋ᠨ ᠬᠣᠯᠪᠤᠭᠳᠠᠯ ᠪᠥᠬᠦᠢ ᠲᠣᠭᠲᠠᠭᠠᠯ ᠳ᠋ᠤ᠌ ᠦᠨᠳᠦᠰᠦᠯᠡᠵᠦ᠂ ᠬᠠᠮᠢᠶ᠎ᠠ ᠪᠥᠬᠦᠢ ᠠᠵᠢᠯ ᠢ᠋ ᠨᠠᠷᠢᠨ ᠬᠢᠨᠠᠮᠠᠭᠠᠢ ᠵᠣᠬᠢᠶᠠᠨ ᠪᠠᠢᠭᠤᠯᠬᠤ ᠬᠡᠷᠡᠭᠲᠡᠢ᠃ ᠣᠳᠣ ᠬᠣᠯᠪᠤᠭᠳᠠᠬᠤ ᠤᠴᠢᠷ ᠤ᠋ᠳ ᠢ᠋ ᠮᠡᠳᠡᠭᠳᠡᠬᠦ ᠨᠢ᠄

 

ᠨᠢᠭᠡ᠂ ᠰᠡᠳᠦᠪ ᠭᠦᠢᠴᠡᠳᠭᠡᠭᠰᠡᠨ ᠬᠢᠨᠠᠨ ᠲᠣᠭᠲᠠᠭᠠᠯᠲᠠ ᠪᠠ ᠳᠤᠮᠳᠠᠴᠢ ᠬᠤᠭᠤᠴᠠᠭᠠᠨ ᠤ ᠪᠠᠢᠴᠠᠭᠠᠯᠲᠠ ᠶᠢᠨ ᠬᠦᠷᠢᠶ᠎ᠡ ᠬᠡᠪᠴᠢᠶ᠎ᠡ

 

ᠰᠡᠳᠦᠪ ᠦ᠋ᠨ ᠲᠥᠯᠦᠪᠯᠡᠭᠡ ᠶ᠋ᠢᠨ ᠱᠠᠭᠠᠷᠳᠠᠯᠭ᠎ᠠ ᠶᠣᠰᠤ ᠪᠠᠷ ᠨᠢᠭᠡ ᠵᠢᠯ (2017 ᠣᠨ ᠤ᠋ 8 ᠰᠠᠷ᠎ᠠ ᠶ᠋ᠢᠨ 30 ᠤ᠋ ᠡᠳᠦᠷ ᠡᠴᠡ ᠡᠮᠦᠨ᠎ᠡ) ᠤ᠋ᠨ  ᠳᠣᠲᠤᠷ᠎ᠠ ᠪᠡᠶᠡᠯᠡᠭᠦᠯᠬᠦ ᠰᠡᠳᠦᠪ ᠪᠣᠯ ᠰᠡᠳᠦᠪ ᠭᠦᠢᠴᠡᠳᠭᠡᠭᠰᠡᠨ ᠬᠢᠨᠠᠨ ᠲᠣᠭᠲᠠᠭᠠᠯᠲᠠ ᠬᠢᠬᠦ ᠠᠵᠢᠯ ᠢ᠋ ᠰᠠᠢᠲᠤᠷ ᠬᠢᠬᠦ ᠬᠡᠷᠡᠭᠲᠡᠢ᠃ ᠬᠣᠶᠠᠷ ᠵᠢᠯ (2018 ᠣᠨ ᠤ᠋ 8 ᠰᠠᠷ᠎ᠠ ᠶ᠋ᠢᠨ 30 ᠤ᠋ ᠡᠳᠦᠷ ᠡᠴᠡ ᠡᠮᠦᠨ᠎ᠡ) ᠤ᠋ᠨ ᠳᠣᠲᠤᠷ᠎ᠠ ᠪᠡᠶᠡᠯᠡᠭᠦᠯᠬᠦ ᠰᠡᠳᠦᠪ ᠪᠣᠯ  ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ ᠠᠵᠢᠯ ᠢ᠋ ᠰᠠᠢᠲᠤᠷ  ᠬᠢᠬᠦ ᠬᠡᠷᠡᠭᠲᠡᠢ᠃

 

ᠬᠣᠶᠠᠷ᠂ ᠱᠠᠭᠠᠷᠳᠠᠯᠭ᠎ᠠ

 

1.ᠡᠯ᠎ᠡ ᠪᠠᠢᠭᠤᠯᠭ᠎ᠠ ᠶ᠋ᠢᠨ ᠡᠷᠳᠡᠮ ᠰᠢᠨᠵᠢᠯᠡᠭᠡᠨ ᠦ᠌ ᠠᠵᠢᠯ ᠢ᠋ ᠭᠣᠣᠯᠯᠠᠨ ᠬᠠᠮᠢᠶᠠᠷᠳᠠᠭ ᠰᠠᠯᠠᠭ᠎ᠠ ᠮᠥᠴᠢᠷ ᠲᠤᠰ ᠪᠠᠢᠭᠤᠯᠭ᠎ᠠ ᠶ᠋ᠢᠨ ᠢ᠋ᠶ᠋ᠠᠨ ᠰᠡᠳᠦᠪ ᠦ᠋ᠨ ᠬᠠᠷᠢᠭᠤᠴᠠᠯᠭᠠᠲᠠᠳ ᠢ᠋ ᠵᠣᠬᠢᠶᠠᠨ ᠪᠠᠢᠭᠤᠯᠵᠤ 《 ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠰᠡᠳᠦᠪ ᠭᠦᠢᠴᠡᠳᠭᠡᠭᠰᠡᠨ ᠬᠢᠨᠠᠨ ᠲᠣᠭᠲᠠᠭᠠᠯᠲᠠ ᠬᠢᠬᠦ ᠡᠷᠡᠮᠡᠯᠵᠡᠯ ᠦ᠋ᠨ ᠪᠢᠴᠢᠭ》 ᠪᠤᠶᠤ 《 ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ  ᠮᠡᠳᠡᠭᠦᠯᠦᠯᠲᠡ ᠶ᠋ᠢᠨ ᠪᠢᠴᠢᠭ 》 ᠢ᠋ ᠱᠠᠭᠠᠷᠳᠠᠯᠭ᠎ᠠ ᠶᠣᠰᠤ ᠪᠠᠷ ᠲᠠᠭᠯᠠᠨ᠎ᠠ᠃

2. ᠡᠯ᠎ᠡ ᠪᠠᠢᠭᠤᠯᠭ᠎ᠠ ᠶ᠋ᠢᠨ ᠡᠷᠳᠡᠮ ᠰᠢᠨᠵᠢᠯᠡᠭᠡᠨ ᠦ᠌ ᠠᠵᠢᠯ ᠢ᠋ ᠭᠣᠣᠯᠯᠠᠨ ᠬᠠᠮᠢᠶᠠᠷᠳᠠᠭ ᠰᠠᠯᠠᠭ᠎ᠠ ᠮᠥᠴᠢᠷ ᠰᠡᠳᠦᠪ ᠢ᠋ ᠭᠦᠢᠴᠡᠳᠭᠡᠭᠰᠡᠨ ᠬᠢᠨᠠᠨ ᠲᠣᠭᠲᠠᠭᠠᠯᠲᠠ ᠪᠤᠶᠤ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ ᠮᠠᠲ᠋ᠧᠷᠢᠶᠠᠯ ᠢ᠋ ᠬᠢᠨᠠᠨ ᠬᠠᠷᠭᠤᠭᠤᠯᠬᠤ ᠪᠥᠭᠡᠳ《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠰᠡᠳᠦᠪ ᠢ᠋ ᠭᠦᠢᠴᠡᠳᠭᠡᠭᠰᠡᠨ ᠬᠢᠨᠠᠨ ᠲᠣᠭᠲᠠᠭᠠᠯᠲᠠ ᠬᠢᠬᠦ ᠡᠷᠡᠮᠡᠯᠵᠡᠯ ᠦ᠋ᠨ ᠪᠢᠴᠢᠭ》᠂《 2016 ᠣᠨ ᠤ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠰᠡᠳᠦᠪ ᠢ᠋ ᠭᠦᠢᠴᠡᠳᠭᠡᠭᠰᠡᠨ ᠪᠠᠢᠳᠠᠯ ᠤ᠋ᠨ ᠬᠤᠷᠢᠶᠠᠩᠭᠤᠢ ᠬᠦᠰᠦᠨᠦᠭ》ᠪᠤᠶᠤ《 ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ ᠮᠡᠳᠡᠭᠦᠯᠦᠯᠲᠡ ᠶ᠋ᠢᠨ ᠪᠢᠴᠢᠭ》᠂ 《2016 ᠣᠨ ᠤ᠋ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠲᠤᠰᠠᠯᠠᠬᠤ ᠰᠡᠳᠦᠪ ᠦ᠋ᠨ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ  ᠪᠠᠢᠳᠠᠯ ᠤ᠋ᠨ ᠬᠤᠷᠢᠶᠠᠩᠭᠤᠢ ᠬᠦᠰᠦᠨᠦᠭ》 ᠤ᠋ᠨ ᠴᠠᠭᠠᠰᠤᠨ ᠮᠠᠲ᠋ᠧᠷᠢᠶᠠᠯ ᠪᠣᠯᠤᠨ ᠦᠷ᠎ᠡ ᠪᠦᠲᠦᠭᠡᠯ ᠦ᠋ᠨ ᠮᠠᠲ᠋ᠧᠷᠢᠶᠠᠯ( ᠲᠤᠰ ᠪᠦᠷᠢ 3 ᠬᠤᠪᠢ) ᠢ᠋ 2017 ᠣᠨ ᠤ᠋ 12 ᠰᠠᠷ᠎ᠠ ᠶ᠋ᠢᠨ 20 ᠡᠴᠡ ᠡᠮᠦᠨ᠎ᠡ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶ᠋ᠢᠨ ᠭᠠᠵᠠᠷ ᠲᠤ᠌ ᠨᠢᠭᠡᠳᠦᠯᠲᠡᠢ ᠬᠦᠷᠭᠡᠨ᠎ᠡ᠃

3.ᠡᠯᠧᠺᠲ᠋ᠷᠣᠨ ᠪᠢᠴᠢᠭᠯᠡᠯ ᠢ᠋ ᠨᠢᠭᠡ ᠮᠠᠲ᠋ᠧᠷᠢᠶᠠᠯ ᠤᠨ ᠬᠠᠪᠲᠠᠰᠤ ᠪᠣᠯᠭᠠᠵᠤ ᠢᠮᠧᠯ ᠳ᠋ᠤ᠌ ᠶᠠᠪᠤᠭᠤᠯᠤᠨ᠎ᠠ᠄ mgybzy@163.com᠂ ᠮᠠᠲ᠋ᠧᠷᠢᠶᠠᠯ ᠤ᠋ᠨ ᠬᠠᠪᠲᠠᠰᠤ ᠶ᠋ᠢᠨ ᠨᠡᠷᠡᠯᠡᠬᠦ ᠬᠡᠯᠪᠡᠷᠢ ᠨᠢ  ᠰᠡᠳᠦᠪ ᠦ᠋ᠨ ᠳ᠋ᠤᠭᠠᠷ+ ᠰᠡᠳᠦᠪ ᠦ᠋ᠨ ᠬᠠᠷᠢᠭᠤᠴᠠᠯᠭᠠᠲᠠᠨ᠃

4.ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠰᠦᠯᠵᠢᠶᠡᠨ ᠥᠷᠲᠡᠭᠡ(http://www.nmgmzw.gov.cn/) ᠡᠴᠡ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠪᠠ ᠬᠦᠰᠦᠨᠦᠭ ᠰᠡᠳᠦᠪ ᠢ᠋ ᠪᠠᠭᠤᠯᠭᠠᠬᠤ ᠶ᠋ᠢ ᠬᠠᠩᠭᠠᠨ᠎ᠠ᠃

5.ᠡᠯ᠎ᠡ ᠪᠠᠢᠭᠤᠯᠭ᠎ᠠ ᠰᠡᠳᠦᠪ ᠢ᠋ ᠭᠦᠢᠴᠡᠳᠭᠡᠭᠰᠡᠨ ᠮᠠᠲ᠋ᠧᠷᠢᠶᠠᠯ ᠪᠤᠶᠤ ᠳᠤᠮᠳᠠᠴᠢ ᠬᠤᠭᠤᠴᠠᠭᠠᠨ ᠤ᠋ ᠪᠠᠢᠴᠠᠭᠠᠯᠲᠠ ᠶ᠋ᠢᠨ ᠮᠠᠲ᠋ᠧᠷᠢᠶᠠᠯ ᠢ᠋ᠶ᠋ᠠᠨ ᠵᠠᠪᠠᠯ EMS( ᠰᠢᠤᠳᠠᠨ) ᠢ᠋ᠶ᠋ᠡᠷ ᠭᠣᠪᠢᠭᠣᠯᠤᠭᠠᠷᠠᠢ᠃

 

ᠭᠤᠷᠪᠠ᠂ ᠬᠠᠷᠢᠯᠴᠠᠬᠤ ᠠᠷᠭ᠎ᠠ

 

ᠬᠠᠷᠢᠯᠴᠠᠬᠤ ᠬᠥᠮᠦᠨ᠄ ᠴᠢᠩ ᠯᠢᠨ

ᠬᠠᠷᠢᠯᠴᠠᠬᠤ ᠤᠲᠠᠰᠤ᠄ 0471—6945429( ᠹᠠᠺᠰ)

ᠬᠠᠷᠢᠯᠴᠠᠬᠤ ᠬᠠᠶᠢᠭ᠄ ᠥᠪᠦᠷ ᠮᠣᠩᠭᠤᠯ ᠤ᠋ᠨ ᠬᠥᠬᠡᠬᠣᠲᠠ ᠶ᠋ᠢᠨ ᠰᠢᠨ᠎ᠡ ᠬᠣᠲᠠ ᠲᠣᠭᠤᠷᠢᠭ ᠤ᠋ᠨ ᠰᠢᠨᠬᠤᠸᠠ ᠶᠡᠬᠡ ᠵᠡᠭᠡᠯᠢ ᠶ᠋ᠢᠨ 63 ᠳ᠋ᠤᠭᠠᠷ ᠬᠦᠷᠢᠶᠡᠨ ᠦ᠌ 7 ᠳ᠋ᠤᠭᠠᠷ ᠠᠰᠠᠷ ᠤ᠋ᠨ 420 ᠠᠯᠪᠠᠨ ᠭᠡᠷ/ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠬᠠᠮᠢᠶᠠᠷᠤᠯᠲᠠ ᠶ᠋ᠢᠨ ᠭᠠᠵᠠᠷ

ᠰᠢᠤᠳᠠᠨ ᠨᠣᠮᠧᠷ᠄ 010055

 

ᠣᠷᠴᠢᠭᠤᠯᠤᠭᠴᠢ᠄  ᠲᠥᠷᠦᠴᠢᠨ

ᠬᠢᠨᠠᠭᠴᠢ᠄  ᠪᠣᠣ ᠭ᠌ᠸ

ᠬᠠᠷᠢᠭᠤᠴᠠᠭᠰᠠᠨ ᠨᠠᠢᠷᠠᠭᠤᠯᠤᠭᠴᠢ᠄ ᠲᠡᠭᠦᠰᠪᠠᠶᠠᠷ

 

                      ᠢᠷᠡᠯᠲᠡ᠄ ᠮᠣᠩᠭᠤᠯ ᠬᠡᠯᠡ ᠪᠢᠴᠢᠭ ᠤ᠋ᠨ ᠡᠷᠳᠡᠮ ᠰᠢᠨᠵᠢᠯᠡᠭᠡᠨ ᠤ᠋ ᠭᠠᠵᠠᠷ

 

 

 

ᠸᠢᠴᠠᠲ ᠲᠤ ᠪᠠᠨ ᠬᠤᠪᠢᠶᠠᠯᠴᠠᠬᠤ