ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠬᠡᠯᠡ ᠪᠢᠴᠢᠭ ᠰᠤᠷᠴᠤ ᠬᠡᠷᠡᠭᠯᠡᠬᠦ ᠶ᠋ᠢ ᠱᠠᠩᠨᠠᠨ ᠬᠥᠬᠢᠭᠦᠯᠬᠦ ᠠᠷᠭ᠎ᠠ

2018.06.06

                       

                               (ᠥᠪᠦᠷ ᠵᠠᠰᠠᠭ ᠠᠯᠪᠠᠨ ᠲᠠᠷᠬᠠᠭᠠᠭᠰᠠᠨ〔2001〕99 ᠳ᠋ᠤᠭᠡᠷ ᠲᠣᠭᠠᠲᠤ)

 

ᠨᠢᠭᠡᠳᠦᠭᠡᠷ ᠪᠦᠯᠦᠭ  ᠶᠡᠷᠦᠩᠬᠡᠢ ᠳᠦᠷᠢᠮ

 

ᠨᠢᠭᠡᠳᠦᠭᠡᠷ ᠵᠦᠢᠯ  ᠨᠠᠮ ᠤᠨ ᠦᠨᠳᠦᠰᠦᠲᠡᠨ ᠦ᠌ ᠲᠥᠷᠦ ᠶᠢᠨ ᠪᠣᠳᠤᠯᠭ᠎ᠠ ᠪᠣᠯᠤᠨ ᠦᠨᠳᠦᠰᠦᠲᠡᠨ ᠦ᠌ ᠬᠡᠯᠡ ᠪᠢᠴᠢᠭ ᠦ᠋ᠨ ᠲᠥᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠬᠡᠷᠡᠭᠵᠢᠭᠦᠯᠵᠦ᠂ ᠮᠣᠩᠭᠤᠯ ᠬᠡᠯᠡ ᠪᠢᠴᠢᠭ ᠰᠤᠷᠴᠤ ᠬᠡᠷᠡᠭᠯᠡᠬᠦ ᠵᠢ ᠴᠢᠩᠭᠠᠳᠭᠠᠵᠤ᠂ ᠪᠦᠬᠦ ᠣᠷᠤᠨ ᠤ ᠦᠨᠳᠦᠰᠦᠲᠡᠨ ᠦ᠌ ᠪᠦᠯᠬᠦᠮᠳᠡᠯ᠂ ᠥᠭᠡᠷᠡᠴᠢᠯᠡᠯᠲᠡ ᠨᠡᠭᠡᠭᠡᠯᠲᠡ᠂ ᠠᠵᠤ ᠠᠬᠤᠢ ᠶᠢᠨ ᠪᠦᠲᠦᠭᠡᠨ ᠪᠠᠢᠭᠤᠯᠤᠯᠲᠠ ᠪᠣᠯᠤᠨ ᠨᠡᠢᠭᠡᠮ ᠦ᠋ᠨ ᠬᠥᠭᠵᠢᠯᠲᠡ ᠳ᠋ᠦ᠍ ᠦᠵᠡᠭᠦᠯᠬᠦ ᠮᠣᠩᠭᠤᠯ ᠬᠡᠯᠡ ᠪᠢᠴᠢᠭ ᠦᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠯᠠᠳᠠ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》 ᠪᠣᠯᠤᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ ᠥᠪᠡᠷᠲᠡᠭᠡᠨ ᠵᠠᠰᠠᠬᠤ ᠬᠠᠤᠯᠢ》 ᠶ᠋ᠢᠨ ᠬᠣᠯᠪᠤᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠣᠳᠠᠲᠤ ᠪᠠᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭᠠᠪᠠ᠃

 

ᠬᠣᠶᠠᠳᠤᠭᠠᠷ ᠵᠦᠢᠯ  ᠲᠤᠰ ᠠᠷᠭ᠎ᠠ ᠳᠤ ᠲᠡᠷᠢᠭᠦᠨ ᠦ᠌ ᠬᠠᠮᠲᠤ ᠨᠢᠭᠡᠴᠢ ᠪᠣᠯᠤᠨ ᠲᠡᠷᠢᠭᠦᠨ ᠦ᠌ ᠬᠤᠪᠢ ᠬᠥᠮᠦᠨ ᠦ᠌ ᠱᠠᠩᠨᠠᠯ ᠭᠡᠬᠦ ᠬᠣᠶᠠᠷ ᠱᠠᠩᠨᠠᠯ ᠤᠨ ᠲᠥᠷᠦᠯ ᠢ᠋ ᠲᠣᠬᠢᠷᠠᠭᠤᠯᠪᠠ ᠃

 

ᠭᠤᠷᠪᠠᠳᠤᠭᠠᠷ ᠵᠦᠢᠯ  ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠨᠢᠭᠡᠴᠢ ᠪᠣᠯᠤᠨ ᠬᠤᠪᠢ ᠬᠥᠮᠦᠨ ᠳ᠋ᠦ᠍᠂ ᠦᠵᠡᠯ ᠰᠠᠨᠠᠭᠠᠨ ᠤ ᠪᠣᠯᠤᠨ ᠡᠳ᠋ ᠪᠣᠳᠠᠰ ᠢ᠋ᠶ᠋ᠠᠷ ᠱᠠᠩᠨᠠᠬᠤ ᠶᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠎ᠠ᠃

 

ᠳᠥᠷᠪᠡᠳᠦᠭᠡᠷ ᠵᠦᠢᠯ  ᠲᠤᠰ ᠠᠷᠭ᠎ᠠ ᠨᠢ ᠥᠪᠡᠷᠲᠡᠭᠡᠨ ᠵᠠᠰᠠᠬᠤ ᠣᠷᠤᠨ ᠤ ᠳᠣᠲᠤᠷᠠᠬᠢ ᠡᠯ᠎ᠡ ᠱᠠᠲᠤᠨ ᠤ ᠡᠯ᠎ᠡ ᠲᠥᠷᠦᠯ ᠦ᠋ᠨ ᠪᠠᠢᠭᠤᠯᠭ᠎ᠠ ᠨᠢᠭᠡᠴᠢ ᠪᠣᠯᠤᠨ ᠡᠯ᠎ᠡ ᠦᠨᠳᠦᠰᠦᠲᠡᠨ ᠦ᠌ ᠺᠠᠳ᠋ᠷ ᠣᠯᠠᠨ ᠲᠦᠮᠡᠨ ᠳ᠋ᠦ᠍ ᠲᠣᠬᠢᠷᠠᠨ᠎ᠠ᠃

 

ᠬᠣᠶᠠᠳᠤᠭᠠᠷ ᠪᠦᠯᠦᠭ  ᠱᠠᠩᠨᠠᠨ ᠬᠥᠬᠢᠭᠦᠯᠬᠦ ᠨᠥᠬᠦᠴᠡᠯ

 

ᠲᠠᠪᠤᠳᠤᠭᠠᠷ ᠵᠦᠢᠯ  ᠳᠠᠷᠠᠭᠠᠬᠢ ᠨᠥᠬᠦᠴᠡᠯ ᠦ᠋ᠨ ᠠᠯᠢ ᠨᠢᠭᠡ ᠶᠢ ᠪᠦᠷᠢᠯᠳᠦᠭᠦᠯᠦᠭᠰᠡᠨ ᠪᠠᠢᠭᠤᠯᠭ᠎ᠠ ᠨᠢᠭᠡᠴᠢ ᠵᠢ ᠱᠠᠩᠨᠠᠨ ᠬᠥᠬᠢᠭᠦᠯᠦᠨ᠎ᠡ᠄

 

(ᠨᠢᠭᠡ) ᠤᠯᠤᠰ ᠪᠠ ᠥᠪᠡᠷᠲᠡᠭᠡᠨ ᠵᠠᠰᠠᠬᠤ ᠣᠷᠤᠨ ᠤ ᠬᠣᠯᠪᠤᠭᠳᠠᠯ ᠪᠦᠬᠦᠢ ᠬᠠᠤᠯᠢ ᠲᠣᠭᠲᠠᠭᠠᠯ ᠵᠢᠴᠢ ᠨᠠᠮ ᠤᠨ ᠦᠨᠳᠦᠰᠦᠲᠡᠨ ᠦ᠌ ᠲᠥᠷᠦ ᠶᠢᠨ ᠪᠣᠳᠤᠯᠭ᠎ᠠ ᠪᠣᠯᠤᠨ ᠦᠨᠳᠦᠰᠦᠲᠡᠨ ᠦ᠌ ᠬᠡᠯᠡ ᠪᠢᠴᠢᠭ ᠦ᠋ᠨ ᠲᠥᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠨᠠᠢᠳᠠᠪᠤᠷᠢᠵᠢᠭᠤᠯᠤᠨ ᠬᠡᠷᠡᠭᠵᠢᠭᠦᠯᠬᠦ ᠶ᠋ᠢ ᠤᠳᠤᠷᠢᠳᠤᠨ ᠳᠠᠭᠠᠭᠤᠯᠵᠤ᠂ ᠮᠣᠩᠭᠤᠯ ᠬᠡᠯᠡ ᠪᠢᠴᠢᠭ ᠦ᠋ᠨ ᠠᠵᠢᠯ ᠢ ᠴᠢᠬᠤᠯᠠᠴᠢᠯᠠᠨ ᠦᠵᠡᠵᠦ᠂  ᠲᠡᠭᠦᠨ ᠦ᠌ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤᠷᠢᠳᠬᠤ ᠪᠣᠯᠤᠨ ᠵᠣᠬᠢᠶᠠᠨ ᠪᠠᠢᠭᠤᠯᠵᠤ ᠬᠠᠮᠢᠶᠠᠷᠬᠤ ᠠᠵᠢᠯ ᠤᠨ ᠲᠠᠯ᠎ᠠ ᠪᠠᠷ ᠢᠯᠡᠳᠲᠡ ᠠᠮᠵᠢᠯᠲᠠ ᠣᠯᠤᠭᠰᠠᠳ;

 

(ᠬᠣᠶᠠᠷ) ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶ᠎ᠠ ᠪᠠ ᠵᠠᠰᠠᠭ ᠤᠨ ᠣᠷᠳᠤᠨ ᠤ᠋ ᠮᠣᠩᠭᠤᠯ ᠬᠡᠯᠡ ᠪᠢᠴᠢᠭ ᠦ᠋ᠨ ᠲᠤᠬᠠᠢ ᠲᠥᠷᠦ ᠶᠢᠨ ᠪᠣᠳᠤᠯᠭ᠎ᠠ ᠲᠣᠭᠲᠠᠭᠠᠯ ᠢ᠋ ᠨᠠᠷᠢᠨ ᠬᠢᠨᠠᠮᠠᠭᠠᠢ  ᠲᠤᠭᠤᠰᠢᠯᠠᠭᠤᠯᠤᠨ ᠬᠡᠷᠡᠭᠵᠢᠭᠦᠯᠵᠦ᠂ ᠮᠣᠩᠭᠤᠯ ᠬᠡᠯᠡ ᠪᠢᠴᠢᠭ ᠦ᠋ᠨ ᠠᠵᠢᠯᠲᠠᠨ ᠢ ᠬᠥᠮᠦᠵᠢᠭᠦᠯᠵᠦ ᠬᠡᠷᠡᠭᠯᠡᠬᠦ ᠶ᠋ᠢ ᠴᠢᠬᠤᠯᠠᠴᠢᠯᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠪᠠᠢᠭᠤᠯᠤᠮᠵᠢ ᠶ᠋ᠢ ᠲᠡᠭᠦᠯᠳᠡᠷᠵᠢᠭᠦᠯᠦᠨ᠂ ᠲᠡᠭᠦᠨ ᠦ᠌ ᠦᠢᠯᠡᠳᠦᠯ ᠴᠢᠳᠠᠪᠬᠢ ᠶ᠋ᠢ ᠭᠦᠢᠴᠡᠳ ᠪᠠᠳᠠᠷᠠᠭᠤᠯᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠳ;

 

(ᠭᠤᠷᠪᠠ) ᠥᠪᠡᠷᠲᠡᠭᠡᠨ ᠵᠠᠰᠠᠬᠤ ᠣᠷᠤᠨ ᠤ ᠬᠣᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠵᠤ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠲᠥᠷᠦᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠭᠰᠡᠨ ᠮᠥᠷᠲᠡᠭᠡᠨ ᠳᠦᠷᠢᠮᠵᠢᠯ ᠳ᠋ᠦ᠍ ᠨᠡᠢᠴᠡᠭᠰᠡᠨ᠂ ᠬᠣᠶᠠᠷ ᠲᠥᠷᠦᠯ ᠦ᠋ᠨ ᠦᠰᠦᠭ ᠪᠢᠴᠢᠭ ᠢᠶᠡᠷ ᠪᠢᠴᠢᠭ ᠮᠠᠲ᠋ᠧᠷᠢᠶᠠᠯ ᠶᠠᠪᠤᠭᠤᠯᠬᠤ ᠲᠠᠯ᠎ᠠ ᠪᠠᠷ ᠢᠯᠡᠳᠲᠡ ᠠᠮᠵᠢᠯᠲᠠ ᠣᠯᠤᠭᠰᠠᠳ;

 

(ᠳᠥᠷᠪᠡ) ᠮᠣᠩᠭᠤᠯ ᠬᠡᠯᠡ ᠪᠢᠴᠢᠭ ᠰᠤᠷᠴᠤ ᠬᠡᠷᠡᠭᠯᠡᠬᠦ ᠪᠠ ᠰᠤᠳᠤᠯᠬᠤ ᠵᠢ ᠴᠢᠬᠤᠯᠠᠴᠢᠯᠠᠵᠤ᠂ ᠦᠨᠳᠦᠰᠦᠲᠡᠨ ᠦ᠌ ᠰᠤᠷᠭᠠᠨ ᠬᠥᠮᠦᠵᠢᠯ᠂ ᠰᠣᠨᠢᠨ ᠮᠡᠳᠡᠭᠡ ᠤᠬᠠᠭᠤᠯᠭ᠎ᠠ᠂ ᠨᠣᠮ ᠬᠡᠪᠯᠡᠯ᠂ ᠡᠷᠳᠡᠮ ᠰᠢᠨᠵᠢᠯᠡᠭᠡ᠂ ᠰᠣᠶᠤᠯ ᠤᠷᠠᠯᠢᠭ᠂ ᠡᠮ ᠡᠮᠨᠡᠯᠭᠡ ᠡᠷᠡᠭᠦᠯ ᠬᠠᠮᠠᠭᠠᠯᠠᠯ ᠵᠢᠴᠢ ᠣᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠪᠠᠷ ᠢᠯᠡᠳᠲᠡ ᠠᠮᠵᠢᠯᠲᠠ ᠣᠯᠤᠭᠰᠠᠳ;

 

(ᠲᠠᠪᠤ) ᠮᠣᠩᠭᠤᠯ ᠬᠡᠯᠡ ᠪᠢᠴᠢᠭ ᠦ᠋ᠨ ᠠᠵᠢᠯ ᠢ ᠴᠢᠬᠤᠯᠠᠴᠢᠯᠠᠵᠤ᠂ ᠮᠣᠩᠭᠤᠯ ᠬᠡᠯᠡ ᠪᠢᠴᠢᠭ ᠮᠡᠳᠡᠳᠡᠭ ᠠᠵᠢᠯᠲᠠᠨ ᠢ ᠲᠣᠬᠢᠷᠠᠭᠤᠯᠤᠨ᠂ ᠳᠣᠲᠤᠭᠠᠳᠤ ᠶᠢ ᠬᠠᠮᠠᠭᠠᠯᠠᠬᠤ᠂ ᠪᠠᠢᠴᠠᠭᠠᠬᠤ ᠬᠣᠷᠢᠶ᠎ᠠ᠂ ᠰᠢᠭᠦᠬᠦ ᠬᠣᠷᠢᠶ᠎ᠠ ᠵᠡᠷᠭᠡ ᠪᠠᠢᠭᠤᠯᠭ᠎ᠠ ᠳ᠋ᠤ᠌ ᠮᠣᠩᠭᠤᠯ ᠬᠡᠯᠡ ᠪᠢᠴᠢᠭ ᠢ᠋ᠶ᠋ᠡᠷ ᠬᠡᠷᠡᠭ ᠵᠠᠷᠭᠤ ᠶᠢ ᠪᠠᠢᠴᠠᠭᠠᠬᠤ ᠪᠠ ᠬᠢᠨᠠᠨ ᠰᠢᠭᠦᠵᠦ᠂ ᠮᠣᠩᠭᠤᠯ ᠬᠡᠯᠡ ᠪᠢᠴᠢᠭ ᠬᠡᠷᠡᠭᠯᠡᠳᠡᠭ ᠤᠯᠠᠨ ᠲᠦᠮᠡᠨ ᠦ᠌ ᠮᠣᠩᠭᠤᠯ ᠬᠡᠯᠡ ᠪᠢᠴᠢᠭ ᠢ᠋ᠶ᠋ᠡᠷ ᠢ᠋ᠶ᠋ᠡᠨ ᠵᠠᠭᠠᠯᠳᠤᠯᠭ᠎ᠠ ᠬᠢᠬᠦ ᠡᠷᠬᠡ ᠶᠢ ᠪᠠᠲᠤᠯᠠᠬᠤ ᠶᠢᠨ ᠳᠠᠭᠠᠤ ᠡᠨᠡ ᠲᠠᠯ᠎ᠠ ᠶᠢᠨ ᠠᠵᠢᠯ ᠳᠤ ᠢᠯᠡᠳᠲᠡ ᠠᠮᠵᠢᠯᠲᠠ ᠣᠯᠤᠭᠰᠠᠳ;

 

(ᠵᠢᠷᠭᠤᠭ᠎ᠠ) ᠺᠠᠳ᠋ᠷ ᠣᠯᠠᠨ ᠲᠦᠮᠡᠨ ᠢ᠋ᠶ᠋ᠡᠨ ᠬᠢᠨᠠᠮᠠᠭᠠᠢ ᠵᠣᠬᠢᠶᠠᠨ ᠪᠠᠢᠭᠤᠯᠤᠨ᠂ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠭᠤᠯᠬᠤ ᠶᠢᠨ ᠬᠠᠮᠲᠤ ᠠᠵᠢᠯ ᠤᠨ ᠳᠤᠮᠳᠠ ᠪᠠᠨ ᠬᠡᠷᠡᠭᠯᠡᠵᠦ ᠢᠯᠡᠷᠬᠡᠢ ᠠᠮᠵᠢᠯᠲᠠ ᠣᠯᠤᠭᠰᠠᠳ;

 

(ᠳᠣᠯᠤᠭ᠎ᠠ) ᠮᠠᠯᠵᠢᠬᠤ ᠲᠠᠷᠢᠶᠠᠯᠠᠬᠤ ᠣᠷᠤᠨ ᠤ ᠦᠨᠳᠦᠰᠦᠨ ᠱᠠᠲᠤᠨ ᠤ ᠠᠵᠢᠯ ᠤᠨ ᠲᠤᠮᠲᠠ ᠮᠣᠩᠭᠤᠯ ᠬᠡᠯᠡ ᠪᠢᠴᠢᠭ ᠢ ᠬᠡᠷᠡᠭᠯᠡᠨ᠂ ᠪᠣᠳᠠᠲᠤ ᠬᠡᠷᠡᠭᠯᠡᠭᠡᠨ ᠦ ᠮᠡᠷᠭᠡᠵᠢᠯ ᠢ ᠤᠯᠠᠮᠵᠢᠯᠠᠵᠤ ᠳᠡᠯᠭᠡᠷᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠢᠯᠡᠳᠲᠡ ᠠᠮᠵᠢᠯᠲᠠ ᠣᠯᠤᠭᠰᠠᠳ;

 

(ᠨᠠᠢ᠍ᠮᠠ) ᠥᠪᠡᠷᠲᠡᠭᠡᠨ ᠵᠠᠰᠠᠬᠤ ᠣᠷᠤᠨ ᠤ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ ᠤᠨ ᠵᠠᠬ᠎ᠠ ᠳᠡᠯᠭᠡᠭᠦᠷ ᠦ᠋ᠨ ᠠᠵᠤ ᠠᠬᠤᠢ ᠶᠢᠨ ᠪᠠᠢᠭᠤᠯᠤᠯ ᠢ᠋ ᠲᠡᠭᠦᠯᠳᠡᠷᠵᠢᠭᠦᠯᠬᠦ ᠶᠠᠪᠤᠴᠠ ᠳᠤ ᠮᠣᠩᠭᠤᠯ ᠬᠡᠯᠡ ᠪᠢᠴᠢᠭ ᠢ ᠢᠳᠡᠪᠬᠢᠲᠡᠢ ᠬᠡᠷᠡᠭᠯᠡᠵᠦ᠂ ᠠᠵᠤ ᠠᠬᠤᠢ ᠶᠢᠨ ᠪᠦᠲᠦᠭᠡᠨ ᠪᠠᠢᠭᠤᠯᠤᠯᠲᠠ᠂ ᠨᠡᠢᠭᠡᠮ ᠦ᠋ᠨ ᠬᠥᠭᠵᠢᠯᠲᠡ ᠪᠣᠯᠤᠨ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠵᠢᠨ ᠦᠢᠯᠡᠰ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠥᠭᠡᠳ ᠢᠯᠡᠳᠲᠡ ᠠᠮᠵᠢᠯᠲᠠ ᠣᠯᠤᠭᠰᠠᠳ᠃

 

ᠵᠢᠷᠭᠤᠳᠤᠭᠠᠷ ᠵᠦᠢᠯ  ᠳᠠᠷᠠᠭᠠᠬᠢ ᠨᠥᠬᠦᠴᠡᠯ ᠦ᠋ᠨ ᠠᠯᠢ ᠨᠢᠭᠡ ᠶᠢ ᠪᠦᠷᠢᠯᠳᠦᠭᠦᠯᠦᠭᠰᠡᠨ ᠬᠤᠪᠢ ᠬᠥᠮᠦᠨ ᠢ ᠱᠠᠩᠨᠠᠨ ᠬᠥᠬᠢᠭᠦᠯᠦᠨ᠎ᠡ᠄

 

(ᠨᠢᠭᠡ) ᠮᠣᠩᠭᠤᠯ ᠬᠡᠯᠡ ᠪᠢᠴᠢᠭ ᠢᠶᠡᠨ ᠲᠡᠷᠢᠭᠦᠯᠡᠨ ᠬᠡᠷᠡᠭᠯᠡᠵᠦ᠂ ᠮᠣᠩᠭᠤᠯ ᠬᠡᠯᠡ ᠪᠢᠴᠢᠭ ᠦ᠋ᠨ ᠠᠵᠢᠯ ᠢ ᠴᠢᠬᠤᠯᠠᠴᠢᠯᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠤᠨ ᠤ ᠬᠣᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠠᠮ ᠤᠨ ᠬᠣᠯᠪᠤᠭᠳᠠᠯ ᠪᠦᠬᠦᠢ ᠴᠢᠭᠯᠡᠯᠲᠡ᠂ ᠲᠥᠷᠦ ᠶᠢᠨ ᠪᠣᠳᠤᠯᠭ᠎ᠠ ᠶᠢ ᠵᠢᠱ᠌ᠢᠶᠡᠴᠢ ᠪᠡᠷ ᠨᠠᠢᠳᠠᠪᠤᠷᠢᠵᠢᠭᠤᠯᠤᠨ ᠬᠡᠷᠡᠭᠵᠢᠭᠦᠯᠵᠦ᠂ ᠮᠣᠩᠭᠤᠯ ᠬᠡᠯᠡ ᠪᠢᠴᠢᠭ ᠦ᠋ᠨ ᠠᠵᠢᠯ ᠢ ᠵᠣᠬᠢᠶᠠᠨ ᠪᠠᠢᠭᠤᠯᠤᠨ ᠬᠠᠮᠢᠶᠠᠷᠬᠤ᠂ ᠮᠣᠩᠭᠤᠯ ᠬᠡᠯᠡ ᠪᠢᠴᠢᠭ ᠦ᠋ᠨ ᠠᠵᠢᠯᠲᠠᠨ ᠢ ᠬᠥᠮᠦᠵᠢᠭᠦᠯᠦᠨ ᠬᠡᠷᠡᠭᠯᠡᠬᠦ ᠲᠠᠯ᠎ᠠ ᠪᠠᠷ ᠲᠣᠪᠤᠢᠮ᠎ᠠ ᠠᠮᠵᠢᠯᠲᠠ ᠭᠠᠷᠭᠠᠭᠰᠠᠨ ᠤᠳᠤᠷᠢᠳᠤᠯᠭ᠎ᠠ;

 

(ᠬᠣᠶᠠᠷ) ᠤᠷᠲᠤ ᠬᠤᠭᠤᠴᠠᠭᠠᠨ ᠤ ᠲᠤᠷᠰᠢ ᠮᠣᠩᠭᠤᠯ ᠬᠡᠯᠡ ᠪᠢᠴᠢᠭ ᠦ᠋ᠨ ᠠᠵᠢᠯ ᠢ ᠬᠢᠵᠦ᠂ ᠲᠤᠰᠭᠠᠢ ᠮᠡᠷᠭᠡᠵᠢᠯ ᠦ᠋ᠨ ᠮᠡᠳᠡᠯᠭᠡ ᠪᠣᠯᠤᠨ ᠠᠵᠢᠯ ᠤᠨ ᠪᠠᠶᠠᠯᠢᠭ ᠲᠤᠷᠰᠢᠯᠭ᠎ᠠ ᠲᠠᠢ᠂ ᠮᠣᠩᠭᠤᠯ ᠬᠡᠯᠡ ᠪᠢᠴᠢᠭ ᠢ᠋ᠶ᠋ᠡᠷ ᠵᠣᠬᠢᠶᠠᠨ ᠪᠦᠲᠦᠭᠡᠬᠦ᠂ ᠣᠷᠴᠢᠭᠤᠯᠬᠤ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠠᠵᠢᠯ ᠢ ᠬᠢᠭᠰᠡᠨ ᠪᠠ ᠲᠡᠭᠦᠨ ᠦ᠌ ᠡᠷᠳᠡᠮ ᠰᠢᠨᠵᠢᠯᠡᠭᠡᠨ ᠦ᠌ ᠦᠷ᠎ᠡ ᠪᠦᠲᠦᠭᠡᠯ᠂ ᠵᠣᠬᠢᠶᠠᠯ ᠪᠦᠲᠦᠭᠡᠯ ᠨᠢ ᠨᠡᠯᠢᠶᠡᠳ ᠥᠨᠳᠦᠷ ᠲᠦᠪᠰᠢᠨ ᠳ᠋ᠦ᠍ ᠬᠦᠷᠦᠭᠰᠡᠨ ᠮᠥᠷᠲᠡᠭᠡᠨ ᠵᠣᠬᠢᠬᠤ ᠦᠨ᠎ᠡ ᠴᠡᠨ᠎ᠡ ᠲᠡᠢ ᠪᠠᠢᠵᠤ᠂ ᠮᠣᠩᠭᠤᠯ ᠬᠡᠯᠡ ᠪᠢᠴᠢᠭ ᠢ ᠰᠤᠷᠴᠤ ᠬᠡᠷᠡᠭᠯᠡᠬᠦ ᠪᠣᠯᠤᠨ ᠮᠣᠩᠭᠤᠯ ᠬᠡᠯᠡ ᠪᠢᠴᠢᠭ ᠦ᠋ᠨ ᠦᠢᠯᠡᠰ ᠦ᠋ᠨ ᠴᠡᠴᠡᠭᠯᠡᠨ ᠬᠥᠭᠵᠢᠯᠲᠡ ᠳ᠋ᠦ᠍ ᠨᠡᠯᠢᠶᠡᠳ ᠶᠡᠬᠡ ᠵᠢᠳᠭᠦᠯ ᠭᠠᠷᠭᠠᠭᠰᠠᠳ;

 

(ᠭᠤᠷᠪᠠ) ᠮᠣᠩᠭᠤᠯ ᠬᠡᠯᠡ ᠪᠢᠴᠢᠭ ᠢ ᠨᠡᠯᠢᠶᠡᠳ ᠪᠣᠯᠪᠠᠰᠤᠷᠠᠩᠭᠤᠢ ᠰᠤᠷᠴᠤ ᠡᠵᠡᠮᠰᠢᠭᠰᠡᠨ ᠪᠥᠭᠡᠳ ᠲᠤᠬᠠᠢᠯᠠᠭᠰᠠᠨ  ᠠᠵᠢᠯ  ᠳ᠋ᠠᠭᠠᠨ ᠠᠰᠢᠭᠯᠠᠵᠤ᠂ ᠣᠯᠠᠨ ᠲᠦᠮᠡᠨ ᠳ᠋ᠦ᠍  ᠳᠥᠭᠦᠮ  ᠦᠵᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠭᠰᠡᠳ ;

 

(ᠳᠥᠷᠪᠡ) ᠡᠯ᠎ᠡ ᠱᠠᠲᠤᠨ ᠤ ᠡᠯ᠎ᠡ ᠲᠥᠷᠦᠯ ᠦ᠋ᠨ ᠦᠨᠳᠦᠰᠦᠲᠡᠨ ᠦ᠌ ᠰᠤᠷᠭᠠᠨ ᠬᠥᠮᠦᠵᠢᠯ ᠦᠨ ᠳᠤᠮᠳᠠ ᠮᠣᠩᠭᠤᠯ ᠬᠡᠯᠡ ᠪᠢᠴᠢᠭ ᠢ᠋ᠶ᠋ᠡᠷ ᠵᠢᠭᠠᠨ ᠰᠤᠷᠭᠠᠵᠤ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠯᠡᠳᠲᠡ ᠠᠮᠵᠢᠯᠲᠠ ᠭᠠᠷᠭᠠᠭᠰᠠᠳ;

 

(ᠲᠠᠪᠤ) ᠮᠠᠯᠵᠢᠬᠤ ᠲᠠᠷᠢᠶᠠᠯᠠᠬᠤ ᠣᠷᠤᠨ ᠳᠤ ᠮᠣᠩᠭᠤᠯ ᠬᠡᠯᠡ ᠪᠢᠴᠢᠭ ᠢ ᠬᠡᠷᠡᠭᠯᠡᠨ᠂ ᠪᠣᠳᠠᠲᠤ ᠬᠡᠷᠡᠭᠯᠡᠭᠡᠨ ᠦ ᠮᠡᠷᠭᠡᠵᠢᠯ ᠢ ᠰᠤᠷᠴᠤ ᠡᠵᠡᠮᠰᠢᠬᠦ᠂ ᠲᠦᠭᠡᠭᠡᠨ ᠳᠡᠯᠭᠡᠷᠡᠭᠦᠯᠬᠦ ᠳ᠋ᠦ᠍ ᠲᠣᠪᠤᠢᠮ᠎ᠠ ᠠᠮᠵᠢᠯᠲᠠ ᠣᠯᠤᠭᠰᠠᠳ;

 

(ᠵᠢᠷᠭᠤᠭ᠎ᠠ) ᠳᠣᠲᠤᠭᠠᠳᠤ ᠶᠢ ᠬᠠᠮᠠᠭᠠᠯᠠᠬᠤ᠂ ᠪᠠᠢᠴᠠᠭᠠᠬᠤ ᠬᠣᠷᠢᠶ᠎ᠠ᠂ ᠰᠢᠭᠦᠬᠦ ᠬᠣᠷᠢᠶ᠎ᠠ ᠵᠡᠷᠭᠡ ᠪᠠᠢᠭᠤᠯᠭ᠎ᠠ ᠳ᠋ᠤ᠌ ᠬᠠᠤᠯᠢ ᠴᠠᠭᠠᠵᠠ ᠶᠢᠨ ᠠᠵᠢᠯ ᠭᠦᠢᠴᠡᠳᠭᠡᠬᠦ ᠶᠠᠪᠤᠴᠠ ᠳᠤ ᠮᠣᠩᠭᠤᠯ ᠬᠡᠯᠡ ᠪᠢᠴᠢᠭ ᠢ ᠢᠳᠡᠪᠬᠢᠲᠡᠢ ᠬᠡᠷᠡᠭᠯᠡᠨ ᠢᠯᠡᠳᠲᠡ ᠠᠮᠵᠢᠯᠲᠠ ᠣᠯᠤᠭᠰᠠᠳ᠃

 

ᠠᠳᠠᠯᠢ ᠨᠥᠬᠦᠴᠡᠯ ᠦ᠋ᠨ ᠳᠣᠣᠷ᠎ᠠ᠂ ᠬᠢᠲᠠᠳ ᠦᠨᠳᠦᠰᠦᠲᠡᠨ ᠪᠠ ᠮᠣᠩᠭᠤᠯ ᠦᠨᠳᠦᠰᠦᠲᠡᠨ ᠡᠴᠡ ᠭᠠᠳᠠᠨᠠᠬᠢ ᠪᠤᠰᠤᠳ ᠴᠥᠭᠡᠨ ᠲᠣᠭᠠᠲᠤ ᠦᠨᠳᠦᠰᠦᠲᠡᠨ ᠦ᠌ ᠺᠠᠳ᠋ᠷ ᠣᠯᠠᠨ ᠲᠦᠮᠡᠨ ᠢ ᠡᠩ ᠲᠡᠷᠢᠭᠦᠨ ᠳ᠋ᠦ᠍ ᠱᠠᠩᠨᠠᠨ ᠬᠥᠬᠢᠭᠦᠯᠦᠨ᠎ᠡ᠃

 

ᠭᠤᠷᠪᠠᠳᠤᠭᠠᠷ ᠪᠦᠯᠦᠭ  ᠱᠠᠩᠨᠠᠨ ᠬᠥᠬᠢᠭᠦᠯᠬᠦ ᠠᠷᠭ᠎ᠠ

 

ᠳᠣᠯᠤᠳᠤᠭᠠᠷ ᠵᠦᠢᠯ  ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠨᠢᠭᠡᠴᠢ ᠪᠣᠯᠤᠨ ᠲᠡᠷᠢᠭᠦᠨ ᠦ᠌ ᠬᠤᠪᠢ ᠬᠥᠮᠦᠨ ᠳ᠋ᠦ᠍ ᠥᠭᠬᠦ ᠱᠠᠩᠨᠠᠯ ᠤᠨ ᠵᠠᠷᠤᠳᠠᠯ ᠮᠥᠩᠭᠦ ᠶᠢ ᠡᠯ᠎ᠡ ᠱᠠᠲᠤᠨ ᠤ ᠦᠨᠳᠦᠰᠦᠲᠡᠨ ᠦ᠌ ᠵᠥᠪᠯᠡᠯ (ᠬᠡᠯᠡ ᠪᠢᠴᠢᠭ ᠦ᠋ᠨ ᠵᠥᠪᠯᠡᠯ) ᠨᠢ ᠱᠠᠩᠨᠠᠨ ᠬᠥᠬᠢᠭᠦᠯᠬᠦ ᠶᠢᠨ ᠲᠦᠷᠦᠭᠦᠦ ᠵᠢᠯ ᠳᠦ ᠲᠥᠯᠦᠪᠯᠡᠭᠡ ᠲᠣᠭᠲᠠᠭᠠᠵᠤ᠂ ᠠᠳᠠᠯᠢ ᠱᠠᠲᠤᠨ ᠤ ᠡᠳ᠋ ᠦ᠋ᠨ ᠵᠠᠰᠠᠭ ᠤᠨ ᠰᠠᠯᠠᠭ᠎ᠠ ᠮᠥᠴᠢᠷ ᠲᠦ ᠮᠡᠳᠡᠭᠦᠯᠵᠦ᠂ ᠡᠳ᠋ ᠦ᠋ᠨ ᠵᠠᠰᠠᠭ ᠤᠨ ᠲᠥᠰᠦᠪ ᠲᠡᠭᠡᠨ ᠣᠷᠤᠭᠤᠯᠬᠤ ᠶᠢᠨ ᠳᠠᠭᠠᠤ ᠲᠤᠰ ᠱᠠᠲᠤᠨ ᠤ ᠡᠳ᠋ ᠦ᠋ᠨ ᠵᠠᠰᠠᠭ ᠠ᠋ᠴᠠ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ (ᠬᠡᠯᠡ ᠪᠢᠴᠢᠭ ᠦ᠋ᠨ ᠵᠥᠪᠯᠡᠯ )  ᠳ᠋ᠦ᠍ ᠨᠢᠭᠡ ᠯᠡ ᠤᠳᠠᠭ᠎ᠠ ᠳᠤ ᠲᠣᠬᠢᠷᠠᠭᠤᠯᠤᠨ ᠥᠭᠭᠦᠨ᠎ᠡ᠃

 

ᠨᠠᠢ᠍ᠮᠠᠳᠤᠭᠠᠷ ᠵᠦᠢᠯ  ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠥᠪᠡᠷᠲᠡᠭᠡᠨ ᠵᠠᠰᠠᠬᠤ ᠣᠷᠤᠨ ᠤ ᠲᠡᠰ ᠦ᠋ᠨ ᠲᠡᠷᠢᠭᠦᠨ ᠦ᠌ ᠬᠠᠮᠲᠤ ᠨᠢᠭᠡᠴᠢ ᠳᠦ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠠ᠋ᠴᠠ ᠬᠣᠶᠠᠳᠤᠭᠠᠷ ᠲᠡᠰ  ᠠᠴᠠ ᠳᠣᠷᠤᠭᠰᠢᠬᠢ ᠭᠠᠪᠢᠶ᠎ᠠ ᠲᠡᠮᠳᠡᠭᠯᠡᠵᠦ ᠱᠠᠩᠨᠠᠯ ᠬᠦᠷᠲᠡᠭᠡᠨ᠎ᠡ᠃ ᠬᠣᠶᠠᠳᠤᠭᠠᠷ ᠲᠡᠰ ᠦ᠋ᠨ ᠭᠠᠪᠢᠶ᠎ᠠ ᠲᠡᠮᠳᠡᠭᠯᠡᠭᠦᠯᠦᠭᠰᠡᠨ ᠬᠥᠮᠦᠨ ᠦ᠌ ᠲᠣᠭ᠎ᠠ  ᠨᠢ ᠲᠤᠰ ᠬᠤᠭᠤᠴᠠᠭᠠᠨ ᠤ ᠲᠡᠷᠢᠭᠦᠨ ᠦ᠌ ᠬᠤᠪᠢ ᠬᠥᠮᠦᠨ ᠦ᠌ ᠲᠣᠭᠠᠨ ᠤ᠋ 10%  ᠶ᠋ᠢ ᠡᠵᠡᠯᠡᠵᠦ᠂ ᠲᠤᠰ ᠲᠤᠰ 1000 —— 1500 ᠲᠥᠭᠦᠷᠢᠭ ᠢ᠋ᠶ᠋ᠡᠷ ᠱᠠᠩᠨᠠᠨ᠎ᠠ; ᠭᠤᠷᠪᠠᠳᠤᠭᠠᠷ ᠲᠡᠰ ᠦ᠋ᠨ ᠭᠠᠪᠢᠶ᠎ᠠ ᠲᠡᠮᠳᠡᠭᠯᠡᠭᠦᠯᠦᠭᠰᠡᠨ ᠬᠥᠮᠦᠨ ᠦ᠌ ᠲᠣᠭ᠎ᠠ  ᠨᠢ ᠲᠤᠰ ᠬᠤᠭᠤᠴᠠᠭᠠᠨ ᠤ ᠲᠡᠷᠢᠭᠦᠨ ᠦ᠌ ᠬᠤᠪᠢ ᠬᠥᠮᠦᠨ ᠦ᠌ ᠲᠣᠭᠠᠨ ᠤ᠋ 20%  ᠶ᠋ᠢ ᠡᠵᠡᠯᠡᠵᠦ᠂ ᠲᠤᠰ ᠲᠤᠰ 800 —— 1000 ᠲᠥᠭᠦᠷᠢᠭ ᠢ᠋ᠶ᠋ᠡᠷ ᠱᠠᠩᠨᠠᠨ᠎ᠠ; ᠬᠥᠬᠢᠭᠦᠯᠦᠯ ᠰᠠᠢᠰᠢᠶᠠᠯ ᠤ᠋ᠨ ᠱᠠᠩᠨᠠᠯ ᠬᠦᠷᠲᠡᠭᠰᠡᠳ ᠦᠨ ᠲᠣᠭ᠎ᠠ  ᠨᠢ ᠲᠤᠰ ᠬᠤᠭᠤᠴᠠᠭᠠᠨ ᠤ ᠲᠡᠷᠢᠭᠦᠨ ᠦ᠌ ᠬᠤᠪᠢ ᠬᠥᠮᠦᠨ ᠦ᠌ ᠲᠣᠭᠠᠨ ᠤ᠋ 70% ᠵᠢ ᠡᠵᠡᠯᠡᠵᠦ ᠂ ᠲᠤᠰ ᠲᠤᠰ 500 —— 800 ᠲᠥᠭᠦᠷᠢᠭ ᠢ᠋ᠶ᠋ᠡᠷ ᠱᠠᠩᠨᠠᠨ᠎ᠠ᠃ ᠥᠪᠡᠷᠲᠡᠭᠡᠨ ᠵᠠᠰᠠᠬᠤ ᠣᠷᠤᠨ ᠤ ᠲᠡᠰ ᠦ᠋ᠨ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠨᠢᠭᠡᠴᠢ ᠳᠦ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠠ᠋ᠴᠠ ᠱᠠᠩᠨᠠᠯ ᠤᠨ ᠫᠠᠢᠰᠠ ᠣᠯᠭᠤᠨ᠎ᠠ᠃

 

ᠶᠢᠰᠦᠳᠦᠭᠡᠷ ᠵᠦᠢᠯ  ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠪᠣᠯᠤᠨ ᠲᠡᠷᠢᠭᠦᠨ ᠦ᠌ ᠬᠤᠪᠢ ᠬᠥᠮᠦᠨ ᠢ ᠱᠠᠩᠨᠠᠨ ᠬᠥᠬᠢᠭᠦᠯᠬᠦ ᠦᠢᠯᠡ ᠠᠵᠢᠯᠯᠠᠭ᠎ᠠ ᠶᠢ ᠤᠷᠳᠤ ᠬᠤᠭᠤᠴᠠᠭ᠎ᠠ ᠪᠡᠷ ᠳᠦᠷᠢᠮᠵᠢᠭᠦᠯᠵᠦ ᠶᠠᠪᠤᠭᠳᠠᠭᠤᠯᠤᠨ᠎ᠠ ᠃

 

(ᠨᠢᠭᠡ) ᠠᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠤᠷᠢᠭ᠂ ᠳᠣᠷᠤᠭᠰᠢ ᠠᠳᠠᠯᠢ)  ᠤ᠋ ᠠᠷᠠᠳ ᠤᠨ ᠵᠠᠰᠠᠭ ᠤᠨ ᠣᠷᠳᠤᠨ ᠨᠢ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠨᠢᠭᠡᠴᠢ ᠪᠣᠯᠤᠨ ᠲᠡᠷᠢᠭᠦᠨ ᠦ᠌ ᠬᠤᠪᠢ ᠬᠥᠮᠦᠨ ᠢ ᠱᠠᠩᠨᠠᠨ ᠬᠥᠬᠢᠭᠦᠯᠬᠦ ᠠᠵᠢᠯᠯᠠᠭ᠎ᠠ ᠶᠢ 3 ᠵᠢᠯ ᠳ᠋ᠦ᠍ ᠨᠢᠭᠡ ᠤᠳᠠᠭ᠎ᠠ ᠶᠠᠪᠤᠭᠳᠠᠭᠤᠯᠤᠨ᠎ᠠ ᠃

 

(ᠬᠣᠶᠠᠷ) ᠥᠪᠡᠷᠲᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠪᠠᠢᠭᠤᠯᠭ᠎ᠠ ᠶ᠋ᠢᠨ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠪᠣᠯᠤᠨ ᠲᠡᠷᠢᠭᠦᠨ ᠦ᠌ ᠬᠤᠪᠢ ᠬᠥᠮᠦᠨ ᠢ ᠱᠠᠩᠨᠠᠨ ᠬᠥᠬᠢᠭᠦᠯᠬᠦ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠪᠠᠢᠭᠤᠯᠭ᠎ᠠ ᠶ᠋ᠢᠨ ᠨᠠᠮ ᠤᠨ ᠠᠵᠢᠯᠯᠠᠬᠤ ᠬᠣᠷᠢᠶ᠎ᠠ ᠨᠢ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠦ᠌ ᠵᠥᠪᠯᠡᠯ ᠲᠡᠢ ᠬᠠᠮᠲᠤᠷᠠᠨ ᠵᠣᠬᠢᠶᠠᠨ ᠪᠠᠢᠭᠤᠯᠤᠨ ᠶᠠᠪᠤᠭᠳᠠᠭᠤᠯᠵᠤ᠂ ᠰᠢᠯᠭᠠᠷᠠᠭᠤᠯᠤᠯᠲᠠ ᠶᠢᠨ ᠤᠳᠤᠷᠢᠳᠬᠤ ᠳᠤᠭᠤᠢᠯᠠᠩ ᠪᠠᠢᠭᠤᠯᠵᠤ᠂ 3 ᠵᠢᠯ ᠳ᠋ᠦ᠍ ᠨᠢᠭᠡ ᠤᠳᠠᠭ᠎ᠠ ᠶᠠᠪᠤᠭᠳᠠᠭᠤᠯᠤᠨ᠎ᠠ ᠃

 

(ᠭᠤᠷᠪᠠ) ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ᠋ ᠨᠡᠷ᠎ᠡ ᠪᠡᠷ ᠥᠷᠨᠢᠭᠦᠯᠦᠭᠰᠡᠨ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠦ᠌ ᠬᠠᠮᠲᠤ ᠪᠣᠯᠤᠨ ᠲᠡᠷᠢᠭᠦᠨ ᠦ᠌ ᠬᠤᠪᠢ ᠬᠥᠮᠦᠨ ᠢ ᠱᠠᠩᠨᠠᠨ ᠬᠥᠬᠢᠭᠦᠯᠬᠦ ᠠᠵᠢᠯᠯᠠᠭ᠎ᠠ ᠶᠢ 5 ᠵᠢᠯ ᠳ᠋ᠦ᠍ ᠨᠢᠭᠡ ᠤᠳᠠᠭ᠎ᠠ ᠶᠠᠪᠤᠭᠳᠠᠭᠤᠯᠤᠨ᠎ᠠ ᠃

 

ᠠᠷᠪᠠᠳᠤᠭᠠᠷ ᠵᠦᠢᠯ  ᠡᠯ᠎ᠡ ᠠᠢᠮᠠᠭ ᠬᠤᠳᠠ᠂ ᠬᠣᠰᠢᠭᠤ ᠰᠢᠶᠠᠨ ᠵᠢᠴᠢ ᠥᠪᠡᠷᠲᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠪᠠᠢᠭᠤᠯᠭ᠎ᠠ ᠶ᠋ᠢᠨ ᠱᠠᠩᠨᠠᠨ ᠬᠥᠬᠢᠭᠦᠯᠬᠦ ᠠᠵᠢᠯᠯᠠᠭ᠎ᠠ ᠵᠢ ᠲᠤᠰ ᠠᠷᠭ᠎ᠠ ᠶᠢᠨ ᠲᠣᠭᠲᠠᠭᠠᠯ ᠪᠠ ᠥᠪᠡᠷ ᠦ᠋ᠨ ᠪᠣᠳᠠᠲᠤ ᠪᠠᠢᠳᠠᠯ ᠢ᠋ᠶ᠋ᠠᠨ ᠦᠨᠳᠦᠰᠦᠯᠡᠨ ᠪᠣᠳᠠᠲᠠᠢ ᠬᠡᠷᠡᠭᠵᠢᠭᠦᠯᠬᠦ ᠰᠠᠨᠠᠯ ᠢ᠋ᠶ᠋ᠠᠨ ᠲᠣᠭᠲᠠᠭᠠᠬᠤ ᠬᠡᠷᠡᠭᠲᠡᠢ᠃

 

ᠳᠥᠷᠪᠡᠳᠦᠭᠡᠷ ᠪᠦᠯᠦᠭ   ᠵᠣᠬᠢᠶᠠᠨ ᠪᠠᠢᠭᠤᠯᠵᠤ ᠤᠳᠤᠷᠢᠳᠬᠤ᠂ ᠬᠢᠨᠠᠨ ᠵᠥᠪᠰᠢᠶᠡᠷᠡᠬᠦ ᠶᠠᠪᠤᠴᠠ ᠪᠠ ᠮᠡᠳᠡᠭᠦᠯᠬᠦ ᠮᠠᠲ᠋ᠧᠷᠢᠶᠠᠯ

 

ᠠᠷᠪᠠᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠤᠨ᠂ ᠠᠢᠮᠠᠭ ᠬᠤᠳᠠ᠂ ᠬᠣᠰᠢᠭᠤ ᠰᠢᠶᠠᠨ ᠤ ᠭᠤᠷᠪᠠᠨ ᠱᠠᠲᠤᠨ ᠤ ᠰᠢᠯᠭᠠᠷᠠᠭᠤᠯᠬᠤ ᠠᠵᠢᠯ ᠢ ᠲᠤᠰ ᠪᠦᠷᠢ ᠬᠤᠪᠢᠳᠠᠨ ᠬᠠᠮᠢᠶᠠᠷᠴᠤ ᠪᠠᠢᠭ᠎ᠠ ᠲᠡᠷᠢᠭᠦᠯᠡᠭᠴᠢ᠂ ᠬᠤᠪᠢᠳᠠᠨ ᠬᠠᠮᠢᠶᠠᠷᠴᠤ ᠪᠠᠢᠭ᠎ᠠ ᠠᠢᠮᠠᠭ ᠬᠤᠳᠠ ᠶᠢᠨ ᠳᠠᠷᠤᠭ᠎ᠠ᠂ ᠬᠤᠪᠢᠳᠠᠨ ᠬᠠᠮᠢᠶᠠᠷᠴᠤ ᠪᠠᠢᠭ᠎ᠠ ᠬᠣᠰᠢᠭᠤ ᠰᠢᠶᠠᠨ ᠤ ᠳᠠᠷᠤᠭ᠎ᠠ ᠨᠠᠷ ᠲᠣᠯᠤᠭᠠᠢᠯᠠᠵᠤ᠂ ᠠᠳᠠᠯᠢ ᠱᠠᠲᠤᠨ ᠤ ᠦᠨᠳᠦᠰᠦᠲᠡᠨ ᠦ᠌ ᠵᠥᠪᠯᠡᠯ (ᠬᠡᠯᠡ ᠪᠢᠴᠢᠭ ᠦ᠋ᠨ ᠵᠥᠪᠯᠡᠯ) ᠵᠢᠴᠢ ᠪᠤᠰᠤᠳ ᠬᠣᠯᠪᠤᠭᠳᠠᠬᠤ ᠰᠠᠯᠠᠭ᠎ᠠ ᠮᠥᠴᠢᠷ ᠦᠨ ᠬᠠᠷᠢᠭᠤᠴᠠᠯᠭᠠᠲᠠᠳ ᠢ ᠣᠷᠤᠯᠴᠠᠭᠤᠯᠵᠤ᠂ ᠰᠢᠯᠭᠠᠷᠠᠭᠤᠯᠤᠯᠲᠠ ᠶᠢᠨ ᠤᠳᠤᠷᠢᠳᠬᠤ ᠳᠤᠭᠤᠢᠯᠠᠩ ᠢ᠋ ᠪᠠᠢᠭᠤᠯᠵᠤ᠂ ᠠᠯᠪᠠᠨ ᠭᠡᠷ ᠢ ᠠᠳᠠᠯᠢ ᠱᠠᠲᠤᠨ ᠤ ᠦᠨᠳᠦᠰᠦᠲᠡᠨ ᠦ᠌ ᠵᠥᠪᠯᠡᠯ (ᠬᠡᠯᠡ ᠪᠢᠴᠢᠭ ᠦ᠋ᠨ ᠵᠥᠪᠯᠡᠯ)  ᠳ᠋ᠦ᠍ ᠲᠣᠬᠢᠷᠠᠭᠤᠯᠵᠤ᠂ ᠲᠤᠰ ᠱᠠᠲᠤᠨ ᠤ ᠲᠡᠷᠢᠭᠦᠨ ᠦ᠌ ᠬᠠᠮᠲᠤ᠂ ᠲᠡᠷᠢᠭᠦᠨ ᠦ᠌ ᠬᠤᠪᠢ ᠬᠥᠮᠦᠨ ᠢ ᠰᠢᠯᠭᠠᠷᠠᠭᠤᠯᠬᠤ᠂ ᠬᠢᠨᠠᠨ ᠵᠥᠪᠰᠢᠶᠡᠷᠡᠬᠦ ᠪᠠ ᠬᠥᠬᠢᠭᠦᠯᠦᠨ ᠱᠠᠩᠨᠠᠬᠤ ᠠᠵᠢᠯ ᠢ ᠵᠣᠬᠢᠶᠠᠨ ᠪᠠᠢᠭᠤᠯᠵᠤ ᠵᠢᠭᠠᠨ ᠵᠢᠯᠤᠭᠤᠳᠤᠨ᠎ᠠ᠃

 

ᠠᠷᠪᠠᠨ ᠬᠣᠶᠠᠳᠤᠭᠠᠷ ᠵᠦᠢᠯ  ᠥᠪᠡᠷᠲᠡᠭᠡᠨ ᠵᠠᠰᠠᠬᠤ ᠣᠷᠤᠨ ᠤ ᠰᠢᠭᠤᠳ ᠬᠠᠷᠢᠶ᠎ᠠ ᠪᠠᠢᠭᠤᠯᠭ᠎ᠠ  ᠨᠢ ᠥᠪᠡᠷᠲᠡᠭᠡᠨ ᠵᠠᠰᠠᠬᠤ ᠣᠷᠤᠨ ᠤ ᠲᠡᠰ ᠦ᠋ᠨ ᠰᠢᠯᠭᠠᠷᠠᠭᠤᠯᠤᠯᠲᠠ ᠳᠤ ᠣᠷᠤᠯᠴᠠᠬᠤ ᠳᠤ᠂ ᠲᠤᠰ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠨᠠᠷ ᠤ᠋ᠨ ᠣᠷᠤᠯᠴᠠᠭᠰᠠᠨ ᠰᠢᠯᠭᠠᠷᠠᠭᠤᠯᠤᠯᠲᠠ ᠶᠢᠨ ᠵᠣᠬᠢᠶᠠᠨ ᠪᠠᠢᠭᠤᠯᠤᠯᠲᠠ ᠶ᠋ᠢ ᠪᠠᠢᠭᠤᠯᠵᠤ᠂ ᠰᠢᠯᠭᠠᠷᠠᠭᠤᠯᠬᠤ ᠨᠥᠬᠦᠴᠡᠯ ᠢ᠋ ᠦᠨᠳᠦᠰᠦᠯᠡᠨ᠂ ᠣᠯᠠᠨ ᠲᠦᠮᠡᠨ ᠢ᠋ᠶ᠋ᠡᠷ ᠦᠨᠡᠯᠡᠨ ᠶᠠᠷᠢᠯᠴᠠᠭᠤᠯᠵᠤ᠂ ᠰᠢᠯᠭᠠᠷᠠᠭᠤᠯᠬᠤ ᠵᠣᠬᠢᠶᠠᠨ ᠪᠠᠢᠭᠤᠯᠤᠯᠲᠠ ᠠ᠋ᠴᠠ ᠬᠢᠨᠠᠨ ᠲᠣᠭᠲᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠤᠨ ᠤ ᠰᠢᠯᠭᠠᠷᠠᠭᠤᠯᠤᠯᠲᠠ ᠶᠢᠨ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠲᠦ᠍ ᠮᠡᠳᠡᠭᠦᠯᠦᠨ᠎ᠡ ᠃

 

ᠠᠷᠪᠠᠨ ᠭᠤᠷᠪᠠᠳᠤᠭᠠᠷ ᠵᠦᠢᠯ  ᠡᠯ᠎ᠡ ᠭᠠᠵᠠᠷ ᠣᠷᠤᠨ᠂ ᠡᠯ᠎ᠡ ᠨᠢᠭᠡᠴᠢ ᠶᠢᠨ ᠰᠢᠯᠭᠠᠷᠠᠭᠤᠯᠬᠤ ᠠᠵᠢᠯ ᠳ᠋ᠤ᠌ ᠣᠷᠤᠯᠴᠠᠬᠤ ᠡᠯ᠎ᠡ ᠭᠠᠵᠠᠷ ᠣᠷᠤᠨ ᠪᠣᠯᠤᠨ ᠨᠢᠭᠡᠴᠢ ᠨᠢ ᠰᠢᠯᠭᠠᠷᠠᠭᠤᠯᠤᠯᠲᠠ ᠶᠢᠨ ᠵᠣᠬᠢᠶᠠᠨ ᠪᠠᠢᠭᠤᠯᠤᠯᠲᠠ ᠶ᠋ᠢ ᠪᠠᠢᠭᠤᠯᠵᠤ᠂ ᠰᠢᠯᠭᠠᠷᠠᠭᠤᠯᠬᠤ ᠨᠥᠬᠦᠴᠡᠯ ᠦ᠋ᠨ ᠶᠣᠰᠤ ᠪᠠᠷ᠂ ᠣᠯᠠᠨ ᠲᠦᠮᠡᠨ ᠢ᠋ᠶ᠋ᠡᠷ ᠦᠨᠡᠯᠡᠨ ᠶᠠᠷᠢᠯᠴᠠᠭᠤᠯᠵᠤ᠂ ᠰᠢᠯᠭᠠᠷᠠᠭᠤᠯᠬᠤ ᠵᠣᠬᠢᠶᠠᠨ ᠪᠠᠢᠭᠤᠯᠤᠯᠲᠠ ᠠ᠋ᠴᠠ ᠬᠢᠨᠠᠨ ᠵᠥᠪᠯᠡᠵᠦ᠂ ᠪᠠᠢᠭᠤᠯᠭ᠎ᠠ ᠨᠢᠭᠡᠴᠢ ᠶᠢᠨ ᠤᠳᠤᠷᠢᠳᠤᠯᠭ᠎ᠠ ᠨᠠᠷ ᠠ᠋ᠴᠠ ᠳᠠᠬᠢᠨ ᠬᠢᠨᠠᠭᠰᠠᠨ ᠤ᠋ ᠳᠠᠷᠠᠭ᠎ᠠ᠂ ᠰᠢᠯᠭᠠᠷᠠᠭᠤᠯᠤᠯᠲᠠ ᠶᠢᠨ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠲᠦ ᠱᠠᠳᠤ ᠱᠠᠳᠤ ᠪᠠᠷ ᠳᠡᠭᠡᠭᠰᠢ ᠮᠡᠳᠡᠭᠦᠯᠦᠨ᠎ᠡ ᠃

 

ᠠᠷᠪᠠᠨ ᠳᠥᠷᠪᠡᠳᠦᠭᠡᠷ ᠵᠦᠢᠯ  ᠲᠡᠷᠢᠭᠦᠨ ᠦ᠌ ᠬᠠᠮᠲᠤ ᠪᠣᠯᠤᠨ ᠲᠡᠷᠢᠭᠦᠨ ᠦ᠌ ᠬᠤᠪᠢ ᠬᠥᠮᠦᠨ ᠦ᠌ ᠳᠡᠪᠰᠢᠭᠦᠯᠬᠦ ᠮᠠᠲ᠋ᠧᠷᠢᠶᠠᠯ ᠳᠤ ᠄

 

( ᠨᠢᠭᠡ ) ᠲᠡᠷᠢᠭᠦᠨ ᠦ᠌ ᠬᠠᠮᠲᠤ ᠪᠣᠯᠤᠨ ᠲᠡᠷᠢᠭᠦᠨ ᠦ᠌ ᠬᠤᠪᠢ ᠬᠥᠮᠦᠨ ᠦ᠌ ᠮᠡᠳᠡᠭᠦᠯᠬᠦ ᠬᠦᠰᠦᠨᠦᠭ ᠢ ᠮᠣᠩᠭᠤᠯ ᠬᠢᠲᠠᠳ ᠢ᠋ᠶ᠋ᠠᠷ ᠲᠤᠰ ᠪᠦᠷᠢ 3 ᠬᠤᠪᠢ ᠲᠠᠭᠯᠠᠨ᠎ᠠ᠃

 

( ᠬᠣᠶᠠᠷ) 1500 ᠣᠷᠴᠢᠮ ᠦᠰᠦᠭ ᠦ᠋ᠨ ᠲᠡᠷᠢᠭᠦᠨ ᠦ᠌ ᠦᠢᠯᠡ ᠠᠵᠢᠯᠯᠠᠭ᠎ᠠ ᠶᠢᠨ ᠮᠠᠲ᠋ᠧᠷᠢᠶᠠᠯ ᠪᠢᠴᠢᠵᠦ᠂ ᠮᠣᠩᠭᠤᠯ ᠬᠢᠲᠠᠳ ᠢ᠋ᠶ᠋ᠠᠷ ᠲᠤᠰ ᠪᠦᠷᠢ 3 ᠬᠤᠪᠢ ᠪᠡᠯᠡᠳᠭᠡᠨ᠎ᠡ ᠃

 

ᠠᠷᠪᠠᠨ ᠲᠠᠪᠤᠳᠤᠭᠠᠷ ᠵᠦᠢᠯ  ᠡᠯ᠎ᠡ ᠱᠠᠲᠤᠨ ᠤ ᠦᠨᠳᠦᠰᠦᠲᠡᠨ ᠦ᠌ ᠵᠥᠪᠯᠡᠯ (ᠬᠡᠯᠡ ᠪᠢᠴᠢᠭ ᠦ᠋ᠨ ᠵᠥᠪᠯᠡᠯ) ᠪᠣᠯ ᠲᠤᠰ ᠵᠠᠰᠠᠭ ᠵᠠᠬᠢᠷᠭᠠᠨ ᠤ ᠣᠷᠤᠨ ᠤ ᠳᠣᠲᠤᠷᠠᠬᠢ ᠮᠣᠩᠭᠤᠯ ᠬᠡᠯᠡ ᠪᠢᠴᠢᠭ ᠰᠤᠷᠴᠤ  ᠬᠡᠷᠡᠭᠯᠡᠬᠦ ᠶ᠋ᠢ ᠱᠠᠩᠨᠠᠨ ᠬᠥᠬᠢᠭᠦᠯᠬᠦ ᠠᠵᠢᠯ ᠢ ᠶᠡᠷᠦᠩᠬᠡᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠬᠤ ᠪᠥᠭᠡᠳ ᠱᠠᠩᠨᠠᠨ ᠬᠥᠬᠢᠭᠦᠯᠬᠦ ᠠᠵᠢᠯ ᠢ ᠶᠡᠷᠦᠩᠬᠡᠢᠯᠡᠨ ᠵᠣᠬᠢᠴᠠᠭᠤᠯᠬᠤ᠂ ᠬᠠᠮᠢᠶᠠᠷᠤᠨ ᠵᠢᠯᠤᠭᠤᠳᠬᠤ᠂ ᠬᠢᠨᠠᠨ ᠪᠠᠢᠴᠠᠭᠠᠬᠤ ᠂ ᠵᠣᠬᠢᠶᠠᠨ ᠪᠠᠢᠭᠤᠯᠤᠨ ᠬᠡᠷᠡᠭᠵᠢᠭᠦᠯᠬᠦ ᠶ᠋ᠢ ᠬᠠᠷᠢᠭᠤᠴᠠᠵᠤ᠂ ᠡᠷᠬᠡ ᠲᠤᠰᠢᠶᠠᠯ ᠤᠨ ᠬᠡᠪᠴᠢᠶᠡᠨ ᠳ᠋ᠦ᠍ ᠬᠢᠨᠠᠨ ᠰᠢᠯᠭᠠᠬᠤ ᠪᠠ ᠬᠢᠨᠠᠨ ᠵᠥᠪᠰᠢᠶᠡᠷᠡᠬᠦ ᠠᠵᠢᠯ ᠢ ᠭᠦᠢᠴᠡᠳᠭᠡᠨ᠎ᠡ ᠃

 

ᠠᠷᠪᠠᠨ ᠵᠢᠷᠭᠤᠳᠤᠭᠠᠷ ᠵᠦᠢᠯ  ᠲᠥᠪ ᠦᠨ ᠪᠣᠯᠤᠨ ᠪᠤᠰᠤᠳ ᠭᠠᠵᠠᠷ ᠣᠷᠤᠨ ᠠ᠋ᠴᠠ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠰᠠᠭᠤᠭ᠎ᠠ ᠡᠯ᠎ᠡ ᠨᠢᠭᠡᠴᠢ ᠶᠢᠨ ᠱᠠᠩᠨᠠᠨ ᠬᠥᠬᠢᠭᠦᠯᠬᠦ ᠠᠵᠢᠯ ᠢ ᠲᠤᠬᠠᠢ ᠶᠢᠨ ᠭᠠᠵᠠᠷ ᠣᠷᠤᠨ ᠤ ᠰᠢᠯᠭᠠᠷᠠᠭᠤᠯᠬᠤ ᠤᠳᠤᠷᠢᠳᠬᠤ ᠳᠤᠭᠤᠢᠯᠠᠩ ᠤ᠋ᠨ ᠵᠢᠯᠤᠭᠤᠳᠤᠯᠭ᠎ᠠ ᠳᠣᠣᠷ᠎ᠠ ᠶᠠᠪᠤᠭᠳᠠᠭᠤᠯᠵᠤ᠂ ᠲᠤᠬᠠᠢ ᠶᠢᠨ ᠭᠠᠵᠠᠷ ᠣᠷᠤᠨ ᠤ ᠦᠨᠳᠦᠰᠦᠲᠡᠨ ᠦ᠌ ᠵᠥᠪᠯᠡᠯ (ᠬᠡᠯᠡ ᠪᠢᠴᠢᠭ ᠦ᠋ᠨ ᠵᠥᠪᠯᠡᠯ)  ᠳ᠋ᠦ᠍ ᠳᠠᠩᠰᠠᠯᠠᠭᠤᠯᠤᠨ᠎ᠠ ᠃

 

ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠂ ᠵᠡᠪᠰᠡᠭᠲᠦ ᠴᠠᠭᠳᠠᠭ᠎ᠠ ᠪᠠ ᠤᠢ ᠰᠢᠭᠤᠢ ᠶᠢᠨ ᠴᠠᠭᠳᠠᠭᠠᠨ ᠤ ᠶᠡᠷᠦᠩᠬᠡᠢ ᠠᠩᠭᠢ ᠶᠢᠨ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠰᠠᠭᠤᠭ᠎ᠠ ᠴᠡᠷᠢᠭ ᠠᠩᠭᠢ ᠶᠢᠨ ᠱᠠᠩᠨᠠᠨ ᠬᠥᠬᠢᠭᠦᠯᠬᠦ ᠠᠵᠢᠯ ᠢ ᠥᠪᠦᠷ ᠮᠣᠩᠭᠤᠯ ᠤᠨ ᠴᠡᠷᠢᠭ ᠦ᠋ᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠦᠷ ᠮᠣᠩᠭᠤᠯ ᠤᠨ ᠶᠡᠷᠦᠩᠬᠡᠢ ᠠᠩᠭᠢ ᠪᠣᠯᠤᠨ ᠤᠢ ᠰᠢᠭᠤᠢ ᠶᠢᠨ ᠴᠠᠭᠳᠠᠭ᠎ᠠ ᠶᠢᠨ ᠥᠪᠦᠷ ᠮᠣᠩᠭᠤᠯ ᠤᠨ ᠶᠡᠷᠦᠩᠬᠡᠢ ᠠᠩᠭᠢ ᠶᠢᠨ ᠤᠯᠤᠰ ᠲᠥᠷᠦ ᠶᠢᠨ ᠬᠡᠯᠲᠡᠰ ᠲᠤᠰ ᠱᠠᠩᠨᠠᠨ ᠬᠥᠬᠢᠭᠦᠯᠬᠦ ᠠᠷᠭ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃

 

ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ

 

ᠠᠷᠪᠠᠨ ᠳᠣᠯᠤᠳᠤᠭᠠᠷ ᠵᠦᠢᠯ  ᠲᠤᠰ ᠠᠷᠭ᠎ᠠ ᠶᠢ ᠨᠡᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃ ᠤᠤᠯ ᠤᠨ 《ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠬᠤᠪᠢᠰᠭᠠᠯ ᠤ᠋ᠨ ᠵᠥᠪᠯᠡᠯ ᠦ᠋ᠨ ᠮᠣᠩᠭᠤᠯ ᠬᠡᠯᠡ ᠪᠢᠴᠢᠭ ᠰᠤᠷᠴᠤ ᠬᠡᠷᠡᠭᠯᠡᠬᠦ ᠶᠢ ᠱᠠᠩᠨᠠᠬᠤ ᠠᠷᠭ᠎ᠠ 》 ᠶ᠋ᠢ ᠬᠦᠴᠦᠨ ᠦᠭᠡᠢ ᠪᠣᠯᠭᠠᠪᠠ᠃

 

ᠠᠷᠪᠠᠨ ᠨᠠᠢ᠍ᠮᠠᠳᠤᠭᠠᠷ ᠵᠦᠢᠯ  ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠦ᠌ ᠵᠥᠪᠯᠡᠯ (ᠬᠡᠯᠡ ᠪᠢᠴᠢᠭ ᠦ᠋ᠨ ᠵᠥᠪᠯᠡᠯ) ᠡᠴᠡ ᠬᠠᠷᠢᠭᠤᠴᠠᠵᠤ ᠲᠠᠢᠯᠪᠤᠷᠢᠯᠠᠨ᠎ᠠ ᠃

 

ᠡᠬᠡ ᠪᠢᠴᠢᠭ ᠬᠠᠩᠭᠠᠭᠴᠢ᠄ ᠠᠯᠲᠠᠨ᠌ᠣ᠋ᠳᠣ

ᠬᠢᠨᠠᠨ ᠬᠠᠷᠭᠤᠭᠤᠯᠤᠭᠴᠢ᠄ ᠲᠥᠷᠦᠴᠢᠨ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

 

ᠸᠢᠴᠠᠲ ᠲᠤ ᠪᠠᠨ ᠬᠤᠪᠢᠶᠠᠯᠴᠠᠬᠤ