ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ  ᠤ᠋ᠨ ᠠᠵᠢᠯ ᠤ᠋ᠨ ᠳᠦᠷᠢᠮ

2018.06.06

 

2004 ᠣᠨ ᠤ 11 ᠳ᠋ᠤᠭᠡᠷ ᠰᠠᠷ᠎ᠠ ᠶᠢᠨ 26  ᠤ᠋ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶ᠋ᠢᠨ ᠬᠣᠷᠢᠶᠠᠨ ᠤ᠋ ᠠᠷᠪᠠᠨ ᠬᠣᠶᠠᠳᠤᠭᠠᠷ ᠬᠤᠷᠠᠯᠳᠤᠭᠠᠨ ᠢᠶᠠᠷ ᠪᠠᠲᠤᠯᠠᠪᠠ᠃

 

ᠨᠢᠭᠡᠳᠦᠭᠡᠷ ᠪᠦᠯᠦᠭ   ᠶᠡᠷᠦᠩᠬᠡᠢ ᠳᠦᠷᠢᠮ

 

ᠨᠢᠭᠡᠳᠦᠭᠡᠷ ᠵᠦᠢᠯ  ᠮᠣᠩᠭᠤᠯ ᠦᠭᠡ ᠬᠡᠯᠡ ᠦᠰᠦᠭ ᠪᠢᠴᠢᠭ ᠦ᠋ᠨ ᠳᠦᠷᠢᠮᠵᠢᠯ᠂ ᠪᠠᠷᠢᠮᠵᠢᠶᠠᠵᠢᠯ᠂ ᠰᠤᠷᠤᠯᠴᠠᠯᠭ᠎ᠠ ᠬᠡᠷᠡᠭᠯᠡᠭᠡᠨ ᠦ᠌ ᠵᠢᠷᠤᠮᠵᠢᠯᠲᠠ ᠪᠣᠯᠤᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠴᠡᠴᠡᠭᠯᠡᠯ ᠬᠥᠭᠵᠢᠯᠲᠡ ᠶᠢ ᠠᠬᠢᠭᠤᠯᠵᠤ᠂ ᠨᠡᠢᠭᠡᠮ ᠦ᠋ᠨ ᠠᠮᠢᠳᠤᠷᠠᠯ ᠳᠤ ᠭᠠᠷᠭᠠᠬᠤ ᠦᠢᠯᠡᠳᠦᠯ ᠢ ᠨᠢ ᠤᠯᠠᠮ ᠰᠠᠢᠨ ᠪᠠᠳᠠᠷᠠᠭᠤᠯᠬᠤ ᠶᠢᠨ ᠲᠥᠯᠦᠭᠡ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》 ᠬᠢᠭᠡᠳ ᠤᠯᠤᠰ ᠤᠨ ᠬᠣᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠦᠨᠳᠦᠰᠦᠯᠡᠨ ᠥᠪᠡᠷᠲᠡᠭᠡᠨ ᠵᠠᠰᠠᠬᠤ ᠣᠷᠤᠨ ᠤ᠋ ᠪᠠᠨ ᠪᠣᠳᠠᠲᠤ ᠪᠠᠢᠳᠠᠯ ᠲᠠᠢ ᠤᠶᠠᠯᠳᠤᠭᠤᠯᠵᠤ ᠲᠤᠰ ᠳᠦᠷᠢᠮ ᠢ ᠲᠣᠭᠲᠠᠭᠠᠪᠠ᠃

ᠬᠣᠶᠠᠳᠤᠭᠠᠷ ᠵᠦᠢᠯ  ᠮᠣᠩᠭᠤᠯ ᠦᠭᠡ ᠬᠡᠯᠡ ᠦᠰᠦᠭ ᠪᠢᠴᠢᠭ ᠪᠣᠯ ᠥᠪᠡᠷᠲᠡᠭᠡᠨ ᠵᠠᠰᠠᠬᠤ ᠣᠷᠤᠨ ᠤ᠋ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠥᠨ ᠪᠥᠭᠡᠳ ᠥᠪᠡᠷᠲᠡᠭᠡᠨ ᠵᠠᠰᠠᠬᠤ ᠡᠷᠬᠡ ᠪᠡᠨ ᠬᠡᠷᠡᠭᠵᠢᠭᠦᠯᠬᠦ ᠴᠢᠬᠤᠯᠠ ᠪᠠᠭᠠᠵᠢ ᠮᠥᠨ᠃

ᠥᠪᠡᠷᠲᠡᠭᠡᠨ ᠵᠠᠰᠠᠬᠤ ᠣᠷᠤᠨ ᠤ᠋ ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ ᠡᠷᠬᠡ ᠲᠤᠰᠢᠶᠠᠯ ᠢᠶᠠᠨ ᠭᠦᠢᠴᠡᠳᠬᠡᠬᠦ ᠦᠶᠡᠰ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠳᠡᠭᠡᠨ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠭᠣᠣᠯ ᠪᠣᠯᠭᠠᠵᠤ ᠪᠣᠯᠤᠨ᠎ᠠ᠃

ᠭᠤᠷᠪᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠪᠣᠯᠤᠨ ᠮᠣᠩᠭᠤᠯ ᠦᠭᠡ ᠶᠢᠨ ᠳᠦᠷᠢᠮᠵᠢᠭᠦᠯᠦᠭᠰᠡᠨ ᠪᠢᠴᠢᠯᠭᠡ ᠶᠢ ᠲᠦᠭᠡᠭᠡᠨ ᠳᠡᠯᠭᠡᠷᠡᠭᠦᠯᠬᠦ ᠬᠡᠷᠡᠭᠲᠡᠢ᠂ ᠥᠪᠡᠷᠲᠡᠭᠡᠨ ᠵᠠᠰᠠᠬᠤ ᠣᠷᠤᠨ ᠳ᠋ᠤ᠌ ᠰᠢᠯᠤᠭᠤᠨ ᠬᠥᠬᠡ ᠬᠣᠰᠢᠭᠤ ᠪᠠᠷ ᠲᠥᠯᠦᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠪᠣᠯᠭᠠᠨ᠎ᠠ᠃

ᠳᠥᠷᠪᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠦᠨᠳᠦᠰᠦᠲᠡᠨ ᠦ᠌ ᠠᠷᠠᠳ ᠢᠷᠭᠡᠳ ᠦ᠋ᠨ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠨ ᠰᠤᠷᠴᠤ ᠬᠡᠷᠡᠭᠯᠡᠬᠦ᠂ ᠰᠤᠳᠤᠯᠵᠤ ᠬᠥᠭᠵᠢᠭᠦᠯᠬᠦ ᠡᠷᠬᠡ ᠴᠢᠯᠦᠭᠡ ᠶᠢ ᠪᠠᠲᠤᠯᠠᠬᠤ ᠬᠡᠷᠡᠭᠲᠡᠢ ᠪᠥᠭᠡᠳ ᠦᠨᠳᠦᠰᠦᠲᠡᠨ ᠨᠦ᠍ᠭᠦᠳ ᠦ᠋ᠨ ᠠᠷᠠᠳ ᠢᠷᠭᠡᠳ ᠦ᠋ᠨ ᠮᠣᠩᠭᠤᠯ ᠦᠭᠡ ᠬᠡᠯᠡ ᠦᠰᠦᠭ ᠪᠢᠴᠢᠭ ᠰᠤᠷᠬᠤ᠂ ᠬᠡᠷᠡᠭᠯᠡᠬᠦ᠂ ᠰᠤᠳᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃

ᠲᠠᠪᠤᠳᠤᠭᠠᠷ ᠵᠦᠢᠯ  ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠮᠣᠩᠭᠤᠯ ᠬᠡᠯᠡ ᠪᠢᠴᠢᠭ ᠦ᠋ᠨ ᠠᠵᠢᠯ ᠤᠨ ᠵᠠᠷᠤᠳᠠᠯ ᠢ ᠲᠤᠰ ᠱᠠᠲᠤᠨ ᠤ ᠪᠠᠨ ᠡᠳ᠋ ᠦ᠋ᠨ ᠵᠠᠰᠠᠭ ᠤᠨ ᠲᠥᠰᠦᠪ ᠲᠦ᠍ ᠣᠷᠤᠭᠤᠯᠬᠤ ᠬᠡᠷᠡᠭᠲᠡᠢ᠃

ᠵᠢᠷᠭᠤᠳᠤᠭᠠᠷ ᠵᠦᠢᠯ  ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠪᠠᠢᠭᠤᠯᠤᠮᠵᠢ  ᠨᠢ ᠲᠤᠰ ᠵᠠᠰᠠᠭ ᠵᠠᠬᠢᠷᠭᠠᠨ ᠤ ᠣᠷᠤᠨ ᠤ᠋ ᠬᠡᠪᠴᠢᠶᠡᠨ ᠳ᠋ᠡᠬᠢ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠢ ᠲᠥᠯᠦᠪᠵᠢᠭᠦᠯᠬᠦ᠂ ᠵᠢᠯᠤᠭᠤᠳᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃

ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ᠋ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠳ ᠥᠪᠡᠷᠰᠡᠳ ᠦ᠋ᠨ ᠡᠭᠦᠷᠭᠡ ᠬᠠᠷᠢᠭᠤᠴᠠᠯᠭ᠎ᠠ ᠪᠠᠷ ᠢᠶᠠᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠢ ᠬᠠᠮᠲᠤ ᠪᠠᠷ ᠰᠠᠢᠲᠤᠷ ᠬᠢᠬᠦ ᠬᠡᠷᠡᠭᠲᠡᠢ᠃

ᠳᠣᠯᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠭᠡᠳ ᠳᠣᠪᠤᠢᠮ᠎ᠠ ᠪᠦᠲᠦᠮᠵᠢ ᠭᠠᠷᠭᠠᠭᠰᠠᠨ ᠨᠢᠭᠡᠴᠢ ᠪᠣᠯᠤᠨ ᠬᠤᠪᠢ ᠬᠥᠮᠦᠨ ᠢ᠋ ᠱᠠᠩᠨᠠᠵᠤ ᠬᠥᠬᠢᠭᠦᠯᠦᠨ᠎ᠡ᠃

 

ᠬᠣᠶᠠᠳᠤᠭᠠᠷ ᠪᠦᠯᠦᠭ    ᠰᠤᠷᠤᠯᠴᠠᠯᠭ᠎ᠠ ᠪᠠ ᠰᠤᠷᠭᠠᠨ ᠬᠥᠮᠦᠵᠢᠯ

 

ᠨᠠᠢ᠍ᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠢᠶᠠᠷ ᠬᠢᠴᠢᠶᠡᠯᠯᠡᠬᠦ ᠪᠡᠷ ᠭᠣᠣᠯᠯᠠᠭᠤᠯᠤᠭᠰᠠᠨ ᠡᠯ᠎ᠡ ᠱᠠᠲᠤᠨ ᠤ ᠡᠯ᠎ᠡ ᠲᠥᠷᠦᠯ ᠦ᠋ᠨ ᠰᠤᠷᠭᠠᠨ ᠬᠥᠮᠦᠵᠢᠯ ᠢ᠋ ᠤᠷᠢᠳ ᠢᠶᠠᠷ ᠬᠥᠭᠵᠢᠭᠦᠯᠵᠦ᠂ ᠭᠣᠣᠯᠳᠠᠯᠭ᠎ᠠ ᠲᠠᠢ ᠲᠡᠳᠭᠦᠵᠦ᠂ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ ᠵᠡᠷᠭᠡ ᠪᠡᠷ ᠡᠵᠡᠮᠰᠢᠭᠰᠡᠨ ᠡᠯ᠎ᠡ ᠲᠥᠷᠦᠯ ᠦ᠋ᠨ ᠲᠤᠰᠭᠠᠢ ᠮᠡᠷᠭᠡᠵᠢᠯ ᠦ᠋ᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃

ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠮᠣᠩᠭᠤᠯ ᠢᠶᠠᠷ ᠬᠢᠴᠢᠶᠡᠯᠯᠡᠬᠦ ᠰᠤᠷᠭᠠᠨ ᠬᠥᠮᠦᠵᠢᠯ ᠦ᠋ᠨ ᠪᠡᠯᠡ ᠣᠷᠤᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃

ᠠᠷᠪᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠨᠤᠭᠤᠳ ᠲᠤ ᠲᠥᠷᠦ ᠶ᠋ᠢᠨ ᠪᠣᠳᠤᠯᠭ᠎ᠠ ᠶ᠋ᠢᠨ ᠬᠠᠷᠠᠭᠠᠯᠵᠠᠯ ᠬᠦᠷᠲᠡᠭᠡᠬᠦ ᠪᠠ ᠪᠡᠯᠡ ᠮᠥᠩᠭᠦᠨ ᠦ᠌ ᠨᠥᠬᠦᠪᠦᠷᠢ ᠥᠭᠴᠦ᠂ ᠮᠣᠩᠭᠤᠯ ᠢᠶᠠᠷ ᠬᠢᠴᠢᠶᠡᠯᠯᠡᠬᠦ ᠰᠤᠷᠤᠭᠴᠢ ᠶᠢᠨ ᠰᠤᠷᠤᠯᠭ᠎ᠠ ᠶᠢᠨ ᠵᠠᠷᠤᠳᠠᠯ᠂ ᠢᠬᠢᠷ ᠰᠢᠬᠢᠷ ᠵᠠᠷᠤᠳᠠᠯ᠂ ᠰᠤᠷᠬᠤ ᠪᠢᠴᠢᠭ ᠦ᠋ᠨ ᠵᠠᠷᠤᠳᠠᠯ ᠢ ᠨᠢ ᠬᠥᠩᠭᠡᠯᠡᠬᠦ ᠪᠤᠶᠤ ᠬᠡᠯᠲᠦᠷᠢᠭᠦᠯᠬᠦ ᠬᠡᠷᠡᠭᠲᠡᠢ᠃ ᠡᠭᠦᠨ ᠦ᠌ ᠬᠠᠮᠲᠤ ᠰᠤᠷᠤᠯᠭ᠎ᠠ ᠶᠢᠨ ᠲᠡᠳᠭᠦᠮᠵᠢ ᠶ᠋ᠢᠨ ᠮᠥᠩᠭᠦ᠂ ᠰᠤᠷᠤᠯᠭ᠎ᠠ ᠶᠢᠨ ᠱᠠᠩᠨᠠᠯ ᠤᠨ ᠮᠥᠩᠭᠦᠨ ᠦ᠌ ᠳᠦᠷᠢᠮ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢ ᠶᠢᠨ ᠰᠤᠷᠤᠯᠭ᠎ᠠ ᠪᠠᠨ ᠲᠡᠭᠦᠰᠭᠡᠬᠦ ᠶ᠋ᠢ ᠪᠠᠲᠤᠯᠠᠬᠤ ᠬᠡᠷᠡᠭᠲᠡᠢ᠃

ᠠᠷᠪᠠᠨ ᠨᠢᠭᠡᠳᠦᠭᠡᠷ ᠵᠦᠢᠯ  ᠬᠢᠲᠠᠳ ᠢᠶᠠᠷ ᠬᠢᠴᠢᠶᠡᠯᠯᠡᠬᠦ ᠮᠣᠩᠭᠤᠯ ᠦᠨᠳᠦᠰᠦᠲᠡᠨ ᠦ᠌ ᠳᠤᠮᠳᠠᠳᠤ᠂ ᠪᠠᠭ᠎ᠠ ᠰᠤᠷᠭᠠᠭᠤᠯᠢ ᠨᠤᠭᠤᠳ ᠲᠤ ᠮᠣᠩᠭᠤᠯ ᠬᠡᠯᠡ ᠪᠢᠴᠢᠭ ᠦ᠋ᠨ ᠬᠢᠴᠢᠶᠡᠯ ᠲᠣᠬᠢᠷᠠᠭᠤᠯᠬᠤ ᠬᠡᠷᠡᠭᠲᠡᠢ᠃

ᠠᠷᠪᠠᠨ ᠬᠣᠶᠠᠳᠤᠭᠠᠷ ᠵᠦᠢᠯ  ᠮᠣᠩᠭᠤᠯ ᠬᠥᠮᠦᠨ ᠠᠮᠠ ᠣᠯᠠᠨ ᠲᠠᠢ ᠠᠢᠮᠠᠭ ᠬᠣᠲᠠ ᠮᠣᠩᠭᠤᠯ ᠢᠶᠠᠷ ᠬᠢᠴᠢᠶᠡᠯᠯᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠦ᠋ᠨ ᠰᠤᠷᠭᠠᠭᠤᠯᠢ ᠡᠷᠬᠢᠯᠡᠬᠦ ᠬᠡᠷᠡᠭᠲᠡᠢ᠃

ᠠᠷᠪᠠᠨ ᠭᠤᠷᠪᠠᠳᠤᠭᠠᠷ ᠵᠦᠢᠯ  ᠡᠯ᠎ᠡ ᠲᠥᠷᠦᠯ ᠦ᠋ᠨ ᠳᠡᠭᠡᠳᠦ ᠰᠤᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠪᠡᠷ ᠭᠣᠣᠯᠯᠠᠭᠤᠯᠤᠭᠰᠠᠨ ᠲᠤᠰᠭᠠᠢ ᠮᠡᠷᠭᠡᠵᠢᠯ ᠢ ᠠᠯᠬᠤᠮ ᠠᠯᠬᠤᠮ ᠢᠶᠠᠷ ᠴᠢᠩᠭᠠᠳᠭᠠᠬᠤ ᠪᠤᠶᠤ ᠲᠣᠬᠢᠷᠠᠭᠤᠯᠬᠤ ᠶᠢᠨ ᠬᠠᠮᠲᠤ ᠪᠡᠯᠡᠳᠭᠡᠯ ᠠᠩᠭᠢ ᠶᠢᠨ ᠡᠯᠰᠡᠯᠲᠡ ᠶᠢᠨ ᠬᠡᠪᠴᠢᠶ᠎ᠡ ᠪᠡᠨ ᠥᠷᠭᠡᠳᠭᠡᠵᠦ᠂ ᠪᠡᠯᠡᠳᠭᠡᠯ ᠠᠩᠭᠢ ᠳᠤ ᠮᠣᠩᠭᠤᠯ ᠢᠶᠠᠷ ᠰᠤᠷᠤᠭᠰᠠᠨ ᠰᠤᠷᠤᠭᠴᠢ ᠶᠢ ᠡᠯᠰᠡᠬᠦ ᠬᠡᠷᠡᠭᠲᠡᠢ᠃ ᠡᠯ᠎ᠡ ᠲᠥᠷᠦᠯ ᠦ᠋ᠨ ᠳᠡᠭᠡᠳᠦ ᠰᠤᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠲᠤᠰᠭᠠᠢ ᠮᠡᠷᠭᠡᠵᠢᠯ ᠦ᠋ᠨ ᠰᠤᠷᠤᠭᠴᠢ ᠡᠯᠰᠡᠯᠲᠡ ᠳ᠋ᠦ᠍ ᠲᠤᠰᠠᠭᠠᠷ ᠲᠥᠯᠦᠪᠯᠡᠭᠡ ᠬᠡᠷᠡᠭᠵᠢᠭᠦᠯᠵᠦ᠂ ᠡᠯᠰᠡᠬᠦ ᠰᠤᠷᠤᠭᠴᠢ ᠶᠢᠨ ᠲᠣᠭ᠎ᠠ ᠪᠠᠨ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠃

ᠠᠷᠪᠠᠨ ᠳᠥᠷᠪᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠣᠨᠴᠠᠭᠠᠢ ᠲᠥᠷᠦ ᠶ᠋ᠢᠨ ᠪᠣᠳᠤᠯᠭ᠎ᠠ ᠲᠣᠭᠲᠠᠭᠠᠵᠤ᠂ ᠮᠣᠩᠭᠤᠯ ᠢᠶᠠᠷ ᠬᠢᠴᠢᠶᠡᠯᠯᠡᠬᠦ ᠳᠡᠭᠡᠳᠦ᠂ ᠳᠤᠮᠳᠠ ᠮᠡᠷᠭᠡᠵᠢᠯ ᠦ᠋ᠨ ᠰᠤᠷᠭᠠᠭᠤᠯᠢ ᠲᠡᠭᠦᠰᠭᠡᠭᠰᠡᠨ ᠰᠤᠷᠤᠭᠴᠢᠳ ᠤᠨ ᠠᠵᠢᠯ ᠣᠯᠬᠤ ᠵᠠᠮ ᠢ ᠥᠷᠭᠡᠵᠢᠭᠦᠯᠬᠦ ᠬᠡᠷᠡᠭᠲᠡᠢ ᠪᠥᠭᠡᠳ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠨᠦᠭᠦᠳ ᠮᠣᠩᠭᠤᠯ ᠢᠶᠠᠷ ᠬᠢᠴᠢᠶᠡᠯᠯᠡᠬᠦ ᠳᠡᠭᠡᠳᠦ᠂ ᠳᠤᠮᠳᠠ ᠮᠡᠷᠭᠡᠵᠢᠯ ᠦ᠋ᠨ ᠰᠤᠷᠭᠠᠭᠤᠯᠢ ᠲᠡᠭᠦᠰᠭᠡᠭᠰᠡᠨ ᠰᠤᠷᠤᠭᠴᠢ ᠶᠢ ᠡᠯᠰᠡᠨ ᠬᠡᠷᠡᠭᠯᠡᠬᠦ ᠬᠡᠷᠡᠭᠲᠡᠢ᠃

ᠠᠷᠪᠠᠨ ᠲᠠᠪᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠤᠨ ᠤ᠋ ᠮᠠᠯᠴᠢᠨ ᠲᠠᠷᠢᠶᠠᠴᠢᠳ ᠲᠤ᠌ ᠮᠣᠩᠭᠤᠯ ᠢᠶᠠᠷ ᠬᠢᠴᠢᠶᠡᠯᠯᠡᠬᠦ ᠪᠡᠷ ᠭᠣᠣᠯᠯᠠᠭᠤᠯᠤᠭᠰᠠᠨ ᠬᠡᠷᠡᠭᠯᠡᠭᠡᠨ ᠦ᠌ ᠮᠡᠷᠭᠡᠵᠢᠯ ᠦ᠋ᠨ ᠬᠥᠮᠦᠵᠢᠯ ᠪᠣᠯᠪᠠᠰᠤᠷᠠᠯ ᠬᠦᠷᠲᠡᠭᠡᠵᠦ᠂ ᠬᠡᠷᠡᠭᠯᠡᠭᠡᠨ ᠦ᠌ ᠮᠡᠷᠭᠡᠵᠢᠯ ᠦ᠋ᠨ ᠬᠥᠮᠦᠵᠢᠯ ᠪᠣᠯᠪᠠᠰᠤᠷᠠᠯ ᠤᠨ ᠢᠵᠢ ᠪᠦᠷᠢᠯᠳᠦᠭᠦᠯᠬᠦ ᠪᠠᠢᠭᠤᠯᠤᠯᠲᠠ ᠪᠠᠨ ᠴᠢᠩᠭᠠᠳᠭᠠᠬᠤ ᠬᠡᠷᠡᠭᠲᠡᠢ᠃

 

ᠭᠤᠷᠪᠠᠳᠤᠭᠠᠷ ᠪᠦᠯᠦᠭ   ᠬᠡᠷᠡᠭᠯᠡᠯᠲᠡ ᠪᠠ ᠬᠠᠮᠢᠶᠠᠷᠤᠯᠲᠠ

 

ᠠᠷᠪᠠᠨ ᠵᠢᠷᠭᠤᠳᠤᠭᠠᠷ ᠵᠦᠢᠯ  ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠦ᠋ᠨ ᠠᠯᠪᠠᠨ ᠪᠢᠴᠢᠭ ᠲᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ ᠬᠡᠷᠡᠭᠯᠡᠬᠦ ᠬᠡᠷᠡᠭᠲᠡᠢ᠃

ᠥᠪᠡᠷᠲᠡᠭᠡᠨ ᠵᠠᠰᠠᠬᠤ ᠣᠷᠤᠨ ᠳ᠋ᠤ᠌ ᠰᠠᠭᠤᠭ᠎ᠠ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠦ᠋ᠳ ᠡᠮᠦᠨᠡᠬᠢ ᠪᠠᠳᠠᠭ ᠤᠨ ᠲᠣᠭᠲᠠᠭᠠᠯ ᠢ ᠵᠢᠷᠤᠮᠯᠠᠵᠤ ᠬᠡᠷᠡᠭᠵᠢᠭᠦᠯᠦᠨ᠎ᠡ᠃

ᠠᠷᠪᠠᠨ ᠳᠣᠯᠤᠳᠤᠭᠠᠷ ᠵᠦᠢᠯ  ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠶᠢᠨ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ᠋ᠶ᠋ᠡᠷ ᠠᠵᠢᠯᠯᠠᠳᠠᠭ ᠮᠥᠷᠲᠡᠭᠡᠨ ᠥᠪᠡᠷᠲᠡᠭᠡᠨ ᠵᠠᠰᠠᠬᠤ ᠣᠷᠤᠨ ᠤ᠋ ᠲᠣᠭᠲᠠᠭᠠᠭᠰᠠᠨ ᠪᠠᠷᠢᠮᠵᠢᠶᠠᠨ ᠳᠤ ᠬᠦᠷᠦᠭᠰᠡᠨ ᠠᠵᠢᠯᠲᠠᠳ ᠲᠤ ᠮᠣᠩᠭᠤᠯ ᠦᠭᠡ ᠬᠡᠯᠡ ᠦᠰᠦᠭ ᠪᠢᠴᠢᠭ ᠦ᠋ᠨ ᠨᠡᠮᠡᠯᠭᠡ ᠮᠥᠩᠭᠦ ᠣᠯᠭᠤᠨ᠎ᠠ᠃ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠲᠣᠭᠲᠠᠭᠠᠨ᠎ᠠ᠃

ᠠᠷᠪᠠᠨ ᠨᠠᠢ᠍ᠮᠠᠳᠤᠭᠠᠷ ᠵᠦᠢᠯ  ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠨᠦᠭᠦᠳ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶᠢᠨ ᠪᠠᠢᠭᠤᠯᠤᠮᠵᠢ ᠪᠣᠯᠤᠨ ᠣᠷᠴᠢᠭᠤᠯᠤᠭᠴᠢ ᠶᠢᠨ ᠡᠩᠨᠡᠭᠡᠨ ᠦ᠌ ᠪᠠᠢᠭᠤᠯᠤᠯᠲᠠ ᠪᠠᠨ ᠴᠢᠩᠭᠠᠳᠭᠠᠵᠤ᠂ ᠣᠷᠴᠢᠭᠤᠯᠤᠭᠴᠢ ᠲᠣᠬᠢᠷᠠᠭᠤᠯᠬᠤ ᠬᠡᠷᠡᠭᠲᠡᠢ᠃

ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠶᠢᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶᠢᠨ ᠠᠵᠢᠯᠲᠠᠨ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶᠢᠨ ᠠᠵᠢᠯ ᠤᠨ ᠪᠠᠢᠷᠢ ᠶ᠋ᠢᠨ ᠨᠡᠮᠡᠯᠭᠡ ᠮᠥᠩᠭᠦ ᠬᠦᠷᠲᠡᠨ᠎ᠡ᠃

ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠳ᠋ᠦ᠍ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶᠢᠨ ᠠᠵᠢᠯ ᠬᠢᠵᠦ ᠪᠠᠢᠭ᠎ᠠ ᠬᠥᠮᠦᠰ ᠲᠤᠰᠭᠠᠢ ᠮᠡᠷᠭᠡᠵᠢᠯ ᠦ᠋ᠨ ᠲᠤᠰᠢᠶᠠᠯ ᠤᠨ ᠴᠣᠯᠠ ᠣᠯᠪᠠᠯ ᠡᠮᠨᠡᠯᠭᠡ ᠶᠢᠨ ᠳᠠᠭᠠᠳᠭᠠᠯ᠂ ᠣᠷᠤᠨ ᠰᠠᠭᠤᠴᠠ ᠪᠣᠯᠤᠨ ᠵᠠᠮ ᠤᠨ ᠵᠠᠷᠤᠳᠠᠯ ᠵᠡᠷᠭᠡ ᠲᠠᠯ᠎ᠠ ᠪᠠᠷ ᠠᠳᠠᠯᠢ ᠲᠡᠰ ᠦ᠋ᠨ ᠲᠤᠰᠭᠠᠢ ᠮᠡᠷᠭᠡᠵᠢᠯ ᠦ᠋ᠨ ᠲᠤᠰᠢᠶᠠᠯ ᠤᠨ ᠴᠣᠯᠠ ᠪᠦᠬᠦᠢ ᠠᠵᠢᠯᠲᠠᠨ ᠤ ᠣᠯᠭᠤᠮᠵᠢ ᠬᠦᠷᠲᠡᠨ᠎ᠡ᠃

ᠠᠷᠪᠠ ᠶᠢᠰᠦᠳᠦᠭᠡᠷ ᠵᠦᠢᠯ  ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠨᠦᠭᠦᠳ ᠲᠣᠮᠤ ᠴᠢᠬᠤᠯᠠ ᠬᠤᠷᠠᠯ ᠴᠤᠭᠯᠠᠭᠠᠨ ᠳᠠᠭᠠᠨ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠡᠢ; ᠡᠩ ᠦ᠋ᠨ ᠬᠤᠷᠠᠯ ᠴᠤᠭᠯᠠᠭᠠᠨ ᠳᠤ ᠣᠷᠤᠯᠴᠠᠭᠴᠢᠳ ᠤ᠋ᠨ ᠪᠠᠢᠳᠠᠯ ᠳ᠋ᠤ᠌ ᠦᠨᠳᠦᠰᠦᠯᠡᠵᠦ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠡᠢ᠃

ᠬᠣᠷᠢᠳᠤᠭᠠᠷ ᠵᠦᠢᠯ  ᠡᠯ᠎ᠡ ᠱᠠᠲᠤᠨ ᠤ ᠬᠠᠤᠯᠢ ᠴᠠᠭᠠᠵᠠ ᠶᠢᠨ ᠪᠠᠢᠭᠤᠯᠭ᠎ᠠ ᠨᠤᠭᠤᠳ ᠬᠠᠤᠯᠢ ᠴᠠᠭᠠᠵᠠ ᠶᠢᠨ ᠠᠵᠢᠯᠯᠠᠭᠠᠨ ᠳᠠᠭᠠᠨ ᠦᠨᠳᠦᠰᠦᠲᠡᠨ ᠨᠦ᠍ᠭᠦᠳ ᠦ᠋ᠨ ᠠᠷᠠᠳ ᠢᠷᠭᠡᠳ ᠦ᠋ᠨ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠵᠠᠷᠭᠤᠯᠳᠤᠬᠤ ᠡᠷᠬᠡ ᠴᠢᠯᠦᠭᠡ ᠶᠢ ᠪᠠᠲᠤᠯᠠᠬᠤ ᠬᠡᠷᠡᠭᠲᠡᠢ᠃

ᠬᠣᠷᠢᠨ ᠨᠢᠭᠡᠳᠦᠭᠡᠷ ᠵᠦᠢᠯ  ᠡᠯ᠎ᠡ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠣᠯᠠᠨ ᠲᠦᠮᠡᠨ ᠦ᠌ ᠵᠠᠬᠢᠳᠠᠯ ᠰᠤᠷᠪᠤᠯᠵᠢᠯᠠᠭ᠎ᠠ ᠶᠢ ᠮᠣᠩᠭᠤᠯ ᠦᠭᠡ ᠬᠡᠯᠡ ᠦᠰᠦᠭ ᠪᠢᠴᠢᠭ ᠢᠶᠡᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃

ᠬᠣᠷᠢᠨ ᠬᠣᠶᠠᠳᠤᠭᠠᠷ ᠵᠦᠢᠯ  ᠥᠪᠡᠷᠲᠡᠭᠡᠨ ᠵᠠᠰᠠᠬᠤ ᠣᠷᠤᠨ ᠤ᠋ ᠵᠠᠰᠠᠭ ᠵᠠᠬᠢᠷᠭᠠᠨ ᠤ ᠣᠷᠤᠨ ᠤ᠋ ᠬᠡᠪᠴᠢᠶᠡᠨ ᠳ᠋ᠡᠬᠢ ᠨᠡᠢᠭᠡᠮ ᠦ᠋ᠨ ᠥᠩᠭᠡᠨ ᠬᠡᠷᠡᠭᠯᠡᠭᠡᠨ ᠦ᠌ ᠦᠰᠦᠭ ᠪᠢᠴᠢᠭ ᠲᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠬᠡᠷᠡᠭᠲᠡᠢ᠃

ᠨᠡᠢᠭᠡᠮ ᠦ᠋ᠨ ᠥᠩᠭᠡᠨ ᠬᠡᠷᠡᠭᠯᠡᠭᠡᠨ ᠦ᠌ ᠦᠰᠦᠭ ᠪᠢᠴᠢᠭ ᠦ᠋ᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠲᠣᠭᠲᠠᠭᠠᠨ᠎ᠠ᠃

ᠬᠣᠷᠢᠨ ᠭᠤᠷᠪᠠᠳᠤᠭᠠᠷ ᠵᠦᠢᠯ  ᠨᠡᠢᠲᠡ ᠶ᠋ᠢᠨ ᠦᠢᠯᠡᠴᠢᠯᠡᠭᠡᠨ ᠦ᠌ ᠠᠵᠢᠯ ᠲᠥᠷᠦᠯ ᠦ᠋ᠨ  ᠬᠢᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠠᠷᠠᠳ ᠢᠷᠭᠡᠳ ᠲᠦ᠍ ᠦᠢᠯᠡᠴᠢᠯᠡᠬᠦ ᠳᠡᠭᠡᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ᠃

ᠬᠣᠷᠢᠨ ᠳᠥᠷᠪᠡᠳᠦᠭᠡᠷ ᠵᠦᠢᠯ  ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠢᠯ ᠦᠢᠯᠡᠰ ᠦ᠋ᠨ ᠨᠢᠭᠡᠴᠢ ᠨᠦ᠍ᠭᠦᠳ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ ᠵᠡᠷᠭᠡ ᠪᠡᠷ ᠡᠵᠡᠮᠰᠢᠭᠰᠡᠨ ᠠᠵᠢᠯᠲᠠᠨ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃

ᠬᠣᠷᠢᠨ ᠲᠠᠪᠤᠳᠤᠭᠠᠷ ᠵᠦᠢᠯ  ᠡᠯ᠎ᠡ ᠱᠠᠲᠤᠨ ᠤ ᠲᠥᠷᠦ ᠶ᠋ᠢᠨ ᠪᠠᠢᠭᠤᠯᠭ᠎ᠠ᠂ ᠠᠷᠠᠳ ᠤᠨ ᠪᠦᠯᠬᠦᠮ ᠪᠣᠯᠤᠨ ᠠᠵᠤ ᠠᠬᠤᠢᠯᠠᠯ ᠠᠵᠢᠯ ᠦᠢᠯᠡᠰ ᠦ᠋ᠨ ᠨᠢᠭᠡᠴᠢ ᠨᠦᠭᠦᠳ ᠲᠥᠷᠦ ᠶ᠋ᠢᠨ ᠠᠯᠪᠠᠲᠠᠨ ᠡᠯᠰᠡᠬᠦ᠂ ᠰᠢᠯᠢᠵᠦ ᠳᠡᠪᠰᠢᠭᠦᠯᠬᠦ ᠪᠣᠯᠤᠨ ᠠᠵᠢᠯᠲᠠᠨ ᠤᠷᠢᠵᠤ ᠬᠡᠷᠡᠭᠯᠡᠬᠦ᠂ ᠲᠤᠰᠭᠠᠢ ᠮᠡᠷᠭᠡᠵᠢᠯ ᠦ᠋ᠨ ᠲᠤᠰᠢᠶᠠᠯ ᠤᠨ ᠴᠣᠯᠠ ᠳᠡᠪᠰᠢᠬᠦ ᠵᠡᠷᠭᠡ ᠡᠯ᠎ᠡ ᠵᠦᠢᠯ ᠦ᠋ᠨ ᠰᠢᠯᠭᠠᠯᠲᠠ ᠳᠤ ᠮᠣᠩᠭᠤᠯ ᠢᠶᠠᠷ ᠰᠢᠯᠭᠠᠯᠲᠠ ᠶᠢᠨ ᠰᠡᠳᠦᠪ ᠬᠠᠩᠭᠠᠬᠤ ᠬᠡᠷᠡᠭᠲᠡᠢ ᠪᠥᠭᠡᠳ ᠰᠢᠯᠭᠠᠭᠤᠯᠤᠭᠴᠢ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠷ ᠠᠮᠠᠨ ᠰᠢᠯᠭᠠᠯᠲᠠ ᠪᠣᠯᠤᠨ ᠪᠢᠷ ᠦ᠋ᠨ ᠰᠢᠯᠭᠠᠯᠲᠠ ᠥᠭᠴᠦ ᠪᠣᠯᠤᠨ᠎ᠠ᠃ ᠠᠳᠠᠯᠢ ᠨᠥᠬᠦᠴᠡᠯ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠭᠡ ᠬᠡᠯᠡ ᠦᠰᠦᠭ ᠪᠢᠴᠢᠭ ᠢ ᠵᠡᠷᠭᠡ ᠪᠡᠷ ᠡᠵᠡᠮᠰᠢᠭᠰᠡᠳ ᠢ ᠬᠠᠷᠠᠭᠠᠯᠵᠠᠨ ᠡᠯᠰᠡᠨ᠎ᠡ᠃

ᠬᠣᠷᠢᠨ ᠵᠢᠷᠭᠤᠳᠤᠭᠠᠷ ᠵᠦᠢᠯ  ᠷᠠᠳᠢᠣ᠋᠂ ᠲᠧᠯᠸᠢᠰ᠂ ᠺᠢᠨᠣ᠋ ᠶᠢᠨ ᠪᠠᠢᠭᠤᠯᠤᠮᠵᠢ ᠨᠤᠭᠤᠳ ᠮᠣᠩᠭᠤᠯ ᠬᠡᠯᠡ ᠪᠡᠷ ᠠᠵᠢᠯᠯᠠᠬᠤ ᠠᠵᠢᠯᠲᠠᠨ ᠤ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠵᠤ᠂ ᠣᠯᠠᠨ ᠲᠦᠮᠡᠨ ᠦ᠌ ᠱᠠᠭᠠᠷᠳᠠᠯᠭ᠎ᠠ ᠶᠢ ᠬᠠᠩᠭᠠᠭᠰᠠᠨ ᠡᠯᠪᠡᠭ ᠪᠠᠶᠠᠯᠢᠭ ᠠᠭᠤᠯᠭ᠎ᠠ ᠪᠦᠬᠦᠢ ᠮᠣᠩᠭᠤᠯ ᠬᠡᠯᠡᠨ ᠦ᠌ ᠫᠷᠤᠭ᠌ᠷᠠᠮ ᠪᠣᠯᠤᠨ ᠺᠢᠨᠣ᠋ ᠲᠧᠯᠸᠢᠰ ᠪᠦᠲᠦᠭᠡᠯ ᠨᠠᠢᠷᠠᠭᠤᠯᠤᠨ ᠦᠢᠯᠡᠳᠬᠦ ᠬᠡᠷᠡᠭᠲᠡᠢ ᠪᠥᠭᠡᠳ ᠨᠡᠪᠲᠡᠷᠡᠭᠦᠯᠬᠦ ᠴᠠᠭ ᠪᠣᠯᠤᠨ ᠤᠳᠠᠭ᠎ᠠ ᠶᠢ ᠨᠡᠮᠡᠭᠳᠡᠭᠦᠯᠬᠦ ᠬᠡᠷᠡᠭᠲᠡᠢ᠃

ᠡᠯ᠎ᠡ ᠱᠠᠲᠤᠨ ᠤ ᠤᠷᠠᠯᠢᠭ ᠤᠨ ᠪᠦᠯᠬᠦᠮ ᠮᠣᠩᠭᠤᠯ ᠬᠡᠯᠡᠨ ᠦ᠌ ᠤᠷᠠᠨ ᠰᠠᠢᠬᠠᠨ ᠤ ᠫᠷᠤᠭ᠌ᠷᠠᠮ  ᠢ ᠨᠡᠮᠡᠭᠳᠡᠭᠦᠯᠬᠦ ᠬᠡᠷᠡᠭᠲᠡᠢ᠃

ᠬᠣᠷᠢᠨ ᠳᠣᠯᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠵᠢᠭᠠᠬᠤ ᠮᠠᠲ᠋ᠧᠷᠢᠶᠠᠯ᠂ ᠬᠢᠴᠢᠶᠡᠯ ᠦ᠋ᠨ ᠭᠠᠳᠠᠨᠠᠬᠢ ᠤᠩᠰᠢᠬᠤ ᠪᠢᠴᠢᠭ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠮᠣᠩᠭᠤᠯ ᠰᠣᠨᠢᠨ ᠰᠡᠳᠭᠦᠯ ᠬᠡᠪᠯᠡᠭᠦᠯᠦᠨ ᠲᠠᠷᠬᠠᠭᠠᠬᠤ ᠠᠵᠢᠯ ᠪᠣᠯᠤᠨ ᠮᠣᠩᠭᠤᠯ ᠰᠦᠯᠵᠢᠶᠡᠨ ᠦ᠌ ᠪᠠᠢᠭᠤᠯᠤᠯᠲᠠ ᠶ᠋ᠢ ᠲᠡᠳᠭᠦᠨ ᠳᠡᠮᠵᠢᠬᠦ ᠬᠡᠷᠡᠭᠲᠡᠢ᠃

ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠣᠯᠠᠨ ᠵᠦᠢᠯ ᠦ᠋ᠨ ᠲᠠᠷᠬᠠᠭᠠᠯᠲᠠ ᠶᠢᠨ ᠵᠠᠮ ᠨᠡᠭᠡᠭᠡᠵᠦ᠂ ᠬᠤᠳᠠᠯᠳᠤᠭᠠᠨ ᠤ ᠪᠣᠯᠤᠨ ᠬᠠᠩᠭᠠᠨ ᠪᠣᠷᠤᠯᠠᠭᠤᠯᠬᠤ ᠵᠡᠷᠭᠡ ᠪᠠᠢᠭᠤᠯᠤᠮᠵᠢ ᠮᠣᠩᠭᠤᠯ ᠨᠣᠮ ᠪᠢᠴᠢᠭ ᠣᠷᠤᠯᠠᠨ ᠪᠣᠷᠤᠯᠠᠭᠤᠯᠬᠤ ᠶ᠋ᠢ ᠬᠥᠬᠢᠭᠦᠯᠦᠨ ᠵᠣᠷᠢᠭᠵᠢᠭᠤᠯᠵᠤ᠂ ᠬᠠᠮᠲᠤ ᠨᠡᠢᠲᠡ ᠪᠣᠯᠤᠨ ᠬᠤᠪᠢ ᠬᠥᠮᠦᠨ ᠮᠣᠩᠭᠤᠯ ᠨᠣᠮ ᠤᠨ ᠳᠡᠯᠭᠡᠭᠦᠷ ᠡᠷᠬᠢᠯᠡᠬᠦ ᠶᠢ ᠰᠠᠨᠠᠭᠠᠴᠢᠯᠠᠬᠤ ᠶᠢᠨ ᠬᠠᠮᠲᠤ ᠲᠥᠷᠦ ᠶ᠋ᠢᠨ ᠪᠣᠳᠤᠯᠭ᠎ᠠ ᠶ᠋ᠢᠨ ᠬᠠᠷᠠᠭᠠᠯᠵᠠᠯ ᠦᠵᠡᠭᠦᠯᠬᠦ ᠬᠡᠷᠡᠭᠲᠡᠢ᠃

ᠡᠯ᠎ᠡ ᠱᠠᠲᠤᠨ ᠤ ᠰᠢᠨᠬᠤᠸᠠ ᠨᠣᠮ ᠤᠨ ᠳᠡᠯᠭᠡᠭᠦᠷ ᠮᠣᠩᠭᠤᠯ ᠨᠣᠮ ᠪᠢᠴᠢᠭ ᠲᠠᠷᠬᠠᠭᠠᠬᠤ ᠠᠵᠢᠯ ᠢ ᠰᠠᠢᠲᠤᠷ ᠬᠢᠬᠦ ᠬᠡᠷᠡᠭᠲᠡᠢ ᠪᠥᠭᠡᠳ ᠮᠣᠩᠭᠤᠯ ᠨᠣᠮ ᠬᠤᠳᠠᠯᠳᠤᠬᠤ ᠲᠤᠰᠭᠠᠢ ᠯᠠᠩᠭᠦᠢ ᠭᠠᠷᠭᠠᠬᠤ ᠬᠡᠷᠡᠭᠲᠡᠢ᠃

ᠬᠣᠷᠢᠨ ᠨᠠᠢ᠍ᠮᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠷᠠᠳᠢᠣ᠋᠂ ᠲᠧᠯᠸᠢᠰ᠂ ᠺᠢᠨᠣ᠋᠂ ᠰᠣᠨᠢᠨ ᠰᠡᠳᠭᠦᠯ᠂ ᠨᠣᠮ ᠪᠢᠴᠢᠭ ᠦ᠋ᠨ ᠬᠡᠪᠯᠡᠯ᠂ ᠰᠦᠯᠵᠢᠶᠡᠨ ᠦ᠌ ᠪᠡᠯᠡ ᠣᠷᠤᠭᠤᠯᠤᠯᠲᠠ ᠪᠣᠯᠤᠨ ᠨᠥᠬᠦᠪᠦᠷᠢ ᠮᠥᠩᠭᠦ ᠪᠡᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃

ᠬᠣᠷᠢ ᠶᠢᠰᠦᠳᠦᠭᠡᠷ ᠵᠦᠢᠯ  ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠤᠨ ᠤ᠋ ᠦᠨᠳᠦᠰᠦᠨ ᠱᠠᠲᠤᠨ ᠤ ᠰᠣᠶᠤᠯ ᠤ᠋ᠨ ᠥᠷᠲᠡᠭᠡ ᠪᠣᠯᠤᠨ ᠨᠣᠮ ᠤᠨ ᠥᠷᠦᠭᠡ ᠮᠣᠩᠭᠤᠯ ᠨᠣᠮ ᠪᠢᠴᠢᠭ᠂ ᠰᠣᠨᠢᠨ ᠰᠡᠳᠭᠦᠯ ᠬᠠᠩᠭᠠᠵᠤ᠂ ᠮᠣᠩᠭᠤᠯ ᠺᠢᠨᠣ᠋ ᠲᠧᠯᠸᠢᠰ ᠦ᠋ᠨ ᠪᠦᠲᠦᠭᠡᠯ ᠲᠠᠯᠪᠢᠵᠤ ᠰᠣᠨᠢᠷᠬᠠᠭᠤᠯᠬᠤ ᠬᠡᠷᠡᠭᠲᠡᠢ᠃

 

ᠳᠥᠷᠪᠡᠳᠦᠭᠡᠷ ᠪᠦᠯᠦᠭ     ᠰᠢᠨᠵᠢᠯᠡᠬᠦ ᠤᠬᠠᠭᠠᠨ ᠤ ᠰᠤᠳᠤᠯᠤᠯᠲᠠ ᠪᠠ ᠳᠦᠷᠢᠮᠵᠢᠯ᠂ ᠪᠠᠷᠢᠮᠵᠢᠶᠠᠵᠢᠯ

 

ᠭᠤᠴᠢᠳᠤᠭᠠᠷ ᠵᠦᠢᠯ  ᠮᠣᠩᠭᠤᠯ ᠦᠭᠡ ᠬᠡᠯᠡ ᠦᠰᠦᠭ ᠪᠢᠴᠢᠭ ᠦ᠋ᠨ ᠰᠢᠨᠵᠢᠯᠡᠬᠦ ᠤᠬᠠᠭᠠᠨ ᠤ ᠰᠤᠳᠤᠯᠤᠯ ᠳᠤ ᠦᠨᠳᠦᠰᠦᠨ ᠣᠨᠤᠯ ᠤ᠋ᠨ ᠰᠤᠳᠤᠯᠤᠯ ᠪᠣᠯᠤᠨ ᠬᠡᠷᠡᠭᠯᠡᠭᠡᠨ ᠦ᠌ ᠣᠨᠤᠯ ᠤ᠋ᠨ ᠰᠤᠳᠤᠯᠤᠯ ᠢ ᠵᠡᠷᠭᠡ ᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠷᠤᠯᠴᠠᠯᠭ᠎ᠠ ᠬᠡᠷᠡᠭᠯᠡᠭᠡ ᠪᠣᠯᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃

ᠭᠤᠴᠢᠨ ᠨᠢᠭᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠬᠡᠯᠡ ᠪᠢᠴᠢᠭ ᠦ᠋ᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠭᠠᠵᠤ᠂ ᠭᠣᠣᠯᠳᠠᠯᠭ᠎ᠠ ᠲᠠᠢ ᠰᠤᠳᠤᠯᠭᠠᠨ ᠤ ᠲᠥᠷᠦᠯ ᠵᠦᠢᠯ ᠢ ᠨᠢᠭᠡᠳᠦᠯᠲᠡᠢ ᠲᠣᠬᠢᠷᠠᠭᠤᠯᠵᠤ᠂ ᠨᠢᠭᠡᠳᠦᠯᠲᠡᠢ ᠬᠠᠮᠢᠶᠠᠷᠬᠤ ᠬᠡᠷᠡᠭᠲᠡᠢ ᠪᠥᠭᠡᠳ ᠥᠪᠡᠷᠲᠡᠭᠡᠨ ᠵᠠᠰᠠᠬᠤ ᠣᠷᠤᠨ ᠤ᠋ ᠰᠢᠨᠵᠢᠯᠡᠬᠦ ᠤᠬᠠᠭᠠᠨ ᠤ ᠰᠤᠳᠤᠯᠭᠠᠨ ᠤ ᠲᠥᠯᠦᠪᠵᠢᠭᠦᠯᠭᠡ ᠳ᠋ᠦ᠍ ᠣᠷᠤᠭᠤᠯᠵᠤ᠂ ᠲᠤᠰᠭᠠᠢ ᠵᠠᠷᠤᠳᠠᠯ ᠥᠭᠴᠦ ᠳᠡᠮᠵᠢᠬᠦ ᠬᠡᠷᠡᠭᠲᠡᠢ᠃

ᠮᠣᠩᠭᠤᠯ ᠦᠭᠡ ᠬᠡᠯᠡ ᠦᠰᠦᠭ ᠪᠢᠴᠢᠭ ᠦ᠋ᠨ ᠡᠷᠳᠡᠮ ᠰᠢᠨᠵᠢᠯᠡᠭᠡᠨ ᠦ᠌ ᠪᠠᠢᠭᠤᠯᠤᠮᠵᠢ ᠪᠣᠯᠤᠨ ᠬᠣᠯᠪᠤᠭᠳᠠᠯ ᠪᠦᠬᠦᠢ ᠳᠡᠭᠡᠳᠦ ᠰᠤᠷᠭᠠᠭᠤᠯᠢ ᠨᠤᠭᠤᠳ ᠮᠣᠩᠭᠤᠯ ᠦᠭᠡ ᠬᠡᠯᠡ ᠦᠰᠦᠭ ᠪᠢᠴᠢᠭ ᠦ᠋ᠨ ᠡᠷᠳᠡᠮ ᠰᠢᠨᠵᠢᠯᠡᠭᠡᠨ ᠦ᠌ ᠠᠵᠢᠯᠲᠠᠨ ᠢ ᠲᠥᠯᠦᠪᠯᠡᠭᠡ ᠲᠡᠢ ᠬᠥᠮᠦᠵᠢᠭᠦᠯᠵᠦ᠂ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠠᠵᠢᠯᠲᠠᠨ ᠤ ᠡᠩᠨᠡᠭᠡ ᠶᠢ ᠲᠠᠰᠤᠷᠠᠯᠲᠠ ᠦᠭᠡᠢ ᠥᠷᠭᠡᠵᠢᠭᠦᠯᠬᠦ ᠬᠡᠷᠡᠭᠲᠡᠢ᠃

ᠭᠤᠴᠢᠨ ᠬᠣᠶᠠᠳᠤᠭᠠᠷ ᠵᠦᠢᠯ  ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠪᠠᠢᠭᠤᠯᠤᠮᠵᠢ ᠮᠣᠩᠭᠤᠯ ᠬᠡᠯᠡ ᠪᠢᠴᠢᠭ ᠦ᠋ᠨ ᠳᠦᠷᠢᠮᠵᠢᠯ᠂ ᠪᠠᠷᠢᠮᠵᠢᠶᠠᠵᠢᠯ ᠪᠣᠯᠤᠨ ᠮᠡᠳᠡᠭᠡ ᠵᠠᠩᠭᠢᠵᠢᠯᠲᠠ ᠶ᠋ᠢᠨ ᠠᠵᠢᠯ ᠢ ᠴᠢᠩᠭᠠᠳᠭᠠᠬᠤ ᠬᠡᠷᠡᠭᠲᠡᠢ᠃

ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠪᠠᠢᠭᠤᠯᠤᠮᠵᠢ ᠮᠣᠩᠭᠤᠯ ᠬᠡᠯᠡᠨ ᠦ᠌ ᠬᠢᠷᠢ ᠬᠡᠮ ᠦ᠋ᠨ ᠰᠢᠯᠭᠠᠯᠲᠠ ᠶᠢ ᠵᠣᠬᠢᠶᠠᠨ ᠪᠠᠢᠭᠤᠯᠵᠤ᠂ ᠮᠣᠩᠭᠤᠯ ᠬᠡᠯᠡ ᠪᠡᠷ ᠠᠵᠢᠯᠯᠠᠳᠠᠭ ᠠᠵᠢᠯᠲᠠᠳ ᠲᠤ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠣᠯᠤᠨ ᠰᠢᠯᠭᠠᠯᠲᠠ ᠬᠢᠬᠦ ᠬᠡᠷᠡᠭᠲᠡᠢ᠃

ᠭᠤᠴᠢᠨ ᠭᠤᠷᠪᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠣᠶᠤᠯ ᠤ᠋ᠨ ᠥᠪ ᠢ ᠬᠠᠮᠠᠭᠠᠯᠠᠬᠤ ᠠᠵᠢᠯ ᠢ ᠴᠢᠩᠭᠠᠳᠭᠠᠬᠤ᠂ ᠮᠣᠩᠭᠤᠯ ᠰᠤᠳᠤᠷ ᠪᠢᠴᠢᠭ ᠢ ᠠᠪᠤᠷᠠᠬᠤ᠂ ᠴᠤᠭᠯᠠᠭᠤᠯᠬᠤ᠂ ᠡᠮᠬᠢᠳᠭᠡᠬᠦ᠂ ᠬᠡᠪᠯᠡᠭᠦᠯᠬᠦ ᠠᠵᠢᠯ ᠢ ᠰᠠᠢᠲᠤᠷ ᠬᠢᠬᠦ ᠬᠡᠷᠡᠭᠲᠡᠢ᠃

ᠭᠤᠴᠢᠨ ᠳᠥᠷᠪᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠭᠠᠵᠠᠷ ᠣᠷᠤᠨ ᠰᠤᠨᠳᠠᠯᠠᠭᠰᠠᠨ ᠬᠠᠮᠵᠢᠯᠴᠠᠭ᠎ᠠ ᠪᠣᠯᠤᠨ ᠤᠯᠤᠰ ᠬᠣᠭᠤᠷᠤᠨᠳᠤ ᠶ᠋ᠢᠨ ᠰᠣᠯᠢᠯᠴᠠᠭ᠎ᠠ ᠪᠠᠨ ᠴᠢᠩᠭᠠᠳᠭᠠᠬᠤ ᠬᠡᠷᠡᠭᠲᠡᠢ᠃

 

ᠲᠠᠪᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ

 

ᠭᠤᠴᠢᠨ ᠲᠠᠪᠤᠳᠤᠭᠠᠷ ᠵᠦᠢᠯ  ᠲᠤᠰ ᠳᠦᠷᠢᠮ ᠦ᠋ᠨ ᠠᠷᠪᠠᠨ ᠵᠢᠷᠭᠤᠳᠤᠭᠠᠷ ᠵᠦᠢᠯ ᠦ᠋ᠨ ᠲᠣᠭᠲᠠᠭᠠᠯ ᠢ ᠵᠥᠷᠢᠴᠡᠪᠡᠯ ᠬᠣᠯᠪᠤᠭᠳᠠᠯ ᠪᠦᠬᠦᠢ ᠰᠠᠯᠠᠭ᠎ᠠ ᠮᠥᠴᠢᠷ ᠡᠴᠡ ᠰᠢᠭᠤᠳ ᠬᠠᠷᠢᠭᠤᠴᠠᠯᠭ᠎ᠠ ᠪᠦᠬᠦᠢ ᠭᠣᠣᠯ ᠬᠠᠮᠢᠶᠠᠷᠤᠭᠴᠢ ᠪᠣᠯᠤᠨ ᠰᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠰ ᠲᠦ᠍ ᠬᠠᠤᠯᠢ ᠶᠣᠰᠤ ᠪᠠᠷ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃

ᠭᠤᠴᠢᠨ ᠵᠢᠷᠭᠤᠳᠤᠭᠠᠷ ᠵᠦᠢᠯ  ᠲᠤᠰ ᠳᠦᠷᠢᠮ ᠦ᠋ᠨ ᠬᠣᠷᠢᠨ ᠬᠣᠶᠠᠳᠤᠭᠠᠷ ᠵᠦᠢᠯ ᠦ᠋ᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠪᠡᠯ ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠢᠵᠠᠭᠠᠷᠯᠠᠭᠰᠠᠨ ᠬᠤᠭᠤᠴᠠᠭᠠᠨ ᠳᠤ ᠦᠯᠦ ᠵᠠᠯᠠᠷᠠᠭᠤᠯᠤᠭᠴᠢᠳ ᠢ 300 ᠲᠥᠭᠦᠷᠢᠭ ᠡᠴᠡ ᠳᠡᠭᠡᠭᠰᠢ 2000 ᠲᠥᠭᠦᠷᠢᠭ ᠡᠴᠡ ᠳᠣᠷᠤᠭᠰᠢᠬᠢ ᠵᠣᠭᠤᠰ ᠢᠶᠠᠷ ᠲᠣᠷᠭᠠᠨ᠎ᠠ᠃

ᠭᠤᠴᠢᠨ ᠳᠣᠯᠤᠳᠤᠭᠠᠷ ᠵᠦᠢᠯ  ᠲᠤᠰ ᠳᠦᠷᠢᠮ ᠦ᠋ᠨ ᠪᠤᠰᠤᠳ ᠵᠦᠢᠯ ᠪᠠᠳᠠᠭ ᠤᠨ ᠲᠣᠭᠲᠠᠭᠠᠯ ᠤᠳ ᠢ ᠵᠥᠷᠢᠴᠡᠪᠡᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠤᠨ ᠵᠠᠷᠯᠢᠭᠳᠠᠨ ᠵᠠᠯᠠᠷᠠᠭᠤᠯᠤᠨ᠎ᠠ; ᠵᠠᠯᠠᠷᠠᠭᠤᠯᠬᠤ ᠶᠢ ᠲᠡᠪᠴᠢᠭᠰᠡᠳ ᠢ ᠡᠷᠬᠡᠪᠰᠢ ᠰᠢᠢᠳᠪᠦᠷᠢᠯᠡᠬᠦ ᠬᠡᠷᠡᠭᠲᠡᠢ᠃

ᠭᠤᠴᠢᠨ ᠨᠠᠢ᠍ᠮᠠᠳᠤᠭᠠᠷ ᠵᠦᠢᠯ  ᠲᠥᠷᠦ ᠶ᠋ᠢᠨ ᠪᠠᠢᠭᠤᠯᠭ᠎ᠠ ᠶ᠋ᠢᠨ ᠠᠵᠢᠯᠲᠠᠨ ᠡᠷᠬᠡ ᠲᠤᠰᠢᠶᠠᠯ ᠢᠶᠠᠨ ᠭᠦᠢᠴᠡᠳᠬᠡᠬᠦ ᠦᠶᠡᠰ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ ᠪᠠᠢᠲᠠᠯ᠎ᠠ ᠬᠡᠷᠡᠭᠯᠡᠭᠰᠡᠨ ᠦᠭᠡᠢ ᠪᠤᠶᠤ ᠠᠷᠠᠳ ᠢᠷᠭᠡᠳ ᠦ᠋ᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠶᠢ ᠬᠠᠷᠰᠢᠯᠠᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠢᠪᠠᠯ ᠬᠣᠯᠪᠤᠭᠳᠠᠯ ᠪᠦᠬᠦᠢ ᠰᠠᠯᠠᠭ᠎ᠠ ᠮᠥᠴᠢᠷ ᠡᠴᠡ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃

ᠭᠤᠴᠢ ᠶᠢᠰᠦᠳᠦᠭᠡᠷ ᠵᠦᠢᠯ  ᠬᠣᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠪᠠᠢᠭᠤᠯᠤᠮᠵᠢ ᠶ᠋ᠢᠨ ᠠᠵᠢᠯᠲᠠᠨ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠤ ᠪᠠᠷ ᠭᠦᠢᠴᠡᠳᠬᠡᠬᠦ ᠦᠭᠡᠢ ᠪᠤᠶᠤ ᠬᠠᠤᠯᠢ ᠪᠤᠰᠤ ᠠᠵᠢᠯᠯᠠᠭ᠎ᠠ ᠶᠢ ᠪᠠᠢᠴᠠᠭᠠᠵᠤ ᠰᠢᠢᠳᠪᠦᠷᠢᠯᠡᠬᠦ ᠦᠭᠡᠢ ᠪᠣᠯ ᠬᠣᠯᠪᠤᠭᠳᠠᠯ ᠪᠦᠬᠦᠢ ᠰᠠᠯᠠᠭ᠎ᠠ ᠮᠥᠴᠢᠷ ᠡᠴᠡ ᠰᠢᠭᠤᠳ ᠬᠠᠷᠢᠭᠤᠴᠠᠯᠭ᠎ᠠ ᠪᠦᠬᠦᠢ ᠭᠣᠣᠯ ᠬᠠᠮᠢᠶᠠᠷᠤᠭᠴᠢ ᠪᠣᠯᠤᠨ ᠰᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠦᠰ ᠲᠦ᠍ ᠬᠠᠤᠯᠢ ᠶᠣᠰᠤ ᠪᠠᠷ ᠵᠠᠰᠠᠭ ᠵᠠᠬᠢᠷᠭᠠᠨ ᠤ ᠰᠢᠢᠳᠭᠡᠯ ᠣᠯᠭᠤᠨ᠎ᠠ᠃

 

ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ

 

ᠳᠥᠴᠢᠳᠦᠭᠡᠷ ᠵᠦᠢᠯ  ᠲᠤᠰ ᠳᠦᠷᠢᠮ ᠢ 2005 ᠣᠨ ᠤ 5 ᠳ᠋ᠤᠭᠠᠷ ᠰᠠᠷ᠎ᠠ ᠶᠢᠨ 1 ᠦ᠌ ᠡᠳᠦᠷ ᠡᠴᠡ ᠡᠬᠢᠯᠡᠨ ᠬᠡᠷᠡᠭᠵᠢᠭᠦᠯᠦᠨ᠎ᠡ᠃

 

ᠡᠬᠡ ᠪᠢᠴᠢᠭ ᠬᠠᠩᠭᠠᠭᠴᠢ᠄  ᠠᠯᠲᠠᠨ᠌ᠣ᠋ᠳᠣ

ᠬᠢᠨᠠᠨ ᠬᠠᠷᠭᠤᠭᠤᠯᠤᠭᠴᠢ᠄ ᠲᠤᠩᠭᠠᠯᠠᠭ 

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ