ᠪᠤᠭᠤᠲᠤ ᠬᠤᠳᠠ ᠶᠢᠨ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠬᠠᠮᠢᠶᠠᠷᠤᠯᠲᠠ ᠶ᠋ᠢᠨ ᠳᠦᠷᠢᠮ

2018.06.06

 

(2001 ᠣᠨ ᠤ 12 ᠰᠠᠷ᠎ᠠ ᠶᠢᠨ 27 ᠤ᠋ ᠡᠳᠦᠷ ᠪᠤᠭᠤᠲᠤ ᠬᠣᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶ᠋ᠢᠨ ᠬᠣᠷᠢᠶᠠᠨ ᠤ ᠬᠣᠷᠢᠨ ᠵᠢᠷᠭᠤᠳᠤᠭᠠᠷ ᠬᠤᠷᠠᠯᠳᠤᠭᠠᠨ ᠢᠶᠠᠷ ᠪᠠᠲᠤᠯᠠᠵᠤ᠂ 2002 ᠣᠨ ᠤ 3 ᠰᠠᠷ᠎ᠠ ᠶᠢᠨ 21 ᠦ᠌ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶ᠋ᠢᠨ ᠬᠣᠷᠢᠶᠠᠨ ᠤ ᠬᠣᠷᠢ ᠶᠢᠰᠦᠳᠦᠭᠡᠷ ᠬᠤᠷᠠᠯᠳᠤᠭᠠᠨ ᠢᠶᠠᠷ ᠵᠥᠪᠰᠢᠶᠡᠷᠡᠵᠦ᠂ 2009 ᠣᠨ ᠤ 9 ᠰᠠᠷ᠎ᠠ ᠶᠢᠨ 24 ᠦ᠌ ᠡᠳᠦᠷ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶ᠋ᠢᠨ ᠬᠣᠷᠢᠶᠠᠨ ᠤ ᠠᠷᠪᠠᠳᠤᠭᠠᠷ ᠬᠤᠷᠠᠯᠳᠤᠭᠠᠨ ᠢᠶᠠᠷ 《 ᠪᠤᠭᠤᠲᠤ ᠬᠣᠲᠠ ᠶᠢᠨ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶ᠋ᠢᠨ ᠬᠣᠷᠢᠶᠠᠨ ᠤ < ᠪᠤᠭᠤᠲᠤ ᠬᠣᠲᠠ ᠶᠢᠨ ᠨᠡᠢᠭᠡᠮ ᠦ᠋ᠨ ᠥᠩᠭᠡᠨ ᠬᠡᠷᠡᠭᠯᠡᠭᠡᠨ ᠳᠦ ᠮᠣᠩᠭᠤᠯ ᠬᠢᠲᠠᠳ ᠬᠣᠶᠠᠷ ᠵᠦᠢᠯ ᠦᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ> ᠳ᠋ᠦ᠍ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》 ᠢ᠋ ᠵᠥᠪᠰᠢᠶᠡᠷᠡᠭᠰᠡᠨ ᠰᠢᠢᠳᠪᠦᠷᠢ  ᠶ᠋ᠢ ᠦᠨᠳᠦᠰᠦᠯᠡᠨ ᠵᠠᠰᠠᠪᠤᠷᠢ ᠣᠷᠤᠭᠤᠯᠪᠠ)

 

ᠨᠢᠭᠡᠳᠦᠭᠡᠷ ᠵᠦᠢᠯ  ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠬᠠᠮᠢᠶᠠᠷᠤᠯᠲᠠ ᠶ᠋ᠢ ᠴᠢᠩᠭᠠᠳᠭᠠᠨ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶ᠋ᠢ ᠠᠬᠢᠭᠤᠯᠬᠤ ᠶᠢᠨ ᠲᠥᠯᠦᠭᠡ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》ᠪᠠ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠭᠡᠯᠡ ᠦᠰᠦᠭ ᠪᠢᠴᠢᠭ ᠦ᠋ᠨ ᠠᠵᠢᠯ ᠤᠨ ᠳᠦᠷᠢᠮ》 ᠢ᠋ ᠦᠨᠳᠦᠰᠦᠯᠡᠵᠦ᠂ ᠲᠤᠰ ᠬᠤᠳᠠ ᠶᠢᠨ ᠪᠤᠳᠠᠲᠦ ᠪᠠᠢᠳᠠᠯ ᠲᠠᠢ ᠤᠶᠠᠯᠳᠤᠭᠤᠯᠤᠨ ᠲᠤᠰ ᠳᠦᠷᠢᠮ ᠢ᠋ ᠲᠣᠭᠲᠠᠭᠠᠪᠠ᠃

ᠬᠣᠶᠠᠳᠤᠭᠠᠷ ᠵᠦᠢᠯ  ᠲᠤᠰ ᠬᠤᠳᠠ ᠶᠢᠨ ᠵᠠᠰᠠᠭ ᠵᠠᠬᠢᠷᠭᠠᠨ ᠤ ᠣᠷᠤᠨ ᠤ᠋ ᠳᠣᠲᠤᠷᠠᠬᠢ ᠠᠯᠢᠪᠠ ᠨᠢᠭᠡᠴᠢ ᠪᠣᠯᠤᠨ ᠬᠤᠪᠢ ᠬᠥᠮᠦᠨ ᠴᠥᠮ ᠲᠤᠰ ᠳᠦᠷᠢᠮ ᠢ᠋ ᠵᠢᠷᠤᠮᠯᠠᠨ ᠰᠠᠬᠢᠬᠤ ᠬᠡᠷᠡᠭᠲᠡᠢ᠃

ᠭᠤᠷᠪᠠᠳᠤᠭᠠᠷ ᠵᠦᠢᠯ  ᠳᠣᠣᠷᠠᠬᠢ ᠮᠡᠲᠦ ᠶ᠋ᠢᠨ ᠨᠡᠢᠭᠡᠮ ᠦ᠋ᠨ ᠥᠩᠭᠡᠨ ᠬᠡᠷᠡᠭᠯᠡᠭᠡᠨ ᠦ᠌ ᠦᠰᠦᠭ ᠪᠢᠴᠢᠭ ᠲᠦ᠍᠂ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠠᠪᠠᠯ ᠵᠡᠷᠭᠡᠴᠡᠭᠦᠯᠦᠨ ᠬᠡᠷᠡᠭᠯᠡᠨ᠎ᠡ᠄

(ᠨᠢᠭᠡ) ᠨᠢᠭᠡᠴᠢ ᠶᠢᠨ ᠨᠡᠷ᠎ᠡ᠂ ᠰᠣᠨᠢᠨ ᠰᠡᠳᠭᠦᠯ ᠦ᠋ᠨ ᠨᠡᠷ᠎ᠡ᠂ ᠠᠯᠪᠠᠨ ᠲᠠᠮᠠᠭ᠎ᠠ᠂ ᠪᠢᠴᠢᠭ ᠮᠠᠲ᠋ᠧᠷᠢᠶᠠᠯ ᠤᠨ ᠲᠦᠷᠦᠭᠦᠦ᠂ ᠫᠠᠢᠰᠠ ᠢᠯᠡᠷᠬᠡᠢᠯᠡᠯ᠂ ᠦᠨᠡᠮᠯᠡᠯ᠂ ᠬᠥᠬᠢᠭᠦᠯᠦᠯ ᠦ᠋ᠨ ᠦᠨᠡᠮᠯᠡᠯ᠂ ᠬᠡᠮᠡᠷᠯᠢᠭ ᠲᠤᠭ᠂ ᠵᠠᠬᠢᠳᠠᠯ ᠤᠨ ᠳᠤᠭᠲᠤᠢ᠂ ᠵᠠᠬᠢᠳᠠᠯ ᠤᠨ ᠴᠠᠭᠠᠰᠤᠨ ᠳᠡᠭᠡᠷ᠎ᠡ ᠳᠠᠷᠤᠮᠠᠯᠯᠠᠭᠰᠠᠨ ᠨᠢᠭᠡᠴᠢ ᠶᠢᠨ ᠨᠡᠷ᠎ᠡ;

(ᠬᠤᠶᠠᠷ) ᠶᠡᠬᠡ ᠬᠡᠪᠴᠢᠶᠡᠨ ᠦ᠌ ᠬᠤᠷᠠᠯ ᠴᠤᠭᠯᠠᠭᠠᠨ᠂ ᠴᠢᠬᠤᠯᠠ ᠶᠡᠬᠡ ᠠᠵᠢᠯᠯᠠᠭᠠᠨ ᠤ ᠬᠤᠷᠠᠯ ᠤᠨ ᠡᠯᠭᠦᠭᠡᠰᠦ᠂ ᠡᠯᠭᠦᠭᠡ ᠪᠢᠴᠢᠭᠡᠰᠦ᠂ ᠬᠥᠨᠳᠡᠯᠡᠨ ᠪᠢᠴᠢᠭᠡᠰᠦ᠂ ᠰᠠᠭᠤᠳᠠᠯ ᠤᠨ ᠤᠶᠠᠭᠠᠰᠤ;

(ᠭᠤᠷᠪᠠ) ᠨᠢᠰᠭᠡᠯ ᠦ᠋ᠨ ᠪᠠᠭᠤᠳᠠᠯ ᠤᠨ ᠨᠡᠷ᠎ᠡ᠂ ᠲᠡᠷᠭᠡᠨ ᠥᠷᠲᠡᠭᠡᠨ ᠦ᠌ ᠨᠡᠷ᠎ᠡ᠂ ᠵᠠᠮ ᠬᠠᠷᠢᠯᠴᠠᠭᠠᠨ ᠤ ᠲᠡᠮᠳᠡᠭ᠂ ᠮᠠᠰᠢᠨ ᠲᠡᠷᠭᠡᠨ ᠦ᠌ ᠡᠭᠦᠳᠡᠨ ᠳᠡᠭᠡᠷᠡᠬᠢ ᠨᠢᠭᠡᠴᠢ ᠶᠢᠨ ᠨᠡᠷ᠎ᠡ;

(ᠳᠥᠷᠪᠡ) ᠵᠡᠭᠡᠯᠢ ᠭᠤᠳᠤᠮᠵᠢ ᠶᠢᠨ ᠨᠡᠷ᠎ᠡ᠂ ᠵᠠᠮ ᠤᠨ ᠲᠡᠮᠳᠡᠭ᠂ ᠳᠡᠯᠭᠡᠭᠦᠷ ᠦ᠋ᠨ ᠫᠠᠢᠰᠠ᠂ ᠡᠭᠦᠳᠡᠨ ᠫᠠᠢᠰᠠ᠂ ᠤᠯᠠᠨ ᠨᠡᠢᠲᠡ ᠶ᠋ᠢᠨ ᠭᠠᠵᠠᠷ ᠤᠨ ᠲᠥᠬᠦᠭᠡᠷᠦᠮᠵᠢ ᠶ᠋ᠢᠨ ᠨᠡᠷ᠎ᠡ᠂ ᠵᠠᠭᠠᠭ ᠤᠨ ᠲᠡᠮᠳᠡᠭ ᠫᠠᠢᠰᠠ;

(ᠲᠠᠪᠤ) ᠭᠣᠣᠯ ᠵᠡᠭᠡᠯᠢ ᠭᠤᠳᠤᠮᠵᠢ ᠶᠢᠨ ᠵᠠᠷ ᠲᠤᠩᠬᠠᠭ ᠤᠨ ᠭᠣᠣᠯ ᠦᠰᠦᠭ᠂ ᠡᠯᠧᠺᠲ᠋ᠷᠣᠨ ᠬᠥᠰᠢᠭᠡᠨ ᠳᠡᠭᠡᠷ᠎ᠡ ᠲᠣᠳᠤᠷᠠᠭᠰᠠᠨ ᠦᠰᠦᠭ;

(ᠵᠢᠷᠭᠤᠭ᠎ᠠ) ᠵᠠᠰᠠᠭ ᠵᠠᠬᠢᠷᠭᠠᠨ ᠤ ᠪᠠᠢᠭᠤᠯᠭ᠎ᠠ ᠪᠠ ᠬᠠᠤᠯᠢ ᠴᠠᠭᠠᠵᠠ ᠶᠢᠨ ᠪᠠᠢᠭᠤᠯᠭ᠎ᠠ ᠶ᠋ᠢᠨ ᠵᠠᠷᠯᠠᠯ᠂ ᠲᠤᠩᠬᠠᠭ ᠵᠡᠷᠭᠡ;

(ᠳᠣᠯᠤᠭ᠎ᠠ) ᠡᠵᠡᠩᠨᠡᠯᠲᠡ ᠶ᠋ᠢᠨ ᠪᠠᠲᠤᠯᠠᠪᠤᠷᠢ᠂ ᠭᠠᠢᠯᠢ ᠶᠢᠨ ᠶᠠᠪᠤᠳᠠᠯ ᠤᠨ ᠪᠦᠷᠢᠳᠭᠡᠯ ᠦ᠋ᠨ ᠦᠨᠡᠮᠯᠡᠯ;

(ᠨᠠᠢ᠍ᠮᠠ) ᠤᠯᠠᠨ ᠨᠡᠢᠲᠡ ᠳ᠋ᠦ᠍ ᠮᠡᠳᠡᠭᠳᠡᠬᠦ ᠪᠡᠷ ᠱᠠᠭᠠᠷᠳᠠᠭᠳᠠᠬᠤ ᠪᠤᠰᠤᠳ ᠵᠦᠢᠯ ᠦ᠋ᠨ ᠨᠡᠢᠭᠡᠮ ᠦ᠋ᠨ ᠥᠩᠭᠡᠨ ᠲᠠᠯ᠎ᠠ ᠳᠠᠬᠢ ᠬᠡᠷᠡᠭᠯᠡᠭᠡᠨ ᠦ᠌ ᠦᠰᠦᠭ ᠪᠢᠴᠢᠭ ᠦ᠋ᠳ ᠪᠣᠯᠤᠨ᠎ᠠ᠃

ᠳᠥᠷᠪᠡᠳᠦᠭᠡᠷ ᠵᠦᠢᠯ  ᠬᠤᠳᠠ ᠪᠣᠯᠤᠨ ᠬᠣᠰᠢᠭᠤ ᠰᠢᠶᠠᠨ ᠲᠣᠭᠤᠷᠢᠭ ᠤ᠋ᠨ ᠠᠷᠠᠳ ᠤ᠋ᠨ ᠵᠠᠰᠠᠭ ᠤᠨ ᠣᠷᠳᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠲᠤᠰ ᠬᠠᠷᠢᠶ᠎ᠠ ᠣᠷᠤᠨ ᠤ᠋ ᠪᠠᠨ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠠᠵᠢᠯ ᠢ ᠬᠠᠷᠢᠭᠤᠴᠠᠵᠤ᠂ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠶ᠋ᠢ ᠵᠢᠭᠠᠨ ᠵᠢᠯᠤᠭᠤᠳᠬᠤ᠂ ᠬᠠᠮᠢᠶᠠᠷᠬᠤ᠂ ᠱᠠᠭᠠᠷᠳᠠᠨ ᠠᠬᠢᠭᠤᠯᠬᠤ᠂ ᠪᠠᠢᠴᠠᠭᠠᠬᠤ ᠠᠵᠢᠯ ᠢ ᠰᠠᠢᠲᠤᠷ ᠬᠢᠬᠦ ᠬᠡᠷᠡᠭᠲᠡᠢ᠃

ᠳᠣᠲᠤᠭᠠᠳᠤ ᠶ᠋ᠢ ᠬᠠᠮᠠᠭᠠᠯᠠᠬᠤ᠂ ᠪᠦᠲᠦᠭᠡᠨ ᠪᠠᠢᠭᠤᠯᠤᠯᠲᠠ᠂ ᠬᠤᠳᠠ ᠶᠢᠨ ᠬᠠᠮᠢᠶᠠᠷᠤᠯᠲᠠ ᠶ᠋ᠢᠨ ᠬᠠᠤᠯᠢ ᠬᠡᠷᠡᠭᠵᠢᠭᠦᠯᠦᠯᠲᠡ᠂ ᠠᠷᠠᠳ ᠤ᠋ᠨ ᠶᠠᠪᠤᠳᠠᠯ᠂ ᠦᠢᠯᠡᠳᠪᠦᠷᠢ ᠬᠤᠳᠠᠯᠳᠤᠭ᠎ᠠ᠂ ᠰᠢᠤᠳᠠᠨ ᠤ ᠶᠠᠪᠤᠳᠠᠯ᠂ ᠵᠠᠮ ᠬᠠᠷᠢᠯᠴᠠᠭ᠎ᠠ᠂ ᠭᠠᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠦ᠋ᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶᠡᠨ ᠳ᠋ᠦ᠍᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠬᠠᠮᠢᠶᠠᠷᠤᠯᠲᠠ ᠶ᠋ᠢᠨ ᠠᠵᠢᠯ ᠢ ᠰᠠᠢᠲᠤᠷ ᠬᠢᠬᠦ ᠬᠡᠷᠡᠭᠲᠡᠢ᠃

ᠲᠠᠪᠤᠳᠤᠭᠠᠷ ᠵᠦᠢᠯ  ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠬᠡᠷᠡᠭᠯᠡᠬᠦ ᠮᠣᠩᠭᠤᠯ ᠬᠢᠲᠠᠳ ᠦᠰᠦᠭ ᠪᠢᠴᠢᠭ ᠨᠢ ᠡᠷᠬᠡᠪᠰᠢ ᠳᠦᠷᠢᠮᠵᠢᠭᠰᠡᠨ ᠦᠰᠦᠭ ᠪᠠᠢᠬᠤ ᠶ᠋ᠢᠨ ᠬᠠᠮᠲᠤ ᠳᠣᠣᠷᠠᠬᠢ ᠮᠡᠲᠦ ᠶ᠋ᠢᠨ ᠲᠣᠭᠲᠠᠭᠠᠯ ᠢᠶᠠᠷ ᠪᠢᠴᠢᠵᠦ᠂ ᠦᠢᠯᠡᠳᠴᠦ᠂ ᠡᠯᠭᠦᠨ᠎ᠡ᠄

(ᠨᠢᠭᠡ) ᠬᠥᠨᠳᠡᠯᠡᠨ ᠢ᠋ᠶ᠋ᠡᠷ ᠪᠢᠴᠢᠪᠡᠯ᠂ ᠮᠣᠩᠭᠤᠯ ᠦᠰᠦᠭ ᠢ ᠳᠡᠭᠡᠷ᠎ᠡ ᠨᠢ ᠪᠢᠴᠢᠵᠦ᠂ ᠬᠢᠲᠠᠳ ᠦᠰᠦᠭ ᠢ ᠳᠣᠣᠷ᠎ᠠ ᠨᠢ ᠪᠢᠴᠢᠨ᠎ᠡ᠂ ᠡᠰᠡᠬᠦᠯ᠎ᠡ ᠮᠣᠩᠭᠤᠯ ᠦᠰᠦᠭ ᠢ ᠡᠮᠦᠨ᠎ᠡ ᠨᠢ ᠪᠢᠴᠢᠵᠦ᠂ ᠬᠢᠲᠠᠳ ᠦᠰᠦᠭ ᠢ ᠬᠣᠢᠨ᠎ᠠ ᠨᠢ ᠪᠢᠴᠢᠨ᠎ᠡ;

(ᠬᠤᠶᠠᠷ) ᠪᠣᠰᠤᠭ᠎ᠠ ᠪᠠᠷ ᠪᠢᠴᠢᠪᠡᠯ᠂ ᠮᠣᠩᠭᠤᠯ ᠦᠰᠦᠭ ᠢ ᠵᠡᠭᠦᠨ ᠲᠠᠯ᠎ᠠ ᠳᠤᠨᠢ ᠪᠢᠴᠢᠵᠦ᠂ ᠬᠢᠲᠠᠳ ᠦᠰᠦᠭ ᠢ ᠪᠠᠷᠠᠭᠤᠨ ᠲᠠᠯ᠎ᠠ ᠳᠤᠨᠢ ᠪᠢᠴᠢᠨ᠎ᠡ;

(ᠭᠤᠷᠪᠠ) ᠴᠠᠭᠠᠷᠢᠭ ᠬᠡᠯᠪᠡᠷᠢᠲᠡᠢ ᠪᠢᠴᠢᠪᠡᠯ᠂ ᠮᠣᠩᠭᠤᠯ ᠦᠰᠦᠭ ᠢ ᠵᠡᠭᠦᠨ ᠡᠴᠡ ᠪᠠᠷᠠᠭᠤᠨᠰᠢ ᠭᠠᠳᠠᠨ᠎ᠠ ᠴᠠᠭᠠᠷᠢᠭ ᠲᠤ ᠪᠢᠴᠢᠵᠦ᠂ ᠬᠢᠲᠠᠳ ᠦᠰᠦᠭ ᠢ ᠳᠣᠲᠤᠷ᠎ᠠ ᠴᠠᠭᠠᠷᠢᠭ ᠲᠤ ᠪᠢᠴᠢᠵᠦ᠂ ᠡᠰᠡᠬᠦᠯ᠎ᠡ ᠮᠣᠩᠭᠤᠯ ᠦᠰᠦᠭ ᠢ ᠵᠡᠭᠦᠨ ᠬᠠᠭᠠᠰ ᠴᠠᠭᠠᠷᠢᠭ ᠲᠤ ᠪᠢᠴᠢᠵᠦ᠂ ᠬᠢᠲᠠᠳ ᠦᠰᠦᠭ ᠢ ᠪᠠᠷᠠᠭᠤᠨ ᠬᠠᠭᠠᠰ ᠴᠠᠭᠠᠷᠢᠭ ᠲᠤ ᠪᠢᠴᠢᠨ᠎ᠡ;

(ᠳᠥᠷᠪᠡ) ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠲᠤᠰ ᠲᠤᠰ ᠬᠤᠶᠠᠷ ᠬᠡᠰᠡᠭ ᠫᠠᠢᠰᠠ ᠢᠯᠡᠷᠬᠡᠢᠯᠡᠯ ᠳᠡᠭᠡᠷ᠎ᠡ ᠪᠢᠴᠢᠪᠡᠯ᠂ ᠮᠣᠩᠭᠤᠯ ᠦᠰᠦᠭᠲᠦ ᠫᠠᠢᠰᠠ ᠶ᠋ᠢ ᠵᠡᠭᠦᠨ ᠲᠠᠯ᠎ᠠ ᠳᠤᠨᠢ ᠡᠯᠭᠦᠵᠦ᠂ ᠬᠢᠲᠠᠳ ᠦᠰᠦᠭᠲᠦ ᠫᠠᠢᠰᠠ ᠶ᠋ᠢ ᠪᠠᠷᠠᠭᠤᠨ ᠲᠠᠯ᠎ᠠ ᠳᠤᠨᠢ ᠡᠯᠭᠦᠨ᠎ᠡ᠂ ᠡᠰᠡᠭᠦᠯ᠎ᠡ ᠮᠣᠩᠭᠤᠯ ᠦᠰᠦᠭᠲᠦ ᠫᠠᠢᠰᠠ ᠶ᠋ᠢ ᠳᠡᠭᠡᠷ᠎ᠡ ᠲᠠᠯ᠎ᠠ ᠳᠤᠨᠢ ᠡᠯᠭᠦᠵᠦ᠂ ᠬᠢᠲᠠᠳ ᠦᠰᠦᠭᠲᠦ ᠫᠠᠢᠰᠠ ᠶ᠋ᠢ ᠳᠣᠣᠷ᠎ᠠ ᠲᠠᠯ᠎ᠠ ᠳᠤᠨᠢ ᠡᠯᠭᠦᠨ᠎ᠡ;

(ᠲᠠᠪᠤ) ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠲᠦ᠍ ᠬᠡᠷᠡᠭᠯᠡᠬᠦ᠂ ᠪᠢᠴᠢᠬᠦ᠂ ᠦᠢᠯᠡᠳᠬᠦ ᠮᠠᠲ᠋ᠧᠷᠢᠶᠠᠯ ᠨᠢ ᠡᠷᠬᠡᠪᠰᠢ ᠠᠳᠠᠯᠢ ᠪᠠᠢᠬᠤ ᠬᠡᠷᠡᠭᠲᠡᠢ᠃

ᠵᠢᠷᠭᠤᠳᠤᠭᠠᠷ ᠵᠦᠢᠯ  ᠪᠢᠴᠢᠬᠦ᠂ ᠰᠡᠢᠯᠬᠦ᠂ ᠦᠢᠯᠡᠳᠬᠦ ᠳ᠋ᠦ᠍ ᠬᠡᠷᠡᠭᠯᠡᠭᠰᠡᠨ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠨᠢ ᠡᠷᠬᠡᠪᠰᠢ ᠳᠣᠣᠷᠠᠬᠢ ᠮᠡᠲᠦ ᠶ᠋ᠢᠨ ᠱᠠᠭᠠᠷᠳᠠᠯᠭ᠎ᠠ ᠳᠤ ᠨᠡᠢᠴᠡᠭᠰᠡᠨ ᠪᠠᠢᠬᠤ ᠬᠡᠷᠡᠭᠲᠡᠢ᠄

(ᠨᠢᠭᠡ) ᠮᠣᠩᠭᠤᠯ ᠦᠰᠦᠭ ᠦ᠋ᠨ ᠭᠤᠯᠳᠤ ᠪᠢᠴᠢᠯᠭᠡ ᠶᠢᠨ ᠬᠡᠪᠴᠢᠶ᠎ᠡ ᠨᠢ ᠡᠷᠬᠡᠪᠰᠢ ᠬᠢᠲᠠᠳ ᠦᠰᠦᠭ ᠦ᠋ᠨ ᠭᠤᠯᠳᠤ ᠪᠢᠴᠢᠯᠭᠡ ᠶᠢᠨ ᠪᠠᠷᠢᠮᠵᠢᠶᠠᠨ ᠤ ᠳᠥᠷᠪᠡᠨ ᠦ᠌ ᠨᠢᠭᠡ ᠪᠤᠶᠤ ᠭᠤᠷᠪᠠᠨ ᠤ᠋ ᠨᠢᠭᠡ ᠪᠠᠢᠬᠤ ᠬᠡᠷᠡᠭᠲᠡᠢ;

(ᠬᠤᠶᠠᠷ) ᠮᠣᠩᠭᠤᠯ ᠦᠰᠦᠭ ᠢ ᠬᠥᠨᠳᠡᠯᠡᠨ ᠢ᠋ᠶ᠋ᠡᠷ ᠵᠢᠭᠰᠠᠭᠠᠪᠠᠯ ᠡᠷᠬᠡᠪᠰᠢ ᠦᠰᠦᠭ ᠦ᠋ᠨ ᠲᠣᠯᠤᠭᠠᠢ ᠶ᠋ᠢ ᠴᠢᠴᠠᠤᠯᠠᠬᠤ ᠶᠢ ᠵᠠᠷᠴᠢᠮᠯᠠᠬᠤ ᠬᠡᠷᠡᠭᠲᠡᠢ;

(ᠭᠤᠷᠪᠠ) ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠦ᠋ᠨ ᠡᠵᠡᠯᠡᠬᠦ ᠡᠵᠡᠯᠡᠬᠦᠨ ᠨᠢ ᠠᠳᠠᠯᠢ ᠪᠠᠢᠬᠤ᠂ ᠪᠠᠷᠢᠮᠵᠢᠶ᠎ᠠ ᠭᠡᠮ ᠦ᠋ᠨ ᠠᠳᠠᠯᠢᠳᠭᠠᠯ ᠨᠢ ᠨᠢᠭᠡ ᠬᠠᠷᠢᠴᠠᠬᠤ ᠨᠢᠭᠡ ᠪᠠᠢᠬᠤ ᠬᠡᠷᠡᠭᠲᠡᠢ᠃

ᠳᠣᠯᠤᠳᠤᠭᠠᠷ ᠵᠦᠢᠯ  ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠵᠡᠷᠭᠡᠴᠡᠭᠦᠯᠦᠨ ᠬᠡᠷᠡᠭᠯᠡᠬᠦ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠨᠢ ᠡᠷᠬᠡᠪᠰᠢ ᠣᠷᠴᠢᠭᠤᠯᠭ᠎ᠠ ᠵᠥᠪ ᠣᠨᠤᠪᠴᠢᠲᠠᠢ᠂ ᠦᠰᠦᠭ ᠪᠢᠴᠢᠭ ᠦ᠋ᠨ ᠲᠢᠭ ᠨᠢ ᠪᠦᠷᠢᠨ ᠪᠦᠲᠦᠨ᠂ ᠴᠡᠪᠡᠷ ᠲᠣᠳᠤ ᠪᠠᠢᠬᠤ ᠶ᠋ᠢ ᠪᠠᠲᠤᠯᠠᠬᠤ ᠬᠡᠷᠡᠭᠲᠡᠢ᠃

ᠨᠠᠢ᠍ᠮᠠᠳᠤᠭᠠᠷ ᠵᠦᠢᠯ  ᠠᠵᠤ ᠠᠬᠤᠢᠯᠠᠯ᠂ ᠠᠵᠢᠯ ᠦᠢᠯᠡᠰ ᠦ᠋ᠨ ᠨᠢᠭᠡᠴᠢ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠲᠠᠯ᠎ᠠ ᠪᠠᠷ ᠬᠢ ᠣᠷᠴᠢᠭᠤᠯᠬᠤ᠂ ᠪᠢᠴᠢᠬᠦ᠂ ᠦᠢᠯᠡᠳᠬᠦ ᠲᠤᠬᠠᠢᠯᠠᠭᠰᠠᠨ ᠠᠵᠢᠯ ᠢ ᠬᠢᠬᠦ ᠳ᠋ᠦ᠍ ᠡᠷᠬᠡᠪᠰᠢ ᠵᠦᠢ ᠵᠣᠬᠢᠰᠲᠠᠢ ᠠᠵᠢᠯ ᠤᠨ ᠬᠢᠷᠢ ᠭᠡᠮ ᠢ ᠬᠦᠷᠲᠡᠭᠰᠡᠨ ᠪᠠᠢᠬᠤ ᠬᠡᠷᠡᠭᠲᠡᠢ᠃

ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ  ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠶ᠋ᠢ ᠬᠢᠵᠦ ᠦᠢᠯᠡᠳᠴᠦ ᠪᠠᠢᠭ᠎ᠠ ᠲᠤᠬᠠᠢᠯᠠᠭᠰᠠᠨ ᠠᠵᠢᠯ ᠤᠨ ᠠᠵᠤ ᠠᠬᠤᠢᠯᠠᠯ᠂ ᠠᠵᠢᠯ ᠦᠢᠯᠡᠰ ᠦ᠋ᠨ ᠨᠢᠭᠡᠴᠢ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠡᠢᠭᠡᠮ ᠦ᠋ᠨ ᠥᠩᠭᠡᠨ ᠲᠠᠯ᠎ᠠ ᠳᠤ ᠬᠡᠷᠡᠭᠯᠡᠬᠦ ᠦᠰᠦᠭ ᠪᠢᠴᠢᠭ ᠢ ᠦᠢᠯᠡᠳᠬᠦ ᠦᠶ᠎ᠡ ᠳ᠋ᠦ᠍᠂ ᠡᠷᠬᠡᠪᠰᠢ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠦ᠍ ᠬᠢᠨᠠᠨ ᠬᠠᠷᠭᠤᠭᠤᠯᠬᠤ ᠭᠤᠶᠤᠴᠢᠯᠠᠯ ᠪᠠ ᠵᠢᠷᠤᠭ ᠲᠥᠰᠦᠪ ᠦ᠋ᠨ ᠦᠷ᠎ᠡ ᠪᠦᠲᠦᠭᠡᠯ ᠦ᠋ᠨ ᠵᠢᠷᠤᠭ ᠢ ᠮᠡᠳᠡᠭᠦᠯᠬᠦ ᠬᠡᠷᠡᠭᠲᠡᠢ᠃ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠨᠡᠢᠭᠡᠮ ᠦ᠋ᠨ ᠥᠩᠭᠡᠨ ᠲᠠᠯ᠎ᠠ ᠳᠤ ᠦᠰᠦᠭ ᠪᠢᠴᠢᠭ ᠢ ᠬᠡᠷᠡᠭᠯᠡᠬᠦ ᠶ᠋ᠢᠨ ᠳᠦᠷᠢᠮᠵᠢᠭᠰᠡᠨ᠂ ᠪᠦᠷᠢᠨ ᠲᠡᠭᠦᠯᠳᠡᠷ᠂ ᠵᠥᠪ ᠣᠨᠤᠪᠴᠢᠲᠠᠢ ᠡᠰᠡᠬᠦ ᠳ᠋ᠦ᠍ ᠳᠠᠷᠤᠢ ᠲᠦᠷᠭᠡᠨ ᠬᠢᠨᠠᠨ ᠬᠠᠷᠭᠤᠭᠤᠯᠤᠯᠲᠠ ᠬᠢᠵᠦ᠂ ᠳᠦᠷᠢᠮ ᠲᠣᠭᠲᠠᠭᠠᠯ ᠳᠤ ᠨᠡᠢᠴᠡᠭᠰᠡᠨ ᠪᠠᠢᠪᠠᠯ ᠦᠢᠯᠡᠳᠬᠦ ᠶ᠋ᠢ ᠵᠥᠪᠰᠢᠶᠡᠷᠡᠬᠦ ᠬᠡᠷᠡᠭᠲᠡᠢ᠃ ᠨᠢᠭᠡᠨᠲᠡ ᠦᠢᠯᠡᠳᠦᠭᠰᠡᠨ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠬᠡᠷᠡᠭᠯᠡᠬᠦ ᠦᠰᠦᠭ ᠪᠢᠴᠢᠭ ᠢ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠴᠠᠭ ᠲᠤᠬᠠᠢ ᠳᠤᠨᠢ ᠳᠠᠬᠢᠨ ᠬᠠᠷᠭᠤᠭᠤᠯᠤᠯᠲᠠ ᠬᠢᠵᠦ᠂ ᠳᠦᠷᠢᠮ ᠲᠣᠭᠲᠠᠭᠠᠯ ᠳᠤ ᠨᠡᠢᠴᠡᠭᠰᠡᠨ ᠪᠠᠢᠪᠠᠯ ᠬᠡᠷᠡᠭᠯᠡᠬᠦ ᠶ᠋ᠢ ᠵᠥᠪᠰᠢᠶᠡᠷᠡᠬᠦ ᠬᠡᠷᠡᠭᠲᠡᠢ᠃ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠷᠭᠤᠭᠤᠯᠤᠯᠲᠠ᠂ ᠲᠠᠬᠢᠨ ᠬᠠᠷᠭᠤᠭᠤᠯᠤᠯᠲᠠ ᠶ᠋ᠢᠨ ᠴᠠᠭ ᠬᠤᠭᠤᠴᠠᠭ᠎ᠠ ᠶᠢ ᠬᠠᠮᠤᠭ ᠤᠳᠠᠭᠠᠨ ᠳᠠᠭᠠᠨ ᠭᠤᠷᠪᠠᠨ ᠠᠵᠢᠯ ᠤᠨ ᠡᠳᠦᠷ ᠡᠴᠡ ᠬᠡᠲᠦᠷᠡᠭᠦᠯᠵᠦ ᠦᠯᠦ ᠪᠣᠯᠤᠨ᠎ᠠ᠃

ᠶᠢᠰᠦᠳᠦᠭᠡᠷ ᠵᠦᠢᠯ  ᠬᠤᠳᠠ ᠪᠠ ᠬᠣᠰᠢᠭᠤ ᠰᠢᠶᠠᠨ ᠲᠣᠭᠤᠷᠢᠭ ᠤ᠋ᠨ ᠠᠷᠠᠳ ᠤ᠋ᠨ ᠵᠠᠰᠠᠭ ᠤᠨ ᠣᠷᠳᠤᠨ ᠡᠷᠬᠡᠪᠰᠢ ᠨᠡᠢᠭᠡᠮ ᠦ᠋ᠨ ᠥᠩᠭᠡᠨ ᠲᠠᠯ᠎ᠠ ᠳᠤ ᠮᠣᠩᠭᠤᠯ  ᠬᠢᠲᠠᠳ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠬᠠᠮᠢᠶᠠᠷᠤᠯᠲᠠ ᠶ᠋ᠢᠨ ᠠᠵᠢᠯ ᠤᠨ ᠵᠠᠷᠤᠳᠠᠯ ᠮᠥᠩᠭᠦ ᠶ᠋ᠢ ᠡᠳ᠋ ᠦ᠋ᠨ ᠵᠠᠰᠠᠭ ᠤᠨ ᠲᠥᠰᠦᠪ ᠲᠦ᠍ ᠣᠷᠤᠭᠤᠯᠬᠤ ᠬᠡᠷᠡᠭᠲᠡᠢ᠃

ᠠᠷᠪᠠᠳᠤᠭᠠᠷ ᠵᠦᠢᠯ  ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠦ᠋ᠨ ᠠᠵᠢᠯᠲᠠᠨ ᠡᠭᠦᠷᠭᠡ ᠭᠦᠢᠴᠡᠳᠭᠡᠬᠦ ᠦᠶ᠎ᠡ ᠳ᠋ᠦ᠍ ᠡᠷᠬᠡᠪᠰᠢ ᠦᠨᠡᠮᠯᠡᠯ ᠢ᠋ᠶ᠋ᠡᠨ ᠦᠵᠡᠭᠦᠯᠬᠦ ᠬᠡᠷᠡᠭᠲᠡᠢ᠃

ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠡᠷᠬᠡᠪᠰᠢ ᠨᠡᠢᠭᠡᠮ ᠦ᠋ᠨ ᠥᠩᠭᠡᠨ ᠲᠠᠯ᠎ᠠ ᠳᠤ ᠮᠣᠩᠭᠤᠯ  ᠬᠢᠲᠠᠳ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠲᠤᠬᠠᠢ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠬᠢᠨᠠᠯᠲᠠ ᠲᠠᠯᠪᠢᠬᠤ᠂ ᠪᠠᠢᠴᠠᠭᠠᠬᠤ ᠳᠦᠷᠢᠮ ᠢ᠋ ᠪᠠᠢᠭᠤᠯᠬᠤ ᠬᠡᠷᠡᠭᠲᠡᠢ᠃ ᠲᠡᠷᠡᠴᠢᠯᠡᠨ ᠮᠣᠩᠭᠤᠯ  ᠬᠢᠲᠠᠳ ᠬᠤᠶᠠᠷ ᠵᠦᠢᠯ ᠦ᠋ᠨ ᠦᠰᠦᠭ ᠪᠢᠴᠢᠭ ᠲᠡᠭᠡᠨ ᠨᠡᠪᠲᠡᠷᠡᠭᠰᠡᠨ ᠬᠥᠮᠦᠰ ᠢ᠋ ᠤᠷᠢᠵᠤ᠂ ᠨᠡᠢᠭᠡᠮ ᠦ᠋ᠨ ᠥᠩᠭᠡᠨ ᠲᠠᠯ᠎ᠠ ᠳᠤ ᠮᠣᠩᠭᠤᠯ ᠬᠢᠲᠠᠳ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠬᠢᠨᠠᠯᠲᠠ ᠲᠠᠯᠪᠢᠭᠴᠢ ᠶᠢᠨ ᠲᠤᠰᠢᠶᠠᠯ ᠢ ᠬᠠᠷᠢᠭᠤᠴᠠᠭᠤᠯᠵᠤ ᠪᠣᠯᠤᠨ᠎ᠠ᠃

ᠠᠷᠪᠠᠨ ᠨᠢᠭᠡᠳᠦᠭᠡᠷ ᠵᠦᠢᠯ  ᠲᠤᠰ ᠳᠦᠷᠢᠮ ᠦ᠋ᠨ ᠭᠤᠷᠪᠠᠳᠤᠭᠠᠷ ᠵᠦᠢᠯ ᠦ᠋ᠨ ᠳᠦᠷᠢᠮ ᠢ᠋ ᠵᠥᠷᠢᠴᠡᠵᠦ᠂ ᠨᠡᠢᠭᠡᠮ ᠦ᠋ᠨ ᠥᠩᠭᠡᠨ ᠲᠠᠯ᠎ᠠ ᠳᠤ ᠦᠰᠦᠭ ᠪᠢᠴᠢᠭ ᠢ ᠬᠡᠷᠡᠭᠯᠡᠬᠦ ᠳ᠋ᠡᠭᠡᠨ ᠮᠣᠩᠭᠤᠯ ᠦᠰᠦᠭ ᠪᠢᠴᠢᠭ ᠢ ᠬᠡᠷᠡᠭᠯᠡᠭᠰᠡᠨ ᠦᠭᠡᠢ ᠪᠠᠢᠪᠠᠯ᠂ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠡᠴᠡ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢ ᠵᠠᠷᠯᠢᠭᠳᠠᠨ᠎ᠠ; ᠲᠣᠭᠲᠠᠭᠰᠠᠨ ᠬᠤᠭᠤᠴᠠᠭᠠᠨ ᠳᠤ ᠡᠰᠡ ᠵᠠᠯᠠᠷᠠᠭᠤᠯᠤᠭᠰᠠᠳ ᠢ᠋ 300 ᠲᠥᠭᠦᠷᠢᠭ ᠡᠴᠡ ᠳᠡᠭᠡᠭᠰᠢ 2000 ᠲᠥᠭᠦᠷᠢᠭ ᠡᠴᠡ ᠳᠣᠷᠤᠭᠰᠢ ᠵᠣᠭᠤᠰ ᠢ᠋ᠶ᠋ᠠᠷ ᠲᠣᠷᠭᠠᠨ᠎ᠠ᠃

ᠠᠷᠪᠠᠨ ᠬᠣᠶᠠᠳᠤᠭᠠᠷ ᠵᠦᠢᠯ  ᠲᠤᠰ ᠳᠦᠷᠢᠮ ᠦ᠋ᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠤᠳᠤᠭᠠᠷ ᠵᠦᠢᠯ ᠦ᠋ᠨ ᠳᠦᠷᠢᠮ ᠢ᠋ ᠵᠥᠷᠢᠴᠡᠵᠦ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠵᠡᠷᠭᠡᠴᠡᠭᠦᠯᠦᠨ ᠬᠡᠷᠡᠭᠯᠡᠭᠰᠡᠨ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠦ᠋ᠨ ᠬᠡᠷᠡᠭᠯᠡᠭᠰᠡᠨ ᠦᠰᠦᠭ᠂ ᠪᠢᠴᠢᠭᠰᠡᠨ᠂ ᠦᠢᠯᠡᠳᠦᠭᠰᠡᠨ᠂ ᠡᠯᠭᠦᠵᠦ ᠲᠠᠯᠪᠢᠭᠰᠠᠨ ᠨᠢ ᠳᠦᠷᠢᠮ ᠳ᠋ᠦ᠍ ᠨᠡᠢᠴᠡᠬᠦ ᠦᠭᠡᠢ ᠡᠰᠡᠬᠦᠯ᠎ᠡ ᠲᠣᠭᠲᠠᠭᠰᠠᠨ ᠦᠰᠦᠭ ᠦ᠋ᠨ ᠨᠣᠮᠧᠷ᠂ ᠪᠠᠷᠢᠮᠵᠢᠶ᠎ᠠ ᠪᠠ ᠱᠠᠭᠠᠷᠳᠠᠯᠭ᠎ᠠ ᠶᠢ ᠵᠢᠷᠤᠮᠯᠠᠬᠤ ᠦᠭᠡᠢ ᠪᠡᠷ ᠪᠢᠴᠢᠭᠰᠡᠨ᠂ ᠰᠡᠢᠯᠦᠭᠰᠡᠨ᠂ ᠦᠢᠯᠡᠳᠦᠭᠰᠡᠨ ᠨᠡᠢᠭᠡᠮ ᠦ᠋ᠨ ᠥᠩᠭᠡᠨ ᠬᠡᠷᠡᠭᠯᠡᠭᠡᠨ ᠦ᠌ ᠮᠣᠩᠭᠤᠯ ᠬᠢᠲᠠᠳ ᠦᠰᠦᠭ ᠪᠢᠴᠢᠭ᠂ ᠡᠰᠡᠬᠦᠯ᠎ᠡ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠵᠡᠷᠭᠡᠴᠡᠭᠦᠯᠦᠨ ᠬᠡᠷᠡᠭᠯᠡᠭᠰᠡᠨ ᠮᠣᠩᠭᠤᠯ  ᠬᠢᠲᠠᠳ ᠬᠤᠶᠠᠷ ᠵᠦᠢᠯ ᠦ᠋ᠨ ᠦᠰᠦᠭ ᠪᠢᠴᠢᠭ ᠦ᠋ᠨ ᠣᠷᠴᠢᠭᠤᠯᠭ᠎ᠠ ᠵᠥᠪ ᠣᠨᠤᠪᠴᠢ ᠦᠭᠡᠢ᠂ ᠦᠰᠦᠭ ᠦ᠋ᠨ ᠲᠢᠭ ᠪᠦᠷᠢᠨ ᠪᠦᠲᠦᠨ ᠪᠢᠰᠢ᠂ ᠴᠡᠪᠡᠷ ᠲᠣᠳᠤᠷᠬᠠᠢ ᠦᠭᠡᠢ ᠪᠣᠯ᠂ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠡᠴᠡ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢ ᠵᠠᠷᠯᠢᠭᠳᠠᠵᠤ᠂ ᠲᠣᠭᠲᠠᠭᠰᠠᠨ ᠬᠤᠭᠤᠴᠠᠭᠠᠨ ᠳᠤ ᠡᠰᠡ ᠵᠠᠯᠠᠷᠠᠭᠤᠯᠤᠭᠰᠠᠳ ᠢ᠋ 500 ᠲᠥᠭᠦᠷᠢᠭ ᠡᠴᠡ ᠳᠡᠭᠡᠭᠰᠢ 1000 ᠲᠥᠭᠦᠷᠢᠭ ᠡᠴᠡ ᠳᠣᠷᠤᠭᠰᠢ ᠵᠣᠭᠤᠰ ᠢ᠋ᠶ᠋ᠠᠷ ᠲᠣᠷᠭᠠᠨ᠎ᠠ᠃

ᠠᠷᠪᠠᠨ ᠭᠤᠷᠪᠠᠳᠤᠭᠠᠷ ᠵᠦᠢᠯ  ᠲᠤᠰ ᠳᠦᠷᠢᠮ ᠦ᠋ᠨ ᠨᠠᠢ᠍ᠮᠠᠳᠤᠭᠠᠷ ᠵᠦᠢᠯ ᠦ᠋ᠨ ᠳᠦᠷᠢᠮ ᠢ᠋ ᠵᠥᠷᠢᠴᠡᠵᠦ᠂ ᠬᠢᠨᠠᠨ ᠵᠥᠪᠰᠢᠶᠡᠷᠡᠯ ᠢ᠋ ᠳᠠᠮᠵᠢᠭᠰᠠᠨ ᠦᠭᠡᠢ ᠪᠡᠷ ᠮᠣᠩᠭᠤᠯ  ᠬᠢᠲᠠᠳ ᠦᠰᠦᠭ ᠪᠢᠴᠢᠭ ᠢ ᠨᠡᠢᠭᠡᠮ ᠦ᠋ᠨ ᠥᠩᠭᠡᠨ ᠲᠠᠯ᠎ᠠ ᠳᠤ ᠥᠪᠡᠷ ᠦ᠋ᠨ ᠳᠤᠷ᠎ᠠ ᠪᠠᠷ ᠦᠢᠯᠡᠳᠴᠦ ᠬᠢᠭᠰᠡᠳ ᠢ ᠦᠨᠳᠦᠰᠦᠲᠡᠨ ᠦ᠌ ᠬᠡᠷᠡᠭ ᠡᠷᠬᠢᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠡᠴᠡ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢ ᠵᠠᠷᠯᠢᠭᠳᠠᠵᠤ᠂ ᠬᠠᠤᠯᠢ ᠠᠴᠠ ᠵᠥᠷᠢᠴᠡᠭᠰᠡᠨ ᠣᠯᠵᠠ ᠠᠰᠢᠭ ᠢ ᠬᠣᠷᠢᠶᠠᠨ ᠠᠪᠤᠨ᠎ᠠ; ᠲᠣᠭᠲᠠᠭᠰᠠᠨ ᠬᠤᠭᠤᠴᠠᠭ᠎ᠠ ᠳᠣᠲᠤᠷ᠎ᠠ ᠡᠰᠡ ᠵᠠᠯᠠᠷᠠᠭᠤᠯᠤᠭᠰᠠᠳ ᠢ᠋ 2000 ᠲᠥᠭᠦᠷᠢᠭ ᠡᠴᠡ ᠳᠡᠭᠡᠭᠰᠢ 5000 ᠲᠥᠭᠦᠷᠢᠭ ᠡᠴᠡ ᠳᠣᠷᠤᠭᠰᠢ ᠵᠣᠭᠤᠰ ᠢ᠋ᠶ᠋ᠠᠷ ᠲᠣᠷᠭᠠᠨ᠎ᠠ᠃

ᠠᠷᠪᠠᠨ ᠳᠥᠷᠪᠡᠳᠦᠭᠡᠷ ᠵᠦᠢᠯ  ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠦᠰᠦᠭ ᠪᠢᠴᠢᠭ ᠢ ᠵᠡᠷᠭᠡᠴᠡᠭᠦᠯᠦᠨ ᠬᠡᠷᠡᠭᠯᠡᠬᠦ ᠵᠠᠰᠠᠭ ᠵᠠᠬᠢᠷᠭᠠᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠦ᠋ᠨ ᠠᠵᠢᠯᠲᠠᠨ ᠲᠤᠰᠢᠶᠠᠯ ᠤᠨ ᠰᠠᠬᠢᠯᠭ᠎ᠠ ᠪᠠᠲᠤ ᠶ᠋ᠢ ᠦᠯᠦ ᠭᠦᠢᠴᠡᠳᠭᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢ᠋ᠶ᠋ᠠᠨ ᠬᠡᠷᠡᠭᠯᠡᠨ᠂ ᠬᠤᠪᠢ ᠶᠢᠨ ᠨᠠᠢᠷ ᠢ᠋ᠶ᠋ᠠᠷ ᠬᠠᠤᠯᠢ ᠶᠣᠰᠤ ᠶ᠋ᠢ ᠵᠥᠷᠢᠴᠡᠭᠰᠡᠳ ᠢ ᠲᠡᠭᠦᠨ ᠦ᠌ ᠪᠠᠢᠭ᠎ᠠ ᠨᠢᠭᠡᠴᠢ ᠪᠤᠶᠤ ᠳᠡᠭᠡᠷ᠎ᠡ ᠱᠠᠳᠤᠨ ᠤ ᠭᠣᠣᠯᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠡᠴᠡ ᠬᠠᠤᠯᠢ ᠶᠣᠰᠤ ᠪᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ; ᠶᠠᠯ᠎ᠠ ᠬᠢᠭᠰᠡᠳ ᠢ ᠬᠠᠤᠯᠢ ᠶᠣᠰᠤ ᠪᠠᠷ ᠡᠷᠡᠭᠦᠦ ᠶ᠋ᠢᠨ ᠬᠡᠷᠡᠭ ᠦ᠋ᠨ ᠬᠠᠷᠢᠭᠤᠴᠠᠯᠭ᠎ᠠ ᠨᠡᠬᠡᠮᠵᠢᠯᠡᠨ᠎ᠡ᠃

ᠠᠷᠪᠠᠨ ᠲᠠᠪᠤᠳᠤᠭᠠᠷ ᠵᠦᠢᠯ  ᠲᠤᠰ ᠳᠦᠷᠢᠮ ᠢ᠋ 2002 ᠣᠨ ᠤ᠋ 7 ᠰᠠᠷ᠎ᠠ ᠶᠢᠨ 1 ᠦ᠌ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃

 

 ᠡᠬᠡ ᠪᠢᠴᠢᠭ ᠬᠠᠩᠭᠠᠭᠴᠢ᠄ ᠠᠯᠲᠠᠨ᠌ᠣ᠋ᠳᠣ

 ᠬᠢᠨᠠᠨ ᠬᠠᠷᠭᠤᠭᠤᠯᠤᠭᠴᠢ᠄ ᠲᠤᠩᠭᠠᠯᠠᠭ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

 

 

 

ᠸᠢᠴᠠᠲ ᠲᠤ ᠪᠠᠨ ᠬᠤᠪᠢᠶᠠᠯᠴᠠᠬᠤ