ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ  ᠤ᠋ ᠮᠣᠩᠭᠤᠯ ᠦᠭᠡ ᠭᠡᠯᠡ ᠦᠰᠦᠭ ᠪᠢᠴᠢᠭ  ᠤᠨ ᠠᠵᠢᠯ ᠤ᠋ᠨ 《ᠠᠷᠪᠠᠨ ᠭᠤᠷᠪᠠᠳᠤᠭᠠᠷ ᠲᠠᠪᠤᠨ ᠵᠢᠯ》 ‍ ᠤ᠋ᠨ ᠲᠥᠯᠦᠪᠵᠢᠭᠦᠯᠭᠡ

2018.06.06

 

                 (ᠥᠪᠦᠷ ᠦᠨᠳᠦᠰᠦᠲᠡᠨ ᠦ ᠵᠥᠪᠯᠡᠯ ᠲᠠᠷᠬᠠᠭᠠᠭᠰᠠᠨ〔2016〕251 ᠳ᠋ᠤᠭᠡᠷ ᠲᠣᠭᠠᠲᠤ)

 

ᠮᠣᠩᠭᠤᠯ ᠭᠡᠯᠡ ᠪᠢᠴᠢᠭ ᠦ᠋ᠨ ᠠᠵᠢᠯ ᠪᠣᠯ ᠨᠠᠮ ᠤᠨ ᠦᠨᠳᠦᠰᠦᠲᠡᠨ ᠦ᠌ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠲᠡᠷᠡ ᠨᠢ ᠪᠠᠰᠠ ᠦᠨᠳᠦᠰᠦᠲᠡᠨ ᠦ᠌ ᠲᠡᠦᠬᠡ ᠰᠣᠶᠤᠯ ᠤ᠋ᠨ ᠤᠯᠠᠮᠵᠢᠯᠠᠯ᠂ ᠪᠦᠬᠦ ᠣᠷᠤᠨ ᠤ᠋ ᠠᠵᠤ ᠠᠬᠤᠢ ᠨᠡᠢᠭᠡᠮ ᠦ᠋ᠨ ᠬᠥᠭᠵᠢᠯᠲᠡ᠂ ᠦᠨᠳᠦᠰᠦᠲᠡᠨ ᠦ᠌ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ ᠳ᠋ᠤ᠌ ᠬᠣᠯᠪᠤᠭᠳᠠᠬᠤ ᠪᠠᠷ ᠪᠠᠷᠠᠬᠤ ᠦᠭᠡᠢ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠳᠤᠮᠳᠠ ᠴᠢᠬᠤᠯᠠ ᠪᠠᠢᠷᠢ ᠰᠠᠭᠤᠷᠢ ᠪᠠ ᠦᠢᠯᠡᠳᠦᠯ ᠲᠡᠢ ᠪᠠᠢᠳᠠᠭ᠃ ᠮᠠᠨ ᠤ ᠣᠷᠤᠨ ᠤ᠋ ᠮᠣᠩᠭᠤᠯ ᠭᠡᠯᠡ ᠪᠢᠴᠢᠭ ᠦ᠋ᠨ ᠠᠵᠢᠯ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠶᠢᠨ ᠲᠥᠯᠦᠭᠡ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦ᠋ᠨ ᠬᠠᠤᠯᠢ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠭᠡ ᠬᠡᠯᠡ ᠦᠰᠦᠭ ᠪᠢᠴᠢᠭ ᠦ᠋ᠨ ᠦᠢᠯᠡᠰ ᠦ᠋ᠨ ᠥᠭᠡᠷᠡᠴᠢᠯᠡᠯᠲᠡ ᠪᠠ ᠬᠥᠭᠵᠢᠯᠲᠡ ᠶ᠋ᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠶ᠋ᠢᠨ ᠬᠥᠲᠦᠯᠪᠦᠷᠢ (2014—2020 ᠣᠨ)》 ᠳ᠋ᠤ᠌ ᠦᠨᠳᠦᠰᠦᠯᠡᠨ ᠲᠤᠰ ᠲᠥᠯᠦᠪᠵᠢᠭᠦᠯᠭᠡ ᠶ᠋ᠢ ᠲᠣᠭᠲᠠᠭᠠᠪᠠ᠃

 

 ᠨᠢᠭᠡ᠂ ᠵᠢᠯᠤᠭᠤᠳᠬᠤ ᠦᠵᠡᠯ ᠰᠠᠨᠠᠭ᠎ᠠ

 

ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠠᠭᠤᠤ ᠶᠡᠬᠡ ᠲᠤᠭ ᠢ ᠥᠨᠳᠦᠷ ᠮᠠᠨᠳᠤᠭᠤᠯᠵᠤ᠂ ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ  ᠪᠣᠯᠤᠨ ᠠᠷᠪᠠᠨ ᠨᠠᠢ᠍ᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠵᠢ ᠲᠤᠭᠤᠰᠢᠯᠠᠭᠤᠯᠵᠤ᠂ ᠳ᠋ᠧᠩ ᠰᠢᠶᠣᠤ ᠫᠢᠩ ᠦ᠋ᠨ ᠣᠨᠤᠯ᠂《ᠭᠤᠷᠪᠠ ᠶ᠋ᠢ ᠲᠥᠯᠦᠭᠡᠯᠡᠬᠦ》ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠪᠡᠷ ᠵᠢᠯᠤᠭᠤᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠦ᠋ᠨ ᠰᠢᠷᠢᠰ ᠴᠢᠬᠤᠯᠠ ᠶᠠᠷᠢᠶ᠎ᠠ ᠪᠠ ᠤᠯᠤᠰ ᠢ ᠵᠠᠰᠠᠵᠤ ᠲᠥᠷᠦ ᠪᠠᠷᠢᠬᠤ ᠰᠢᠨ᠎ᠡ ᠣᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠢᠯᠳᠤᠬᠤ ᠪᠣᠳᠤᠯᠭ᠎ᠠ ᠶ᠋ᠢ ᠭᠦᠨᠵᠡᠭᠡᠢ ᠲᠤᠭᠤᠰᠢᠯᠠᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠦ᠋ᠨ ᠥᠪᠦᠷ ᠮᠣᠩᠭᠤᠯ ᠢ᠋ ᠪᠠᠢᠴᠠᠭᠠᠨ ᠦᠵᠡᠬᠦ ᠦᠶ᠎ᠡ ᠳ᠋ᠦ᠍ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠲᠥᠪ ᠦ᠋ᠨ ᠦᠨᠳᠦᠰᠦᠲᠡᠨ ᠦ᠌ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠤᠨ ᠤ᠋ ᠠᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠦ᠋ᠨ ᠬᠤᠷᠠᠯ ᠪᠠ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶᠠᠨ ᠤ᠋ ᠦᠨᠳᠦᠰᠦᠲᠡᠨ ᠦ᠌ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠢᠮᠪᠠᠢ ᠲᠤᠭᠤᠰᠢᠯᠠᠭᠤᠯᠤᠨ᠎ᠠ᠃ ᠮᠣᠩᠭᠤᠯ ᠦᠭᠡ ᠭᠡᠯᠡ ᠪᠢᠴᠢᠭ ᠢ ᠰᠤᠷᠴᠤ ᠬᠡᠷᠡᠭᠯᠡᠵᠦ᠂ ᠴᠡᠴᠡᠭᠯᠡᠭᠦᠯᠦᠨ ᠬᠥᠭᠵᠢᠭᠦᠯᠬᠦ ᠭᠣᠣᠯ ᠰᠡᠳᠦᠪ ᠢ᠋ ᠡᠷᠴᠢᠮᠲᠡᠢ ᠠᠬᠢᠭᠤᠯᠬᠤ ᠶᠢ ᠪᠠᠷᠢᠮᠲᠠᠯᠠᠵᠤ᠂ ᠦᠨᠳᠦᠰᠦᠲᠡᠨ ᠦ᠌ ᠭᠡᠯᠡ ᠪᠢᠴᠢᠭ ᠦ᠋ᠨ ᠲᠤᠬᠠᠢ ᠨᠠᠮ ᠪᠠ ᠤᠯᠤᠰ ᠤᠨ ᠲᠥᠷᠦ ᠶ᠋ᠢᠨ ᠪᠣᠳᠤᠯᠭ᠎ᠠ᠂ ᠬᠠᠤᠯᠢ ᠴᠠᠭᠠᠵᠠ᠂ ᠳᠦᠷᠢᠮ ᠲᠣᠭᠲᠠᠭᠠᠯ ᠢ᠋ ᠭᠦᠨᠵᠡᠭᠡᠢ ᠲᠤᠭᠤᠰᠢᠯᠠᠭᠤᠯᠬᠤ ᠪᠠᠷ ᠭᠣᠣᠯ ᠰᠢᠵᠢᠮ ᠪᠣᠯᠭᠠᠵᠤ᠂ ᠮᠣᠩᠭᠤᠯ ᠬᠡᠯᠡ ᠪᠢᠴᠢᠭ ᠦ᠋ᠨ ᠬᠥᠭᠵᠢᠯᠲᠡ ᠶ᠋ᠢᠨ ᠵᠢᠮ᠎ᠡ ᠬᠠᠤᠯᠢ ᠶᠢ ᠵᠢᠷᠤᠮᠯᠠᠵᠤ᠂ ᠡᠭᠦᠳᠦᠯᠲᠡ ᠲᠡᠢ ᠬᠠᠮᠢᠶᠠᠷᠬᠤ ᠪᠠ ᠲᠥᠷᠦᠯ ᠬᠤᠪᠢᠶᠠᠨ ᠵᠢᠯᠤᠭᠤᠳᠬᠤ ᠪᠠᠷ ᠵᠠᠷᠴᠢᠮ ᠪᠣᠯᠭᠠᠵᠤ᠂ ᠠᠵᠢᠯ ᠤᠨ ᠭᠣᠣᠯᠳᠠᠯᠭ᠎ᠠ ᠶ᠋ᠢᠨ ᠲᠣᠭᠤᠷᠢᠨ ᠳ᠋ᠤ᠌ ᠪᠦᠬᠦ ᠲᠠᠯ᠎ᠠ ᠳᠤ ᠦᠢᠯᠡᠴᠢᠯᠡᠵᠦ᠂ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠢᠶᠠᠷᠤᠯᠲᠠ ᠶ᠋ᠢᠨ ᠴᠢᠳᠠᠪᠤᠷᠢ ᠪᠠ ᠲᠦᠪᠰᠢᠨ ᠢ᠋ᠶ᠋ᠡᠨ ᠳᠡᠭᠡᠭᠰᠢᠯᠡᠭᠦᠯᠵᠦ᠂ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢᠨ ᠦᠢᠯᠡᠰ ᠢ ᠠᠬᠢᠭᠤᠯᠬᠤ ᠶᠢᠨ ᠲᠥᠯᠦᠭᠡ᠂ ᠳᠤᠮᠳᠠᠳᠤ ᠶ᠋ᠢᠨ ᠦᠨᠳᠦᠰᠦᠲᠡᠨ ᠦ᠌ ᠠᠭᠤᠤ ᠶᠡᠬᠡ  ᠰᠡᠷᠭᠦᠨ ᠮᠠᠨᠳᠤᠯᠲᠠ ᠶᠢ ᠪᠡᠶᠡᠯᠡᠭᠦᠯᠬᠦ ᠳ᠋ᠦ᠍ ᠪᠠᠢᠪᠠᠰᠤ ᠵᠣᠬᠢᠬᠤ ᠬᠤᠪᠢ ᠨᠡᠮᠡᠷᠢ ᠪᠡᠨ ᠭᠠᠷᠭᠠᠬᠤ ᠪᠣᠯᠤᠨ᠎ᠠ᠃

 

 ᠬᠤᠶᠠᠷ᠂ ᠶᠡᠷᠦᠩᠬᠡᠢ ᠬᠠᠷᠠᠯᠲᠠ

 

《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠳᠠᠬᠢ ᠮᠠᠨ ᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠶᠡᠷᠦᠩᠬᠡᠢ ᠬᠠᠷᠠᠯᠲᠠ ᠪᠣᠯ᠄ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠤᠯᠢ ᠳᠦᠷᠢᠮ ᠦ᠋ᠨ ᠲᠣᠭᠲᠠᠯᠴᠠᠭ᠎ᠠ ᠪᠠ ᠠᠵᠢᠯ ᠤᠨ ᠵᠣᠬᠢᠴᠠᠮᠵᠢ ᠶ᠋ᠢ ᠨᠡᠩ ᠲᠡᠭᠦᠯᠳᠡᠷᠵᠢᠭᠦᠯᠵᠦ᠂ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠢᠶᠠᠷᠤᠯᠲᠠ ᠪᠠ 《ᠨᠢᠭᠡ ᠪᠦᠰᠡ ᠨᠢᠭᠡ ᠵᠠᠮ》ᠵᠡᠷᠭᠡ ᠴᠢᠬᠤᠯᠠ ᠪᠠᠢᠯᠳᠤᠬᠤ ᠪᠣᠳᠤᠯᠭ᠎ᠠ ᠵᠢᠴᠢ ᠪᠦᠬᠦ ᠲᠠᠯ᠎ᠠ ᠳᠤ ᠦᠢᠯᠡᠴᠢᠯᠡᠬᠦ ᠣᠢᠯᠠᠭᠠᠭᠳᠠᠬᠤᠨ ᠢ᠋ᠶ᠋ᠠᠨ ᠤᠯᠠᠮ ᠰᠢᠨᠵᠢᠯᠡᠬᠦ ᠤᠬᠠᠭᠠᠨᠴᠢᠯᠠᠵᠤ᠂ ᠠᠵᠢᠯ ᠤᠨ ᠠᠷᠭ᠎ᠠ ᠠᠪᠴᠠᠯ ᠢᠶᠠᠨ ᠤᠯᠠᠮ ᠰᠢᠨᠡᠴᠢᠯᠡᠵᠦ᠂ ᠴᠢᠳᠠᠪᠤᠷᠢ ᠪᠠ ᠬᠢᠷᠢ ᠲᠦᠪᠰᠢᠨ ᠢ᠋ᠶ᠋ᠡᠨ ᠤᠯᠠᠮ ᠳᠡᠭᠡᠭᠰᠢᠯᠡᠭᠦᠯᠵᠦ᠂ ᠪᠦᠬᠦ ᠨᠡᠢᠭᠡᠮ ᠦ᠋ᠨ ᠬᠥᠮᠦᠰ ᠦ᠋ᠨ ᠮᠣᠩᠭᠤᠯ ᠬᠡᠯᠡ ᠪᠢᠴᠢᠭ ᠢ ᠳᠦᠷᠢᠮᠵᠢᠭᠦᠯᠬᠦ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠨᠢ ᠤᠯᠠᠮ ᠴᠢᠩᠭᠠᠷᠠᠭᠤᠯᠵᠤ᠂ ᠮᠣᠩᠭᠤᠯ ᠬᠡᠯᠡ ᠪᠢᠴᠢᠭ ᠢ ᠨᠡᠩ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠬᠥᠭᠵᠢᠭᠦᠯᠬᠦ ᠪᠥᠭᠡᠳ ᠮᠣᠩᠭᠤᠯ ᠬᠡᠯᠡ ᠪᠢᠴᠢᠭ ᠦ᠋ᠨ ᠰᠤᠷᠤᠯᠴᠠᠯᠭ᠎ᠠ ᠪᠠ ᠰᠤᠳᠤᠯᠭ᠎ᠠ ᠶᠢ ᠨᠡᠩ ᠭᠦᠨᠵᠡᠭᠡᠢᠷᠡᠭᠦᠯᠵᠦ᠂ ᠬᠠᠮᠢᠶᠠᠷᠤᠯᠲᠠ ᠪᠠ ᠬᠡᠷᠡᠭᠯᠡᠭᠡᠨ ᠢ᠋ ᠨᠡᠩ ᠳᠦᠷᠢᠮᠵᠢᠭᠦᠯᠵᠦ᠂ ᠬᠡᠯᠡᠨ ᠦ᠌ ᠠᠮᠢᠳᠤᠷᠠᠯ ᠢ ᠨᠡᠩ ᠡᠶ᠎ᠡ ᠵᠣᠬᠢᠴᠠᠩᠭᠤᠢ ᠪᠣᠯᠭᠠᠨ᠎ᠠ᠃ ᠮᠣᠩᠭᠤᠯ ᠬᠡᠯᠡ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶ᠋ᠢ ᠢᠯᠡᠳᠲᠡ ᠳᠡᠭᠡᠭᠰᠢᠯᠡᠭᠦᠯᠦᠨ᠎ᠡ᠃ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠬᠠᠮᠢᠶᠠᠷᠤᠯᠲᠠ ᠪᠠ ᠣᠯᠠᠨ ᠨᠡᠢᠲᠡ ᠶ᠋ᠢᠨ ᠦᠨᠳᠦᠰᠦᠨ ᠦᠢᠯᠡᠴᠢᠯᠡᠭᠡᠨ ᠢ ᠶᠡᠬᠡᠲᠡ ᠳᠡᠭᠡᠭᠰᠢᠯᠡᠭᠦᠯᠵᠦ᠂ ᠮᠣᠩᠭᠤᠯ ᠬᠡᠯᠡᠨ ᠦ ᠮᠡᠳᠡᠭᠡ ᠵᠠᠩᠭᠢ ᠶ᠋ᠢᠨ ᠡᠬᠢ ᠪᠠᠶᠠᠯᠢᠭ ᠢ᠋ ᠥᠷᠭᠡᠨ ᠢ᠋ᠶ᠋ᠡᠷ ᠨᠡᠭᠡᠭᠡᠨ ᠠᠰᠢᠭᠯᠠᠵᠤ᠂ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠮᠵᠢ ᠶ᠋ᠢ ᠡᠯ᠎ᠡ ᠦᠨᠳᠦᠰᠦᠲᠡᠨ ᠦ᠌ ᠠᠷᠠᠳ ᠢᠷᠡᠭᠡᠳ ᠲᠦ᠍ ᠡᠳ᠋ᠯᠡᠭᠦᠯᠦᠨ᠎ᠡ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠮᠣᠩᠭᠤᠯ ᠢ᠋ᠶ᠋ᠠᠷ ᠬᠢᠴᠢᠶᠡᠯᠯᠡᠬᠦ ᠰᠤᠷᠭᠠᠭᠤᠯᠢ᠂ ᠰᠣᠨᠢᠨ ᠮᠡᠳᠡᠭᠡ ᠵᠠᠭᠤᠴᠢᠯᠠᠭᠤᠷ ᠵᠡᠷᠭᠡ ᠭᠣᠣᠯᠳᠠᠯᠭ᠎ᠠ ᠲᠠᠢ ᠴᠠᠷᠠᠭ᠎ᠠ ᠬᠦᠷᠢᠶᠡᠨ ᠳ᠋ᠦ᠍ ᠲᠦᠭᠡᠮᠡᠯᠵᠢᠭᠦᠯᠵᠦ᠂ ᠪᠣᠯᠪᠠᠰᠤᠷᠠᠭᠤᠯᠵᠤ ᠰᠢᠯᠭᠠᠬᠤ ᠬᠦᠷᠢᠶ᠎ᠡ ᠬᠡᠪᠴᠢᠶ᠎ᠡ ᠶ᠋ᠢ ᠴᠠᠭᠠᠰᠢᠳᠠ ᠥᠷᠭᠡᠳᠭᠡᠵᠦ᠂ ᠮᠠᠨ ᠤ ᠣᠷᠤᠨ ᠤ᠋ ᠠᠵᠤ ᠠᠬᠤᠢ᠂ ᠨᠡᠢᠭᠡᠮ᠂ ᠰᠣᠶᠤᠯ ᠤ᠋ᠨ ᠪᠦᠲᠦᠭᠡᠨ ᠪᠠᠢᠭᠤᠯᠤᠯᠲᠠ ᠲᠠᠢ ᠵᠣᠬᠢᠴᠠᠭᠰᠠᠨ ᠮᠣᠩᠭᠤᠯ ᠬᠡᠯᠡ ᠪᠢᠴᠢᠭ ᠦ᠋ᠨ ᠠᠵᠢᠯ ᠤᠨ ᠰᠢᠨ᠎ᠡ ᠪᠠᠢᠳᠠᠯ ᠢ᠋ ᠪᠤᠢ ᠪᠣᠯᠭᠠᠨ᠎ᠠ᠃

 

 ᠭᠤᠷᠪᠠ᠂ ᠭᠣᠣᠯ ᠡᠭᠦᠷᠭᠡ

 

(ᠨᠢᠭᠡ) ᠮᠣᠩᠭᠤᠯ ᠬᠡᠯᠡ ᠪᠢᠴᠢᠭ ᠦ᠋ᠨ ᠰᠤᠷᠤᠯᠴᠠᠯᠭ᠎ᠠ ᠪᠠ ᠰᠤᠷᠭᠠᠨ ᠬᠥᠮᠦᠵᠢᠯ ᠦ᠋ᠨ ᠠᠵᠢᠯ ᠢ ᠴᠢᠩᠭᠠᠳᠭᠠᠨ᠎ᠠ

ᠮᠣᠩᠭᠤᠯ ᠢ᠋ᠶ᠋ᠠᠷ ᠬᠢᠴᠢᠶᠡᠯᠯᠡᠬᠦ ᠰᠤᠷᠭᠠᠨ ᠬᠥᠮᠦᠵᠢᠯ ᠢ᠋ ᠴᠢᠩᠭᠠᠳᠭᠠᠨ᠎ᠠ᠃ ᠰᠤᠷᠭᠠᠨ ᠬᠥᠮᠦᠵᠢᠯ ᠦ᠋ᠨ ᠰᠠᠯᠠᠭ᠎ᠠ ᠮᠥᠴᠢᠷ ᠲᠡᠢ ᠨᠢᠭᠲᠠ ᠬᠠᠮᠵᠢᠯᠴᠠᠵᠤ᠂ ᠮᠣᠩᠭᠤᠯ ᠢ᠋ᠶ᠋ᠠᠷ ᠬᠢᠴᠢᠶᠡᠯᠯᠡᠬᠦ ᠪᠡᠷ ᠭᠣᠣᠯᠯᠠᠭᠰᠠᠨ ᠰᠤᠷᠭᠠᠨ ᠬᠥᠮᠦᠵᠢᠯ ᠦ᠋ᠨ ᠲᠣᠭᠲᠠᠯᠴᠠᠭ᠎ᠠ  ᠶᠢ ᠤᠯᠠᠮ ᠲᠡᠭᠦᠯᠳᠡᠷᠵᠢᠭᠦᠯᠦᠨ᠎ᠡ᠃ ᠮᠣᠩᠭᠤᠯ ᠢ᠋ᠶ᠋ᠠᠷ ᠬᠢᠴᠢᠶᠡᠯᠯᠡᠬᠦ ᠪᠡᠷ ᠭᠣᠣᠯᠯᠠᠭᠰᠠᠨ ᠰᠤᠷᠭᠠᠭᠤᠯᠢ ᠶᠢ ᠤᠷᠢᠳ ᠢ᠋ᠶ᠋ᠠᠷ ᠬᠥᠭᠵᠢᠭᠦᠯᠬᠦ ᠠᠵᠢᠯ ᠢ ᠭᠣᠣᠯᠳᠠᠯᠭ᠎ᠠ ᠲᠠᠢ ᠳᠡᠮᠵᠢᠵᠦ᠂ ᠮᠣᠩᠭᠤᠯ ᠰᠤᠷᠬᠤ ᠪᠢᠴᠢᠭ᠂ ᠵᠢᠭᠠᠨ ᠰᠤᠷᠭᠠᠯᠲᠠ ᠳ᠋ᠤ᠌ ᠲᠤᠰᠠᠯᠠᠬᠤ ᠮᠠᠲ᠋ᠧᠷᠢᠶᠠᠯ ᠪᠠ ᠬᠢᠴᠢᠶᠡᠯ ᠦ᠋ᠨ ᠭᠠᠳᠠᠭᠤᠷ ᠤᠩᠰᠢᠬᠤ ᠮᠠᠲ᠋ᠧᠷᠢᠶᠠᠯ ᠤᠨ ᠲᠣᠭᠲᠠᠯᠴᠠᠭ᠎ᠠ  ᠶᠢ ᠤᠯᠠᠮ ᠲᠡᠭᠦᠯᠳᠡᠷᠵᠢᠭᠦᠯᠦᠨ᠎ᠡ᠃ ᠬᠢᠲᠠᠳ ᠢ᠋ᠶ᠋ᠠᠷ ᠬᠢᠴᠢᠶᠡᠯᠯᠡᠬᠦ ᠪᠡᠷ ᠭᠣᠣᠯᠯᠠᠭᠰᠠᠨ ᠮᠣᠩᠭᠤᠯ ᠦᠨᠳᠦᠰᠦᠲᠡᠨ ᠦ᠌ ᠰᠤᠷᠭᠠᠭᠤᠯᠢ ᠳᠤ ᠮᠣᠩᠭᠤᠯ ᠬᠡᠯᠡ ᠪᠢᠴᠢᠭ ᠦ᠋ᠨ ᠵᠢᠭᠠᠨ ᠰᠤᠷᠭᠠᠯᠲᠠ ᠶ᠋ᠢ ᠴᠢᠩᠭᠠᠳᠭᠠᠵᠤ᠂ ᠣᠷᠤᠨ ᠤ᠋ ᠳᠣᠲᠤᠷᠠᠬᠢ ᠶᠡᠬᠡ ᠳᠡᠭᠡᠳᠦ ᠰᠤᠷᠭᠠᠭᠤᠯᠢ ᠨᠤᠭᠤᠳ ᠲᠤ ᠮᠣᠩᠭᠤᠯ ᠬᠡᠯᠡ ᠪᠢᠴᠢᠭ ᠦ᠋ᠨ ᠦᠨᠳᠦᠰᠦᠨ ᠮᠡᠳᠡᠯᠭᠡ ᠶᠢᠨ ᠬᠢᠴᠢᠶᠡᠯ ᠢ᠋ ᠢᠳᠡᠪᠬᠢᠲᠡᠢ ᠨᠡᠭᠡᠭᠡᠨ᠎ᠡ᠃ ᠮᠣᠩᠭᠤᠯ ᠢ᠋ᠶ᠋ᠠᠷ ᠬᠢᠴᠢᠶᠡᠯᠯᠡᠭᠰᠡᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠲᠤ᠌ ᠠᠵᠢᠯ ᠣᠯᠭᠤᠬᠤ᠂ ᠦᠢᠯᠡᠰ ᠪᠦᠲᠤᠭᠡᠬᠦ ᠠᠵᠢᠯ ᠢ ᠴᠢᠩᠭᠠᠳᠭᠠᠨ᠎ᠠ᠃

ᠡᠯ᠎ᠡ ᠦᠨᠳᠦᠰᠦᠲᠡᠨ ᠦ᠌ ᠺᠠᠳ᠋ᠷ ᠤᠯᠠᠨ ᠲᠦᠮᠡᠨ ᠦ᠌ ᠮᠣᠩᠭᠤᠯ ᠬᠡᠯᠡ ᠪᠢᠴᠢᠭ ᠰᠤᠷᠬᠤ ᠶᠢ ᠵᠣᠷᠢᠭᠵᠢᠭᠤᠯᠤᠨ᠎ᠠ᠃ ᠮᠣᠩᠭᠤᠯ ᠬᠡᠯᠡ ᠪᠢᠴᠢᠭ ᠢ ᠰᠤᠷᠬᠤ ᠲᠤᠬᠠᠢ ᠨᠡᠢᠭᠡᠮ ᠦ᠋ᠨ ᠬᠦᠨᠳᠦᠳᠭᠡᠯ ᠢ᠋ ᠳᠡᠭᠡᠭᠰᠢᠯᠡᠭᠦᠯᠵᠦ᠂ ᠮᠣᠩᠭᠤᠯ ᠬᠡᠯᠡ ᠪᠢᠴᠢᠭ ᠦ᠋ᠨ ᠬᠢᠷᠢ ᠲᠦᠪᠰᠢᠨ ᠦ᠌ ᠲᠡᠰ ᠦ᠋ᠨ ᠰᠢᠯᠭᠠᠯᠲᠠ ᠶ᠋ᠢ ᠵᠣᠬᠢᠶᠠᠨ ᠪᠠᠢᠭᠤᠯᠤᠨ ᠥᠷᠨᠢᠭᠦᠯᠵᠦ᠂ ᠪᠦᠬᠦ ᠣᠷᠤᠨ ᠤ᠋ ᠡᠯ᠎ᠡ ᠦᠨᠳᠦᠰᠦᠲᠡᠨ ᠦ᠌ ᠺᠠᠳ᠋ᠷ ᠤᠯᠠᠨ ᠲᠦᠮᠡᠨ ᠦ᠌ ᠮᠣᠩᠭᠤᠯ ᠬᠡᠯᠡ ᠪᠢᠴᠢᠭ ᠢ ᠬᠡᠷᠡᠭᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃

(ᠬᠤᠶᠠᠷ) ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠪᠠ ᠦᠢᠯᠡᠴᠢᠯᠡᠭᠡᠨ ᠦ᠌ ᠠᠵᠢᠯ ᠢ ᠴᠢᠩᠭᠠᠳᠭᠠᠨ᠎ᠠ

ᠠᠯᠪᠠᠨ ᠪᠢᠴᠢᠭ ᠢ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ᠋ᠶ᠋ᠡᠷ ᠪᠠᠭᠤᠯᠭᠠᠬᠤ ᠪᠠ ᠬᠤᠷᠠᠯ ᠴᠤᠭᠯᠠᠭᠠᠨ ᠳ᠋ᠤ᠌ ᠮᠣᠩᠭᠤᠯ ᠬᠢᠲᠠᠳ ᠬᠤᠶᠠᠷ ᠲᠥᠷᠦᠯ ᠦ᠋ᠨ ᠭᠡᠯᠡ ᠶᠢ ᠵᠡᠷᠭᠡ ᠪᠡᠷ ᠬᠡᠷᠡᠭᠯᠡᠬᠦ ᠠᠵᠢᠯ ᠢ ᠴᠢᠩᠭᠠᠳᠭᠠᠨ᠎ᠠ᠃ ᠪᠦᠬᠦ ᠣᠷᠤᠨ ᠤ᠋ ᠡᠯ᠎ᠡ ᠱᠠᠳᠤᠨ ᠤ ᠲᠥᠷᠦ ᠶ᠋ᠢᠨ ᠪᠠᠢᠭᠤᠯᠭ᠎ᠠ᠂ ᠤᠯᠠᠨ ᠲᠦᠮᠡᠨᠴᠢ ᠪᠦᠯᠬᠦᠮ᠂ ᠠᠵᠢᠯ ᠦᠢᠯᠡᠰ ᠦ᠋ᠨ ᠨᠢᠭᠡᠴᠢ (ᠮᠠᠨ ᠤ ᠣᠷᠤᠨ ᠳ᠋ᠤ᠌ ᠰᠠᠭᠤᠭ᠎ᠠ ᠲᠥᠷᠦ ᠶ᠋ᠢᠨ ᠪᠠᠢᠭᠤᠯᠭ᠎ᠠ᠂ ᠤᠯᠠᠨ ᠲᠦᠮᠡᠨᠴᠢ ᠪᠦᠯᠬᠦᠮ᠂ ᠠᠵᠢᠯ ᠦᠢᠯᠡᠰ ᠦ᠋ᠨ ᠨᠢᠭᠡᠴᠢ ᠶᠢ ᠪᠠᠭᠲᠠᠭᠠᠨ᠎ᠠ) ᠶ᠋ᠢᠨ ᠠᠯᠪᠠᠨ ᠪᠢᠴᠢᠭ ᠢ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ᠋ᠶ᠋ᠡᠷ ᠪᠠᠭᠤᠯᠭᠠᠬᠤ ᠪᠠ ᠬᠤᠷᠠᠯ ᠴᠤᠭᠯᠠᠭᠠᠨ ᠳ᠋ᠤ᠌ ᠮᠣᠩᠭᠤᠯ ᠬᠢᠲᠠᠳ ᠬᠤᠶᠠᠷ ᠲᠥᠷᠦᠯ ᠦ᠋ᠨ ᠭᠡᠯᠡ ᠶᠢ ᠵᠡᠷᠭᠡ ᠪᠡᠷ ᠬᠡᠷᠡᠭᠯᠡᠬᠦ ᠠᠵᠢᠯ ᠳᠠᠬᠢ ᠬᠢᠨᠠᠯᠲᠠ ᠪᠠ ᠵᠢᠯᠤᠭᠤᠳᠤᠯᠭ᠎ᠠ ᠪᠠᠨ ᠴᠢᠩᠭᠠᠳᠭᠠᠨ᠎ᠠ᠃

ᠮᠣᠩᠭᠤᠯ ᠬᠡᠯᠡᠨ ᠦ᠌ ᠣᠷᠴᠢᠭᠤᠯᠭ᠎ᠠ ᠶ᠋ᠢᠨ ᠠᠵᠢᠯ ᠢ ᠴᠢᠩᠭᠠᠳᠭᠠᠨ᠎ᠠ᠃  ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠳ ᠲᠡᠢ ᠨᠢᠭᠲᠠ ᠬᠠᠮᠵᠢᠯᠴᠠᠵᠤ᠂ ᠵᠣᠷᠢᠭᠵᠢᠭᠤᠯᠤᠨ ᠱᠠᠩᠨᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠮᠣᠩᠭᠤᠯ ᠬᠡᠯᠡᠨ ᠦ᠌ ᠣᠷᠴᠢᠭᠤᠯᠭ᠎ᠠ ᠶ᠋ᠢᠨ ᠠᠵᠢᠯ ᠤᠨ ᠪᠠᠢᠭᠤᠯᠤᠮᠵᠢ᠂ ᠴᠢᠳᠠᠪᠤᠷᠢᠲᠠᠨ ᠤ᠋ ᠡᠩᠨᠡᠭᠡᠨ ᠦ᠌ ᠪᠠᠢᠭᠤᠯᠤᠯᠲᠠ᠂ ᠮᠣᠩᠭᠤᠯ ᠬᠢᠲᠠᠳ ᠬᠣᠣᠰ ᠭᠡᠯᠡ ᠲᠡᠢ ᠺᠠᠳ᠋ᠷ ᠤᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠨ᠎ᠠ᠃ ᠰᠢᠯᠢᠳᠡᠭ ᠮᠣᠩᠭᠤᠯ ᠨᠣᠮ ᠪᠢᠴᠢᠭ ᠪᠣᠯᠤᠨ ᠬᠢᠲᠠᠳ ᠨᠣᠮ ᠪᠢᠴᠢᠭ᠂ ᠭᠠᠳᠠᠭᠠᠳᠤ ᠶᠢᠨ ᠨᠣᠮ ᠪᠢᠴᠢᠭ ᠦ᠋ᠳ ᠢ᠋ ᠬᠣᠭᠤᠷᠤᠨᠳᠤ  ᠨᠢ ᠣᠷᠴᠢᠭᠤᠯᠤᠨ ᠬᠡᠪᠯᠡᠭᠦᠯᠬᠦ ᠠᠵᠢᠯ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠲᠠᠢ ᠬᠣᠯᠪᠤᠭᠳᠠᠬᠤ ᠨᠣᠮ ᠪᠢᠴᠢᠭ ᠪᠠ ᠰᠢᠨᠵᠢᠯᠡᠭᠡ ᠮᠡᠷᠭᠡᠵᠢᠯ᠂ ᠬᠠᠤᠯᠢ ᠴᠠᠭᠠᠵᠠ ᠵᠡᠷᠭᠡ ᠲᠠᠯ᠎ᠠ ᠶᠢᠨ ᠨᠣᠮ ᠪᠢᠴᠢᠭ ᠢ ᠨᠠᠢᠷᠠᠭᠤᠯᠤᠨ ᠣᠷᠴᠢᠭᠤᠯᠵᠤ ᠬᠡᠪᠯᠡᠭᠦᠯᠬᠦ᠂ ᠮᠣᠩᠭᠤᠯ ᠺᠢᠨᠣ᠋ ᠲᠧᠯᠸᠢᠰ ᠷᠠᠳᠢᠣ᠋ ᠶ᠋ᠢᠨ ᠫᠷᠣᠭ᠌ᠷᠠᠮ  ᠢ᠋ ᠣᠷᠴᠢᠭᠤᠯᠤᠨ ᠦᠢᠯᠡᠳᠬᠦ ᠪᠠ ᠨᠡᠪᠲᠡᠷᠡᠭᠦᠯᠬᠦ ᠠᠵᠢᠯ ᠢ ᠴᠢᠩᠭᠠᠳᠭᠠᠵᠤ᠂ ᠡᠯ᠎ᠡ ᠦᠨᠳᠦᠰᠦᠲᠡᠨ ᠦ᠌ ᠤᠯᠠᠨ ᠲᠦᠮᠡᠨ ᠳᠦ ᠬᠠᠷᠢᠯᠴᠠᠨ ᠪᠠᠬᠠᠷᠬᠠᠬᠤ᠂ ᠬᠠᠷᠢᠯᠴᠠᠨ ᠰᠤᠷᠤᠯᠴᠠᠬᠤ ᠶᠢ ᠴᠠᠭᠠᠰᠢᠳᠠ ᠠᠬᠢᠭᠤᠯᠤᠨ᠎ᠠ᠃

ᠮᠣᠩᠭᠤᠯ ᠬᠡᠯᠡ ᠪᠢᠴᠢᠭ ᠦ᠋ᠨ ᠨᠡᠢᠭᠡᠮ ᠦ᠋ᠨ ᠬᠡᠷᠡᠭᠯᠡᠭᠡᠨ ᠢ᠋ ᠴᠢᠩᠭᠠᠳᠭᠠᠨ᠎ᠠ᠃  ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠳ ᠲᠡᠢ ᠨᠢᠭᠲᠠ ᠬᠠᠮᠵᠢᠯᠴᠠᠵᠤ᠂ ᠬᠠᠤᠯᠢ ᠴᠠᠭᠠᠵᠠ ᠶᠢᠨ ᠠᠵᠢᠯᠯᠠᠭ᠎ᠠ᠂ ᠵᠠᠬᠢᠳᠠᠯ ᠰᠤᠷᠪᠤᠯᠵᠢᠯᠠᠭ᠎ᠠ᠂ ᠤᠭᠲᠤᠯᠭ᠎ᠠ ᠪᠣᠯᠤᠨ ᠣᠯᠠᠨ ᠨᠡᠢᠲᠡ ᠶ᠋ᠢᠨ ᠦᠢᠯᠡᠴᠢᠯᠡᠭᠡᠨ ᠦ᠌ ᠠᠵᠢᠯ ᠲᠥᠷᠦᠯ᠂ ᠣᠯᠠᠨ ᠨᠡᠢᠲᠡ ᠶ᠋ᠢᠨ ᠦᠢᠯᠡᠴᠢᠯᠡᠭᠡᠨ ᠦ᠌ ᠲᠠᠪᠴᠠᠩ ᠳ᠋ᠤ᠌ ᠮᠣᠩᠭᠤᠯ ᠬᠢᠲᠠᠳ ᠬᠡᠯᠡ ᠪᠢᠴᠢᠭ ᠢ᠋ᠶ᠋ᠡᠷ ᠦᠢᠯᠡᠴᠢᠯᠡᠭᠡ ᠬᠠᠩᠭᠠᠵᠤ᠂ ᠡᠯ᠎ᠡ ᠵᠦᠢᠯ ᠦ᠋ᠨ ᠦᠨᠡᠮᠯᠡᠯ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠠᠵᠢᠯ ᠢ ᠬᠢᠨ᠎ᠡ᠃ ᠬᠠᠤᠯᠢ ᠶᠣᠰᠤ ᠪᠠᠷ ᠬᠠᠮᠢᠶᠠᠷᠬᠤ ᠪᠠ ᠰᠦᠯᠵᠢᠶᠡᠵᠢᠭᠦᠯᠦᠨ ᠬᠠᠮᠢᠶᠠᠷᠬᠤ ᠶᠢ ᠤᠶᠠᠯᠳᠤᠭᠤᠯᠵᠤ᠂ ᠨᠡᠢᠭᠡᠮ ᠦ᠋ᠨ ᠬᠢᠨᠠᠯᠲᠠ ᠪᠠ ᠶᠠᠷᠢᠶ᠎ᠠ ᠬᠡᠯᠡᠯᠴᠡᠭᠡᠨ ᠦ᠌ ᠬᠢᠨᠠᠯᠲᠠ ᠶ᠋ᠢ ᠤᠶᠠᠯᠳᠤᠭᠤᠯᠵᠤ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠭᠰᠡᠨ ᠨᠣᠷᠮ᠎ᠠ᠂ ᠣᠨᠤᠪᠴᠢ ᠶ᠋ᠢᠨ ᠨᠤᠷᠮ᠎ᠠ ᠪᠠ ᠳᠦᠷᠢᠮᠵᠢᠭᠰᠡᠨ ᠨᠣᠷᠮ᠎ᠠ ᠶ᠋ᠢ ᠤᠯᠠᠮ ᠳᠡᠭᠡᠭᠰᠢᠯᠡᠭᠦᠯᠦᠨ᠎ᠡ᠃

ᠮᠣᠩᠭᠤᠯ ᠬᠢᠲᠠᠳ ᠬᠤᠶᠠᠷ ᠬᠡᠯᠡᠨ ᠦ᠌ ᠡᠶ᠎ᠡ ᠵᠣᠬᠢᠴᠠᠯ ᠤ᠋ᠨ ᠲᠤᠷᠰᠢᠯᠲᠠ ᠶ᠋ᠢᠨ ᠴᠡᠭ ᠦ᠋ᠨ ᠨᠢᠭᠡᠴᠢ ᠭᠠᠷᠭᠠᠬᠤ ᠠᠵᠢᠯ ᠢ ᠥᠷᠨᠢᠭᠦᠯᠦᠨ᠎ᠡ᠃ 《ᠲᠤᠷᠰᠢᠯᠲᠠ ᠶ᠋ᠢᠨ ᠴᠡᠭ ᠲᠦ᠍ ᠤᠷᠢᠳ ᠢᠶᠠᠷ ᠬᠢᠬᠦ᠂ ᠲᠡᠰ ᠬᠤᠪᠢᠶᠠᠨ ᠡᠭᠦᠳᠬᠦ᠂ ᠠᠯᠬᠤᠮ ᠠᠯᠬᠤᠮ ᠢᠶᠠᠷ ᠳᠡᠯᠭᠡᠷᠡᠭᠦᠯᠬᠦ》ᠵᠠᠷᠴᠢᠮ ᠢ ᠪᠠᠷᠢᠮᠲᠠᠯᠠᠵᠤ᠂ ᠮᠣᠩᠭᠤᠯ ᠬᠢᠲᠠᠳ ᠬᠤᠶᠠᠷ ᠬᠡᠯᠡᠨ ᠦ᠌ ᠡᠶ᠎ᠡ ᠵᠣᠬᠢᠴᠠᠯ ᠤ᠋ᠨ ᠲᠤᠷᠰᠢᠯᠲᠠ ᠶ᠋ᠢᠨ ᠴᠡᠭ ᠦ᠋ᠨ ᠨᠢᠭᠡᠴᠢ ᠶᠢ ᠨᠢᠭᠡ ᠪᠦᠯᠦᠭ ᠪᠤᠢ ᠪᠣᠯᠭᠠᠵᠤ᠂ ᠲᠡᠭᠦᠨ ᠦ᠌ ᠡᠭᠦᠳᠦᠭᠰᠡᠨ ᠦᠷ᠎ᠡ ᠪᠦᠲᠦᠮᠵᠢ ᠶ᠋ᠢ  ᠨᠢ ᠲᠠᠰᠤᠷᠠᠯᠲᠠ ᠦᠭᠡᠢ ᠪᠡᠬᠢᠵᠢᠭᠦᠯᠵᠦ᠂ ᠪᠦᠬᠦ ᠤᠯᠤᠰ ᠲᠤ ᠮᠣᠩᠭᠤᠯ ᠬᠢᠲᠠᠳ ᠬᠤᠶᠠᠷ ᠬᠡᠯᠡᠨ ᠦ᠌ ᠡᠶ᠎ᠡ ᠵᠣᠬᠢᠴᠠᠯ ᠲᠠᠢ ᠥᠪᠡᠷᠲᠡᠭᠡᠨ ᠵᠠᠰᠠᠬᠤ ᠣᠷᠤᠨ ᠢ᠋ ᠬᠠᠮᠤᠭ ᠤᠨ ᠲᠦᠷᠦᠭᠦᠨ ᠳ᠋ᠦ᠍ ᠪᠠᠢᠭᠤᠯᠤᠨ᠎ᠠ᠃

《ᠲᠠᠯ᠎ᠠ ᠨᠤᠲᠤᠭ ᠤ᠋ᠨ ᠡᠷᠳᠡᠮ ᠨᠣᠮ ᠤ᠋ᠨ ᠢᠨᠵᠧᠨᠧᠷᠢᠩ》 ᠢ᠋ ᠬᠡᠷᠡᠭᠵᠢᠭᠦᠯᠵᠦ᠂ ᠴᠢᠬᠤᠯᠠ ᠦᠨ᠎ᠡ ᠴᠠᠨ᠎ᠠ ᠲᠠᠢ ᠪᠥᠭᠡᠳ ᠠᠬᠤᠢᠴᠢ ᠠᠴᠢ ᠬᠣᠯᠪᠤᠭᠳᠠᠯ ᠲᠠᠢ ᠰᠢᠯᠢᠳᠡᠭ ᠮᠣᠩᠭᠤᠯ ᠨᠣᠮ ᠪᠢᠴᠢᠭ ᠢ ᠬᠡᠪᠯᠡᠭᠦᠯᠬᠦ ᠠᠵᠢᠯ ᠢ ᠵᠣᠷᠢᠭᠵᠢᠭᠤᠯᠵᠤ᠂ ᠨᠡᠢᠭᠡᠮ ᠦ᠋ᠨ ᠬᠦᠴᠦᠨ ᠢ᠋ ᠲᠦᠰᠢᠭᠯᠡᠨ ᠣᠯᠠᠨ ᠨᠡᠢᠲᠡ ᠶ᠋ᠢᠨ ᠨᠣᠮ ᠤ᠋ᠨ ᠰᠠᠩ ᠢ ᠪᠠᠢᠭᠤᠯᠬᠤ ᠪᠤᠶᠤ ᠠᠰᠠᠷᠠᠮᠵᠢ ᠶᠢᠨ ᠰᠢᠨᠵᠢ ᠲᠡᠢ ᠤᠩᠰᠢᠯᠭ᠎ᠠ ᠶᠢᠨ ᠦᠢᠯᠡᠴᠢᠯᠡᠭᠡ ᠶᠢ ᠬᠠᠩᠭᠠᠵᠤ᠂ ᠴᠥᠭᠡᠨ ᠲᠣᠭᠠᠲᠤ ᠦᠨᠳᠦᠰᠦᠲᠡᠨ ᠦ᠌ ᠤᠯᠠᠨ ᠲᠦᠮᠡᠨ ᠦ᠌ ᠰᠣᠶᠤᠯ ᠤ᠋ᠨ ᠦᠨᠳᠦᠰᠦᠨ ᠡᠷᠬᠡ ᠠᠰᠢᠭ ᠢ ᠰᠠᠢᠲᠤᠷ ᠪᠠᠲᠤᠯᠠᠨ᠎ᠠ᠃ ᠪᠦᠬᠦ ᠠᠷᠠᠳ ᠤ᠋ᠨ ᠨᠣᠮ ᠤᠩᠰᠢᠬᠤ ᠠᠵᠢᠯᠯᠠᠭ᠎ᠠ ᠶᠢ ᠵᠣᠬᠢᠶᠠᠨ ᠪᠠᠢᠭᠤᠯᠵᠤ᠂ ᠴᠥᠭᠡᠨ ᠲᠣᠭᠠᠲᠤ ᠦᠨᠳᠦᠰᠦᠲᠡᠨ ᠦ᠌ ᠺᠠᠳ᠋ᠷ ᠤᠯᠠᠨ ᠲᠦᠮᠡᠨ ᠦ᠌ ᠡᠭᠡ ᠬᠡᠯᠡᠨ ᠦ᠌ ᠤᠬᠠᠮᠰᠠᠷ ᠪᠠ ᠡᠭᠡ ᠬᠡᠯᠡᠨ ᠦ᠌ ᠴᠢᠳᠠᠪᠤᠷᠢ ᠶᠢ ᠨᠢ ᠴᠢᠩᠭᠠᠷᠠᠭᠤᠯᠤᠨ᠎ᠠ᠃

ᠮᠣᠩᠭᠤᠯ ᠬᠡᠯᠡ ᠪᠢᠴᠢᠭ ᠦ᠋ᠨ ᠦᠢᠯᠡᠴᠢᠯᠡᠭᠡᠨ ᠢ ᠰᠠᠢᠵᠢᠷᠠᠭᠤᠯᠤᠨ᠎ᠠ᠃ ᠮᠣᠩᠭᠤᠯ ᠬᠡᠯᠡ ᠪᠢᠴᠢᠭ ᠢ ᠰᠦᠯᠵᠢᠶ᠎ᠡ ᠪᠡᠷ ᠰᠤᠷᠬᠤ ᠲᠠᠪᠴᠠᠩ ᠢ᠋ ᠪᠠᠢᠭᠤᠯᠵᠤ᠂ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ ᠪᠠ ᠣᠳᠣᠬᠢᠴᠢᠯᠠᠭᠰᠠᠨ ᠰᠢᠨ᠎ᠡ ᠮᠡᠷᠭᠡᠵᠢᠯ ᠢ᠋ᠶ᠋ᠡᠷ ᠵᠢᠭᠠᠨ ᠰᠤᠷᠭᠠᠬᠤ ᠵᠠᠭᠪᠤᠷ ᠢ ᠨᠡᠭᠡᠭᠡᠵᠦ᠂ ᠰᠤᠷᠭᠠᠭᠤᠯᠢ ᠶᠢᠨ ᠵᠢᠭᠠᠨ ᠰᠤᠷᠭᠠᠯᠲᠠ᠂ ᠢᠷᠭᠡᠳ ᠦ᠋ᠨ ᠰᠤᠷᠤᠯᠴᠠᠯᠭ᠎ᠠ ᠪᠠ ᠤᠯᠠᠨ ᠤᠯᠤᠰ ᠤᠨ ᠰᠤᠷᠭᠠᠨ ᠬᠥᠮᠦᠵᠢᠯ ᠳ᠋ᠦ᠍ ᠦᠢᠯᠡᠴᠢᠯᠡᠭᠦᠯᠦᠨ᠎ᠡ᠃

ᠤᠯᠠᠨ ᠬᠡᠯᠡᠨ ᠦ᠌ ᠴᠢᠳᠠᠪᠤᠷᠢᠲᠠᠨ ᠤ᠋ ᠡᠬᠢ ᠪᠠᠶᠠᠯᠢᠭ ᠤ᠋ᠨ ᠬᠥᠮᠦᠷᠭᠡ ᠶ᠋ᠢ ᠴᠣᠭᠴᠠᠯᠠᠵᠤ᠂ ᠮᠣᠩᠭᠤᠯ ᠬᠢᠲᠠᠳ ᠬᠤᠶᠠᠷ ᠬᠡᠯᠡᠨ ᠦ᠌᠂ ᠮᠣᠩᠭᠤᠯ ᠬᠢᠲᠠᠳ ᠭᠠᠳᠠᠭᠠᠳᠤ ᠶᠢᠨ ᠤᠯᠠᠨ ᠬᠡᠯᠡᠨ ᠦ᠌ ᠴᠢᠳᠠᠪᠤᠷᠢᠲᠠᠨ ᠢ᠋ ᠤᠷᠢᠵᠤ᠂ ᠨᠡᠢᠭᠡᠮ ᠳ᠋ᠦ᠍ ᠬᠡᠯᠡᠨ ᠦ᠌ ᠲᠤᠰᠠᠯᠠᠮᠵᠢ ᠦᠵᠡᠭᠦᠯᠵᠦ᠂ ᠡᠯ᠎ᠡ ᠰᠠᠯᠠᠭ᠎ᠠ ᠮᠥᠴᠢᠷ ᠡᠯ᠎ᠡ ᠴᠠᠷᠠᠭ᠎ᠠ ᠬᠦᠷᠢᠶᠡᠨ ᠳ᠋ᠦ᠍ ᠮᠣᠩᠭᠤᠯ ᠬᠡᠯᠡ ᠪᠢᠴᠢᠭ ᠦ᠋ᠨ ᠳᠡᠮᠵᠢᠯᠭᠡ ᠪᠠ ᠦᠢᠯᠡᠴᠢᠯᠡᠭᠡ ᠬᠠᠩᠭᠠᠨ᠎ᠠ᠃  

(ᠭᠤᠷᠪᠠ) ᠮᠣᠩᠭᠤᠯ ᠬᠡᠯᠡ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶ᠋ᠢᠨ ᠪᠠᠢᠭᠤᠯᠤᠯᠲᠠ ᠶ᠋ᠢ ᠴᠢᠩᠭᠠᠳᠭᠠᠨ᠎ᠠ

ᠮᠣᠩᠭᠤᠯ ᠬᠡᠯᠡ ᠪᠢᠴᠢᠭ ᠦ᠋ᠨ ᠳᠦᠷᠢᠮᠵᠢᠭᠦᠯᠦᠯᠲᠡ ᠶ᠋ᠢᠨ ᠢᠨᠵᠧᠨᠧᠷᠢᠩ ᠢ᠋ ᠬᠡᠷᠡᠭᠵᠢᠭᠦᠯᠵᠦ᠂ ᠮᠣᠩᠭᠤᠯ ᠬᠡᠯᠡ ᠪᠢᠴᠢᠭ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠲᠤᠬᠠᠢ ᠰᠤᠳᠤᠯᠭᠠᠨ ᠤ ᠰᠡᠳᠦᠪ ᠢ᠋ ᠭᠣᠣᠯᠳᠠᠯᠭ᠎ᠠ ᠲᠠᠢ ᠳᠡᠮᠵᠢᠵᠦ᠂ ᠮᠣᠩᠭᠤᠯ ᠬᠡᠯᠡᠨ ᠦ᠌ ᠤᠯᠠᠨ ᠲᠥᠷᠦᠯ ᠦ᠋ᠨ ᠲᠣᠯᠢ ᠪᠢᠴᠢᠭ ᠨᠠᠢᠷᠠᠭᠤᠯᠬᠤ ᠪᠠ ᠬᠡᠪᠯᠡᠭᠦᠯᠬᠦ ᠠᠵᠢᠯ ᠤᠨ ᠬᠠᠮᠢᠶᠠᠷᠤᠯᠲᠠ ᠪᠠᠨ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶ᠋ᠢ ᠤᠯᠠᠮ ᠠᠬᠢᠭᠤᠯᠤᠨ᠎ᠠ᠃

ᠮᠣᠩᠭᠤᠯ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠵᠤ ᠨᠢᠭᠡᠳᠭᠡᠬᠦ ᠠᠵᠢᠯ ᠢ ᠴᠢᠩᠭᠠᠳᠭᠠᠨ᠎ᠠ᠃ ᠮᠣᠩᠭᠤᠯ ᠨᠡᠷ᠎ᠡ ᠲᠣᠮᠢᠶᠠᠨ ᠤ᠋ ᠠᠵᠢᠯ ᠢ ᠴᠢᠩᠭᠠᠳᠭᠠᠨ ᠰᠠᠢᠵᠢᠷᠠᠭᠤᠯᠵᠤ᠂ ᠠᠵᠢᠯ ᠤᠨ ᠵᠣᠬᠢᠴᠠᠮᠵᠢ ᠪᠠᠨ ᠲᠡᠭᠦᠯᠳᠡᠷᠵᠢᠭᠦᠯᠵᠦ᠂ ᠡᠮᠬᠢᠳᠭᠡᠨ ᠴᠤᠭᠯᠠᠭᠤᠯᠬᠤ᠂ ᠬᠢᠨᠠᠨ ᠲᠣᠭᠲᠠᠭᠠᠬᠤ ᠪᠠ ᠨᠡᠢᠲᠡᠯᠡᠬᠦ ᠠᠴᠢᠶᠠᠯᠠᠭᠴᠢ ᠶᠢ ᠰᠢᠨᠡᠴᠢᠯᠡᠵᠦ᠂ ᠬᠢᠨᠠᠨ ᠲᠣᠭᠲᠠᠭᠠᠵᠤ ᠨᠢᠭᠡᠳᠭᠡᠬᠦ ᠠᠵᠢᠯ ᠤᠨ ᠰᠢᠨᠵᠢᠯᠡᠬᠦ ᠤᠬᠠᠭᠠᠨᠴᠢ ᠰᠢᠨᠵᠢ ᠪᠠ ᠬᠡᠷᠡᠭᠯᠡᠭᠡᠨ ᠳ᠋ᠦ᠍ ᠲᠣᠬᠢᠷᠠᠬᠤ ᠰᠢᠨᠵᠢ ᠶᠢ ᠨᠡᠩ ᠴᠢᠩᠭᠠᠷᠠᠭᠤᠯᠵᠤ᠂ 《ᠮᠣᠩᠭᠤᠯ ᠨᠡᠷ᠎ᠡ ᠲᠣᠮᠢᠶᠠᠨ ᠤ᠋ ᠠᠯᠪᠠᠨ ᠮᠡᠳᠡᠭᠡ》 ᠶ᠋ᠢ ᠪᠦᠬᠦ ᠣᠷᠤᠨ ᠤ᠋ ᠡᠯ᠎ᠡ ᠱᠠᠳᠤᠨ ᠤ ᠲᠥᠷᠦ ᠶ᠋ᠢᠨ ᠪᠠᠢᠭᠤᠯᠭ᠎ᠠ᠂ ᠤᠯᠠᠨ ᠲᠦᠮᠡᠨᠴᠢ ᠪᠦᠯᠬᠦᠮ᠂ ᠠᠵᠢᠯ ᠦᠢᠯᠡᠰ ᠦ᠋ᠨ ᠨᠢᠭᠡᠴᠢ ᠪᠠ ᠪᠤᠰᠤᠳ ᠬᠠᠮᠵᠢᠯᠴᠠᠭᠠᠨ ᠤ ᠮᠤᠵᠢ ᠣᠷᠤᠨ ᠤ᠋ ᠬᠣᠯᠪᠤᠭᠳᠠᠯ ᠪᠦᠬᠦᠢ ᠰᠠᠯᠠᠭ᠎ᠠ ᠮᠥᠴᠢᠷ ᠲᠦ᠍ ᠲᠠᠷᠬᠠᠭᠠᠵᠤ᠂ ᠠᠯᠪᠠᠨ ᠮᠡᠳᠡᠭᠡᠨ ᠦ᠌  ᠬᠡᠷᠡᠭᠵᠢᠭᠦᠯᠦᠯᠲᠡ ᠶ᠋ᠢ ᠡᠷᠴᠢᠮᠵᠢᠭᠦᠯᠦᠨ᠎ᠡ᠃ ᠰᠣᠨᠢᠨ ᠰᠡᠳᠭᠦᠯ᠂ ᠰᠦᠯᠵᠢᠶᠡᠨ ᠦ᠌ ᠴᠡᠭ᠂ ᠢᠯᠠᠩᠭᠤᠶ᠎ᠠ ᠡᠯ᠎ᠡ ᠱᠠᠳᠤᠨ ᠤ ᠨᠠᠮ ᠵᠠᠰᠠᠭ ᠤᠨ ᠪᠠᠢᠭᠤᠯᠭ᠎ᠠ ᠶ᠋ᠢᠨ ᠰᠣᠨᠢᠨ ᠰᠡᠳᠭᠦᠯ᠂ ᠰᠦᠯᠵᠢᠶᠡᠨ ᠦ᠌ ᠴᠡᠭ᠂ ᠰᠤᠷᠬᠤ ᠪᠢᠴᠢᠭ᠂ ᠵᠢᠭᠠᠨ ᠰᠤᠷᠭᠠᠯᠲᠠ ᠶ᠋ᠢᠨ ᠲᠤᠰᠠᠯᠠᠬᠤ ᠮᠠᠲ᠋ᠧᠷᠢᠶᠠᠯ ᠵᠡᠷᠭᠡ ᠶᠢᠨ ᠮᠣᠩᠭᠤᠯ ᠨᠡᠷ᠎ᠡ ᠲᠣᠮᠢᠶ᠎ᠠ ᠶ᠋ᠢ ᠵᠠᠪᠠᠯ ᠳᠦᠷᠢᠮᠵᠢᠯ ᠲᠡᠢ ᠬᠡᠷᠡᠭᠯᠡᠭᠦᠯᠦᠨ᠎ᠡ᠃

ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠴᠢᠩᠭᠠᠳᠭᠠᠨ᠎ᠠ᠃ ᠠᠵᠢᠯᠲᠠᠨ ᠤ᠋ ᠶᠠᠪᠤᠳᠠᠯ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠳ ᠲᠡᠢ ᠨᠢᠭᠲᠠ ᠬᠠᠮᠵᠢᠯᠴᠠᠵᠤ᠂ ᠮᠣᠩᠭᠤᠯ ᠭᠡᠯᠡ ᠪᠡᠷ ᠠᠵᠢᠯ ᠮᠡᠷᠭᠡᠵᠢᠯ ᠦ᠋ᠨ ᠭᠡᠯᠡ ᠪᠣᠯᠭᠠᠵᠤ ᠪᠠᠢᠭ᠎ᠠ ᠠᠵᠢᠯ ᠤᠨ ᠪᠠᠢᠷᠢᠨ ᠳ᠋ᠤ᠌ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠦᠨᠡᠮᠯᠡᠯ ᠢ᠋ᠶ᠋ᠡᠷ ᠠᠵᠢᠯ ᠤᠨ ᠪᠠᠢᠷᠢᠨ ᠳ᠋ᠤ᠌ ᠭᠠᠷᠬᠤ ᠳᠦᠷᠢᠮ ᠢ᠋ ᠠᠭᠠᠵᠢᠮ ᠢᠶᠠᠷ ᠬᠡᠷᠡᠭᠵᠢᠭᠦᠯᠦᠨ᠎ᠡ᠃ ᠪᠠᠷᠢᠮᠵᠢᠶ᠎ᠠ ᠠᠪᠢᠶᠠᠨ ᠤ ᠲᠣᠭᠲᠠᠭᠰᠠᠨ ᠲᠡᠰ ᠦ᠋ᠨ ᠪᠠᠷᠢᠮᠵᠢᠶᠠᠨ ᠳᠤ ᠬᠥᠷᠦᠭᠡᠳᠦᠢ ᠬᠥᠮᠦᠰ ᠪᠠ 18 ᠪᠦᠬᠦᠯᠢ ᠨᠠᠰᠤᠨ ᠠᠴᠠ 55 ᠪᠦᠬᠦᠯᠢ ᠨᠠᠰᠤᠨ ᠤ ᠬᠣᠭᠤᠷᠤᠨᠳᠤᠬᠢ ᠠᠵᠢᠯ ᠤᠨ ᠪᠠᠢᠷᠢᠨ ᠳ᠋ᠠᠭᠠᠨ ᠪᠠᠢᠭ᠎ᠠ ᠠᠵᠢᠯᠲᠠᠳ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠠ ᠰᠢᠯᠭᠠᠯᠲᠠ ᠳ᠋ᠤ᠌ ᠣᠷᠤᠯᠴᠠᠬᠤ ᠬᠡᠷᠡᠭᠲᠡᠢ᠃ ᠮᠣᠩᠭᠤᠯ ᠢ᠋ᠶ᠋ᠠᠷ ᠬᠢᠴᠢᠶᠡᠯᠯᠡᠵᠦ ᠪᠠᠢᠭ᠎ᠠ ᠰᠤᠷᠭᠠᠭᠤᠯᠢ ᠨᠤᠭᠤᠳ ᠵᠠᠪᠠᠯ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠵᠢᠭᠠᠨ ᠰᠤᠷᠭᠠᠯᠲᠠ ᠪᠠᠨ ᠴᠢᠩᠭᠠᠳᠭᠠᠵᠤ᠂ ᠪᠦᠬᠦ ᠣᠷᠤᠨ ᠤ᠋ ᠡᠩ ᠦ᠋ᠨ ᠶᠡᠬᠡ ᠳᠡᠭᠡᠳᠦ ᠰᠤᠷᠭᠠᠭᠤᠯᠢ ᠪᠠ ᠳᠤᠮᠳᠠᠳᠤ ᠵᠡᠷᠭᠡ ᠶᠢᠨ ᠠᠵᠢᠯ ᠮᠡᠷᠭᠡᠵᠢᠯ ᠦ᠋ᠨ ᠰᠤᠷᠭᠠᠭᠤᠯᠢ ᠳᠤ ᠮᠣᠩᠭᠤᠯ ᠢ᠋ᠶ᠋ᠠᠷ ᠬᠢᠴᠢᠶᠡᠯᠯᠡᠵᠦ ᠪᠠᠢᠭ᠎ᠠ ᠰᠤᠷᠤᠭᠴᠢᠳ ᠴᠥᠮ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠠ ᠰᠢᠯᠭᠠᠯᠲᠠ ᠳ᠋ᠤ᠌ ᠣᠷᠤᠯᠴᠠᠬᠤ ᠬᠡᠷᠡᠭᠲᠡᠢ ᠪᠥᠭᠡᠳ ᠲᠣᠬᠢᠷᠠᠭᠰᠠᠨ ᠲᠡᠰ ᠦ᠋ᠨ ᠪᠠᠷᠢᠮᠵᠢᠶᠠᠨ ᠳᠤ ᠬᠦᠷᠬᠦ ᠬᠡᠷᠡᠭᠲᠡᠢ᠃ ᠮᠣᠩᠭᠤᠯ ᠢ᠋ᠶ᠋ᠠᠷ ᠬᠢᠴᠢᠶᠡᠯᠯᠡᠵᠦ ᠦᠭᠡᠢ ᠰᠤᠷᠤᠭᠴᠢᠳ ᠳᠤᠷᠠᠰᠢᠯ ᠠ᠋ᠴᠠ ᠪᠠᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠠ ᠰᠢᠯᠭᠠᠯᠲᠠ ᠳ᠋ᠤ᠌ ᠣᠷᠤᠯᠴᠠᠵᠤ ᠪᠣᠯᠤᠨ᠎ᠠ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠠ ᠰᠢᠯᠭᠠᠯᠲᠠ ᠶ᠋ᠢᠨ ᠬᠠᠮᠢᠶᠠᠷᠤᠯᠲᠠ ᠶ᠋ᠢ ᠴᠢᠩᠭᠠᠳᠭᠠᠨ ᠰᠠᠢᠵᠢᠷᠠᠭᠤᠯᠵᠤ᠂ 《ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠷᠢ ᠭᠡᠮ ᠦ᠋ᠨ ᠰᠢᠯᠭᠠᠯᠲᠠ ᠶ᠋ᠢᠨ ᠬᠥᠲᠦᠯᠪᠦᠷᠢ》 ᠶ᠋ᠢ ᠵᠣᠬᠢᠰᠲᠠᠢ ᠦᠶ᠎ᠡ ᠳ᠋ᠦ᠍ ᠵᠠᠰᠠᠯᠲᠠ ᠣᠷᠤᠭᠤᠯᠤᠨ ᠲᠡᠭᠦᠯᠳᠡᠷᠵᠢᠭᠦᠯᠦᠨ᠎ᠡ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠳᠡᠯᠭᠡᠷᠡᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠱᠠᠳᠤᠨ ᠤ ᠷᠠᠳᠢᠣ᠋ ᠲᠧᠯᠸᠢᠰ ᠮᠣᠩᠭᠤᠯ ᠬᠡᠯᠡ ᠪᠢᠴᠢᠭ ᠢ ᠵᠠᠪᠠᠯ ᠳᠦᠷᠢᠮᠵᠢᠯ ᠲᠡᠢ ᠬᠡᠷᠡᠭᠯᠡᠵᠦ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠳ᠋ᠦ᠍ ᠳᠠᠭᠠᠭᠤᠯᠬᠤ ᠦᠢᠯᠡᠳᠦᠯ ᠭᠠᠷᠭᠠᠵᠤ᠂ ᠣᠯᠠᠨ ᠲᠦᠮᠡᠨ ᠳ᠋ᠦ᠍ ᠳᠠᠭᠤᠷᠢᠶᠠᠯ ᠪᠣᠯᠬᠤ ᠬᠡᠷᠡᠭᠲᠡᠢ᠃

ᠮᠣᠩᠭᠤᠯ ᠬᠡᠯᠡᠨ ᠦ᠌ ᠵᠥᠪ ᠪᠢᠴᠢᠯᠭᠡ ᠶᠢ ᠳᠦᠷᠢᠮᠵᠢᠯ ᠲᠡᠢ ᠬᠡᠷᠡᠭᠯᠡᠬᠦ ᠠᠵᠢᠯ ᠢ ᠴᠢᠩᠭᠠᠳᠭᠠᠨ᠎ᠠ᠃ ᠡᠯ᠎ᠡ ᠱᠠᠳᠤᠨ ᠤ ᠰᠣᠨᠢᠨ ᠮᠡᠳᠡᠭᠡᠨ ᠦ᠌ ᠵᠠᠭᠤᠴᠢᠯᠠᠭᠤᠷ᠂ ᠨᠣᠮ ᠬᠡᠪᠯᠡᠯ ᠦ᠋ᠳ᠂ ᠢᠯᠠᠩᠭᠤᠶ᠎ᠠ ᠡᠯ᠎ᠡ ᠰᠣᠨᠢᠨ ᠰᠡᠳᠭᠦᠯ᠂ ᠰᠦᠯᠵᠢᠶᠡᠨ ᠦ᠌ ᠴᠡᠭ᠂ ᠰᠤᠷᠬᠤ ᠪᠢᠴᠢᠭ ᠪᠠ ᠵᠢᠭᠠᠨ ᠰᠤᠷᠭᠠᠯᠲᠠ ᠶ᠋ᠢᠨ ᠲᠤᠰᠠᠯᠠᠬᠤ ᠮᠠᠲ᠋ᠧᠷᠢᠶᠠᠯ ᠤᠳ ᠲᠤ ᠮᠣᠩᠭᠤᠯ ᠵᠥᠪ ᠪᠢᠴᠢᠯᠭᠡ ᠶᠢ ᠴᠢᠩᠭ᠎ᠠ ᠪᠠᠷᠢᠮᠲᠠᠯᠠᠵᠤ᠂ ᠨᠠᠢᠷᠠᠭᠤᠯᠵᠤ ᠬᠠᠷᠭᠤᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠪᠤᠷᠤᠭᠤ ᠦᠰᠦᠭ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠮᠣᠩᠭᠤᠯ ᠢ᠋ᠶ᠋ᠠᠷ ᠬᠢᠴᠢᠶᠡᠯᠯᠡᠵᠦ ᠪᠠᠢᠭ᠎ᠠ ᠰᠤᠷᠭᠠᠭᠤᠯᠢ ᠨᠤᠭᠤᠳ ᠮᠣᠩᠭᠤᠯ ᠵᠥᠪ ᠪᠢᠴᠢᠯᠭᠡ ᠶᠢᠨ ᠵᠢᠭᠠᠨ ᠰᠤᠷᠭᠠᠯᠲᠠ ᠪᠠ ᠰᠢᠨᠵᠢᠯᠡᠭᠡ ᠰᠤᠳᠤᠯᠭᠠᠨ ᠢ ᠴᠢᠩᠭᠠᠳᠭᠠᠬᠤ ᠬᠡᠷᠡᠭᠲᠡᠢ᠃ ᠭᠠᠳᠠᠭᠠᠳᠤ ᠶᠢᠨ ᠬᠥᠮᠦᠨ ᠦ᠌ ᠨᠡᠷ᠎ᠡ᠂ ᠭᠠᠵᠠᠷ ᠤᠨ ᠨᠡᠷ᠎ᠡ ᠶᠢ ᠮᠣᠩᠭᠤᠯ ᠢ᠋ᠶ᠋ᠠᠷ ᠠᠪᠢᠶᠠᠴᠢᠯᠠᠨ ᠲᠡᠮᠳᠡᠭᠯᠡᠬᠦ ᠶᠢ ᠳᠦᠷᠢᠮᠵᠢᠭᠦᠯᠬᠦ ᠪᠠ ᠨᠢᠭᠡᠳᠭᠡᠬᠦ ᠠᠵᠢᠯ ᠢ ᠴᠢᠩᠭᠠᠳᠭᠠᠨ᠎ᠠ᠃ 《ᠮᠣᠩᠭᠤᠯ ᠵᠥᠪ ᠪᠢᠴᠢᠯᠭᠡ ᠶᠢᠨ ᠲᠣᠯᠢ》 ᠳᠦ ᠵᠣᠬᠢᠰᠲᠠᠢ ᠦᠶ᠎ᠡ ᠳ᠋ᠦ᠍ ᠵᠠᠰᠠᠪᠤᠷᠢ ᠣᠷᠤᠭᠤᠯᠵᠤ ᠲᠡᠭᠦᠯᠳᠡᠷᠵᠢᠭᠦᠯᠦᠨ᠎ᠡ᠃

ᠮᠣᠩᠭᠤᠯ ᠬᠡᠯᠡ ᠪᠢᠴᠢᠭ ᠦ᠋ᠨ ᠳᠦᠷᠢᠮᠵᠢᠯ ᠪᠠᠷᠢᠮᠵᠢᠶᠠᠵᠢᠯ ᠤᠨ ᠪᠠᠢᠭᠤᠯᠤᠯᠲᠠ ᠶ᠋ᠢ ᠴᠢᠩᠭᠠᠳᠭᠠᠨ᠎ᠠ᠃ ᠮᠣᠩᠭᠤᠯ ᠬᠡᠯᠡ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠶ᠋ᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠭᠠᠵᠤ᠂ ᠮᠣᠩᠭᠤᠯ ᠬᠡᠯᠡ ᠪᠢᠴᠢᠭ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠠᠵᠢᠯ ᠤᠨ ᠵᠣᠬᠢᠴᠠᠮᠵᠢ ᠶᠢ ᠪᠠᠢᠭᠤᠯᠤᠨ ᠲᠡᠭᠦᠯᠳᠡᠷᠵᠢᠭᠦᠯᠵᠦ᠂ ᠮᠣᠩᠭᠤᠯ ᠬᠡᠯᠡ ᠪᠢᠴᠢᠭ ᠦ᠋ᠨ ᠮᠡᠷᠭᠡᠵᠢᠯ ᠦ᠋ᠨ ᠪᠠᠷᠢᠮᠵᠢᠶ᠎ᠠ᠂ ᠬᠠᠮᠢᠶᠠᠷᠤᠯᠲᠠ ᠶ᠋ᠢᠨ ᠪᠠᠷᠢᠮᠵᠢᠶ᠎ᠠ ᠪᠠ ᠠᠵᠢᠯ ᠤᠨ ᠪᠠᠷᠢᠮᠵᠢᠶ᠎ᠠ ᠶᠢᠨ ᠪᠠᠢᠭᠤᠯᠤᠯᠲᠠ ᠶ᠋ᠢ ᠴᠢᠩᠭᠠᠳᠭᠠᠨ᠎ᠠ᠃ ᠮᠣᠩᠭᠤᠯ ᠬᠡᠯᠡ ᠪᠢᠴᠢᠭ ᠦ᠋ᠨ ᠳᠦᠷᠢᠮᠵᠢᠯ ᠪᠠᠷᠢᠮᠵᠢᠶᠠᠵᠢᠯ ᠢ ᠰᠤᠳᠤᠯᠬᠤ ᠴᠢᠳᠠᠪᠤᠷᠢᠲᠠᠨ ᠤ᠋ ᠪᠣᠯᠪᠠᠰᠤᠷᠠᠯ ᠢ᠋ ᠴᠢᠩᠭᠠᠳᠭᠠᠨ᠎ᠠ᠃

ᠮᠣᠩᠭᠤᠯ ᠬᠡᠯᠡ ᠪᠢᠴᠢᠭ ᠢ ᠪᠠᠷᠢᠮᠵᠢᠶᠠᠨ ᠳᠤ ᠬᠦᠷᠭᠡᠬᠦ ᠦᠨᠡᠯᠡᠯᠲᠡ ᠶ᠋ᠢᠨ ᠠᠵᠢᠯ ᠢ ᠥᠷᠨᠢᠭᠦᠯᠦᠨ᠎ᠡ᠃《ᠢᠳᠡᠪᠬᠢᠲᠡᠢ ᠯᠠᠪᠳᠠᠭᠤᠨ᠂ ᠪᠠᠲᠤᠲᠠᠢ ᠠᠬᠢᠭᠤᠯᠬᠤ》ᠵᠠᠷᠴᠢᠮ ᠢ ᠪᠠᠷᠢᠮᠲᠠᠯᠠᠵᠤ᠂ ᠬᠢᠲᠠᠳ ᠬᠡᠯᠡ ᠪᠢᠴᠢᠭ ᠦ᠋ᠨ ᠠᠵᠢᠯ ᠤᠨ ᠦᠨᠡᠯᠡᠯᠲᠡ ᠶ᠋ᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠮᠣᠩᠭᠤᠯ ᠬᠡᠯᠡ ᠪᠢᠴᠢᠭ ᠢ ᠪᠠᠷᠢᠮᠵᠢᠶᠠᠨ ᠳᠤ ᠬᠦᠷᠭᠡᠬᠦ ᠦᠨᠡᠯᠡᠯᠲᠡ ᠶ᠋ᠢᠨ ᠠᠵᠢᠯ ᠢ ᠥᠷᠨᠢᠭᠦᠯᠵᠦ᠂ ᠮᠣᠩᠭᠤᠯ ᠬᠡᠯᠡ ᠪᠢᠴᠢᠭ ᠦ᠋ᠨ ᠲᠦᠭᠡᠮᠡᠯᠵᠢᠯ ᠪᠠ ᠳᠦᠷᠢᠮᠵᠢᠯ ᠦ᠋ᠨ ᠬᠡᠮᠵᠢᠶ᠎ᠡ ᠶ᠋ᠢ ᠤᠯᠠᠮ ᠳᠡᠭᠡᠭᠰᠢᠯᠡᠭᠦᠯᠦᠨ᠎ᠡ᠃

(ᠳᠥᠷᠪᠡ) ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢ ᠴᠢᠩᠭᠠᠳᠭᠠᠨ᠎ᠠ

ᠰᠠᠭᠤᠷᠢ ᠰᠤᠳᠤᠯᠭᠠᠨ ᠢ ᠴᠢᠩᠭᠠᠳᠭᠠᠨ᠎ᠠ᠃ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠰᠠᠭᠤᠷᠢ ᠰᠤᠳᠤᠯᠭᠠᠨ ᠢ ᠳᠠᠮᠵᠢᠨ ᠥᠷᠨᠢᠭᠦᠯᠵᠦ᠂ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠳ᠋ᠤ᠌ ᠰᠠᠭᠤᠷᠢ ᠰᠤᠳᠤᠯᠭᠠᠨ ᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ᠋ ᠤᠯᠠᠮ ᠴᠢᠩᠭᠠᠷᠠᠭᠤᠯᠤᠨ᠎ᠠ᠃

ᠮᠣᠩᠭᠤᠯ ᠬᠡᠯᠡᠨ ᠦ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠨᠡᠭᠡᠭᠡᠯᠲᠡ ᠶ᠋ᠢ ᠠᠬᠢᠭᠤᠯᠤᠨ᠎ᠠ᠃ ᠮᠣᠩᠭᠤᠯ ᠬᠡᠯᠡᠨ ᠦ᠌ ᠺᠣᠳ᠋ ᠤ᠋ᠨ ᠤᠯᠤᠰ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠮᠣᠩᠭᠤᠯ ᠬᠡᠯᠡᠨ ᠦ ᠮᠡᠳᠡᠭᠡ ᠵᠠᠩᠭᠢ ᠶ᠋ᠢᠨ ᠰᠢᠢᠳᠪᠦᠷᠢᠯᠡᠯᠲᠡ ᠶᠢᠨ ᠨᠢᠭᠡ ᠪᠦᠯᠦᠭ ᠭᠣᠣᠯᠯᠠᠬᠤ ᠮᠡᠷᠭᠡᠵᠢᠯ ᠢ ᠰᠢᠪᠲᠤᠯᠵᠤ᠂ ᠡᠯ᠎ᠡ ᠵᠦᠢᠯ ᠦᠨ ᠭᠣᠣᠯᠯᠠᠬᠤ ᠵᠢᠯᠤᠭᠤᠳᠤᠯᠭ᠎ᠠ ᠶ᠋ᠢᠨ ᠰᠢᠰᠲ᠋ᠧᠮ ᠳ᠋ᠦ᠍ ᠤᠯᠠᠮᠵᠢᠯᠠᠯᠲᠤ ᠮᠣᠩᠭᠤᠯ ᠪᠢᠴᠢᠭ ᠢ ᠪᠦᠷᠢᠮᠥᠰᠥᠨ ᠳᠡᠮᠵᠢᠬᠦ ᠶᠢ ᠪᠡᠶᠡᠯᠡᠭᠦᠯᠵᠦ᠂ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠮᠡᠷᠭᠡᠵᠢᠯ ᠢ ᠠᠵᠤ ᠦᠢᠯᠡᠰᠵᠢᠭᠦᠯᠬᠦ ᠳ᠋ᠦ᠍ ᠲᠦᠰᠢᠭ ᠲᠤᠯᠭᠠᠭᠤᠷᠢ ᠬᠠᠩᠭᠠᠨ᠎ᠠ᠃

ᠮᠣᠩᠭᠤᠯ ᠬᠡᠯᠡᠨ ᠦ ᠮᠡᠳᠡᠭᠡ ᠵᠠᠩᠭᠢ ᠶ᠋ᠢᠨ ᠬᠡᠷᠡᠭᠯᠡᠭᠡᠨ ᠦ᠌ ᠮᠡᠷᠭᠡᠵᠢᠯ ᠢ ᠳᠡᠯᠭᠡᠷᠡᠭᠦᠯᠦᠨ᠎ᠡ᠃ ᠤᠯᠤᠰ ᠤᠨ ᠦᠢᠯᠡᠳᠪᠦᠷᠢᠯᠡᠭᠰᠡᠨ ᠮᠣᠩᠭᠤᠯ ᠦᠰᠦᠭ ᠦ᠋ᠨ ᠰᠠᠭᠤᠷᠢ ᠵᠥᠭᠡᠯᠡᠨ ᠲᠣᠨᠤᠭ᠂ ᠰᠦᠯᠵᠢᠶᠡᠨ ᠳ᠋ᠦ᠍ ᠵᠣᠷᠢᠭᠤᠯᠤᠭᠰᠠᠨ ᠬᠡᠷᠡᠭᠯᠡᠭᠡᠨ ᠦ᠌ ᠵᠥᠭᠡᠯᠡᠨ ᠲᠣᠨᠤᠭ ᠪᠠ ᠬᠠᠮᠢᠶ᠎ᠠ ᠪᠦᠬᠦᠢ ᠪᠠᠭᠠᠵᠢ ᠶᠢᠨ ᠵᠥᠭᠡᠯᠡᠨ ᠲᠣᠨᠤᠭ ᠢ᠋ ᠬᠦᠴᠦᠲᠡᠢ ᠳᠡᠮᠵᠢᠬᠦ ᠪᠥᠭᠡᠳ ᠳᠡᠯᠭᠡᠷᠡᠭᠦᠯᠵᠦ᠂ ᠡᠭᠦᠯᠡᠨ ᠪᠣᠳᠤᠯᠲᠠ ᠶ᠋ᠢᠨ ᠣᠷᠴᠢᠨ ᠳ᠋ᠤ᠌ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠰᠡᠳᠦᠪ ᠦ᠋ᠨ ᠬᠡᠷᠡᠭᠯᠡᠭᠡᠨ ᠦ᠌ ᠦᠯᠢᠭᠡᠷ ᠵᠢᠱ᠌ᠢᠶ᠎ᠡ ᠶ᠋ᠢ ᠥᠷᠨᠢᠭᠦᠯᠵᠦ᠂ ᠮᠣᠩᠭᠤᠯ ᠬᠡᠯᠡᠨ ᠦ ᠮᠡᠳᠡᠭᠡ ᠵᠠᠩᠭᠢ ᠶ᠋ᠢᠨ ᠡᠬᠢ ᠪᠠᠶᠠᠯᠢᠭ ᠤ᠋ᠨ ᠪᠠᠢᠭᠤᠯᠤᠯᠲᠠ ᠪᠠ ᠬᠠᠮᠲᠤ ᠪᠠᠷ ᠡᠳ᠋ᠯᠡᠬᠦ ᠢᠨᠵᠧᠨᠧᠷᠢᠩ ᠢ᠋ ᠭᠣᠣᠯᠯᠠᠨ ᠴᠣᠭᠴᠠᠯᠠᠵᠤ᠂ ᠮᠣᠩᠭᠤᠯ ᠬᠡᠯᠡ ᠪᠢᠴᠢᠭ ᠢ ᠡᠯ᠎ᠡ ᠲᠥᠷᠦᠯ ᠦ᠋ᠨ ᠦᠵᠦᠭᠦᠷ ᠲᠥᠬᠦᠭᠡᠷᠦᠮᠵᠢ ᠳ᠋ᠦ᠍ ᠰᠠᠭᠠᠳ ᠦᠭᠡᠢ ᠬᠡᠷᠡᠭᠯᠡᠭᠦᠯᠵᠦ᠂ ᠮᠣᠩᠭᠤᠯ ᠬᠡᠯᠡᠨ ᠦ ᠮᠡᠳᠡᠭᠡ ᠵᠠᠩᠭᠢᠵᠢᠯᠲᠠ ᠶ᠋ᠢᠨ ᠦᠷ᠎ᠡ ᠪᠦᠲᠦᠭᠡᠯ ᠢ᠋ ᠮᠣᠩᠭᠤᠯ ᠪᠢᠴᠢᠭ ᠢ ᠰᠤᠷᠴᠤ ᠬᠡᠷᠡᠭᠯᠡᠵᠦ ᠪᠠᠢᠭ᠎ᠠ ᠦᠨᠳᠦᠰᠦᠲᠡᠨ ᠨᠦ᠍ᠭᠦᠳ ᠦ᠋ᠨ ᠤᠯᠠᠨ ᠲᠦᠮᠡᠨ ᠳ᠋ᠦ᠍ ᠠᠰᠢᠭᠯᠠᠭᠤᠯᠤᠨ᠎ᠠ᠃

(ᠲᠠᠪᠤ) ᠮᠣᠩᠭᠤᠯ ᠬᠡᠯᠡᠨ ᠦ᠌ ᠰᠣᠶᠤᠯ ᠢ᠋ ᠬᠠᠮᠠᠭᠠᠯᠠᠬᠤ ᠪᠠ ᠤᠯᠠᠮᠵᠢᠯᠠᠬᠤ ᠠᠵᠢᠯ ᠢ ᠠᠬᠢᠭᠤᠯᠤᠨ᠎ᠠ

ᠮᠣᠩᠭᠤᠯ ᠭᠡᠯᠡ ᠰᠣᠶᠤᠯ ᠤ᠋ᠨ ᠢᠨᠵᠧᠨᠧᠷᠢᠩ ᠢ᠋ ᠬᠡᠷᠡᠭᠵᠢᠭᠦᠯᠵᠦ᠂ ᠶᠠᠷᠢᠶ᠎ᠠ ᠢᠯᠡᠳᠭᠡᠯ᠂ ᠤᠷᠠᠨ ᠪᠢᠴᠢᠯᠭᠡ ᠵᠡᠷᠭᠡ ᠮᠣᠩᠭᠤᠯ ᠭᠡᠯᠡ ᠰᠣᠶᠤᠯ ᠤ᠋ᠨ ᠠᠵᠢᠯᠯᠠᠭ᠎ᠠ ᠨᠤᠭᠤᠳ ᠢ ᠳᠦᠷᠢᠮᠵᠢᠭᠦᠯᠬᠦ᠂ ᠨᠠᠷᠢᠯᠢᠭᠵᠢᠭᠤᠯᠬᠤ᠂ ᠤᠯᠠᠨ ᠲᠦᠮᠡᠨᠴᠢᠯᠡᠬᠦ ᠬᠥᠭᠵᠢᠯᠲᠡ ᠶ᠋ᠢ ᠢᠳᠡᠪᠬᠢᠲᠡᠢ ᠵᠢᠯᠤᠭᠤᠳᠴᠤ᠂ ᠮᠣᠩᠭᠤᠯ ᠭᠡᠯᠡ ᠰᠣᠶᠤᠯ ᠢ᠋ ᠤᠯᠠᠮᠵᠢᠯᠠᠬᠤ ᠪᠠ ᠪᠠᠳᠠᠷᠠᠭᠤᠯᠬᠤ ᠨᠡᠷᠡᠲᠦ ᠠᠵᠢᠯᠯᠠᠭ᠎ᠠ ᠶᠢ ᠭᠣᠣᠯᠳᠠᠯᠭ᠎ᠠ ᠲᠠᠢ ᠥᠷᠨᠢᠭᠦᠯᠦᠨ᠎ᠡ᠃

ᠰᠣᠩᠭᠤᠳᠠᠭ ᠤᠩᠰᠢᠯᠭ᠎ᠠ᠂ ᠪᠢᠴᠢᠯᠭᠡ᠂ ᠶᠠᠷᠢᠶᠠᠨ ᠤ ᠠᠵᠢᠯᠯᠠᠭ᠎ᠠ ᠶᠢ ᠥᠷᠨᠢᠭᠦᠯᠦᠨ᠎ᠡ᠃ ᠰᠤᠷᠭᠠᠨ ᠬᠥᠮᠦᠵᠢᠯ ᠦ᠋ᠨ ᠰᠠᠯᠠᠭ᠎ᠠ ᠮᠥᠴᠢᠷ ᠲᠡᠢ ᠨᠢᠭᠲᠠ ᠬᠠᠮᠵᠢᠯᠴᠠᠵᠤ᠂ ᠳᠤᠮᠳᠠᠳᠤ ᠶ᠋ᠢᠨ ᠰᠣᠩᠭᠤᠳᠠᠭ ᠤᠩᠰᠢᠯᠭ᠎ᠠ᠂ ᠪᠢᠴᠢᠯᠭᠡ᠂ ᠶᠠᠷᠢᠶ᠎ᠠ ᠢᠯᠡᠳᠭᠡᠯ ᠦ᠋ᠨ ᠮᠣᠩᠭᠤᠯ ᠬᠡᠯᠡ ᠪᠢᠴᠢᠭ ᠦ᠋ᠨ ᠡᠬᠢ ᠪᠠᠶᠠᠯᠢᠭ ᠤ᠋ᠨ ᠬᠥᠮᠦᠷᠭᠡ ᠶ᠋ᠢ ᠪᠠᠢᠭᠤᠯᠵᠤ᠂ ᠳᠤᠮᠳᠠᠳᠤ ᠶ᠋ᠢᠨ ᠰᠣᠩᠭᠤᠳᠠᠭ ᠤᠩᠰᠢᠯᠭ᠎ᠠ᠂ ᠪᠢᠴᠢᠯᠭᠡ᠂ ᠶᠠᠷᠢᠶᠠᠨ ᠤ ᠠᠵᠢᠯᠯᠠᠭᠠᠨ ᠤ ᠨᠡᠢᠭᠡᠮ ᠨᠡᠢᠲᠡ ᠶ᠋ᠢᠨ ᠰᠤᠷᠤᠯᠴᠠᠬᠤ ᠲᠠᠪᠴᠠᠩ ᠢ᠋ ᠴᠣᠭᠴᠠᠯᠠᠵᠤ᠂ ᠪᠦᠬᠦ ᠣᠷᠤᠨ ᠳ᠋ᠤ᠌ ᠮᠣᠩᠭᠤᠯ ᠬᠢᠲᠠᠳ ᠬᠤᠶᠠᠷ ᠬᠡᠯᠡᠨ ᠦ᠌ ᠰᠣᠩᠭᠤᠳᠠᠭ ᠤᠩᠰᠢᠯᠭ᠎ᠠ᠂ ᠪᠢᠴᠢᠯᠭᠡ ᠶᠢᠨ ᠠᠵᠢᠯᠯᠠᠭ᠎ᠠ ᠶᠢ ᠬᠤᠶᠠᠷ ᠵᠢᠯ ᠳ᠋ᠦ᠍ ᠨᠢᠭᠡ ᠤᠳᠠᠭ᠎ᠠ ᠥᠷᠨᠢᠭᠦᠯᠦᠨ᠎ᠡ᠃

ᠮᠣᠩᠭᠤᠯ ᠬᠡᠯᠡᠨ ᠦ᠌ ᠮᠡᠳᠡᠯᠭᠡ ᠶᠢᠨ  ᠴᠤᠭᠯᠠᠭᠠᠨ ᠢ ᠡᠷᠬᠢᠯᠡᠨ᠎ᠡ᠃ ᠰᠤᠷᠭᠠᠨ ᠬᠥᠮᠦᠵᠢᠯ ᠵᠡᠷᠭᠡ  ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠳ ᠲᠡᠢ ᠨᠢᠭᠲᠠ ᠬᠠᠮᠵᠢᠯᠴᠠᠵᠤ᠂ ᠮᠣᠩᠭᠤᠯ ᠵᠥᠪ ᠪᠢᠴᠢᠯᠭᠡ ᠵᠥᠪ ᠳᠠᠭᠤᠳᠠᠯᠭ᠎ᠠ᠂ ᠵᠣᠬᠢᠶᠠᠨ ᠪᠢᠴᠢᠬᠦ ᠴᠢᠳᠠᠪᠤᠷᠢ᠂ ᠬᠡᠪᠰᠢᠮᠡᠯ ᠬᠡᠯᠡᠯᠭᠡ ᠶ᠋ᠢᠨ ᠮᠡᠳᠡᠯᠭᠡ ᠶᠢ ᠰᠤᠷᠭᠠᠭᠤᠯᠢ ᠶᠢᠨ ᠵᠢᠭᠠᠨ ᠰᠤᠷᠭᠠᠯᠲᠠ ᠯᠤᠭ᠎ᠠ ᠣᠷᠭᠠᠨᠢᠭ ᠤᠶᠠᠯᠳᠤᠭᠤᠯᠵᠤ᠂ ᠮᠣᠩᠭᠤᠯ ᠪᠢᠴᠢᠭ ᠢ ᠰᠣᠨᠤᠰᠴᠤ ᠪᠢᠴᠢᠬᠦ ᠴᠤᠭᠯᠠᠭᠠᠨ᠂ ᠮᠣᠩᠭᠤᠯ ᠬᠡᠪᠰᠢᠮᠡᠯ ᠬᠡᠯᠡᠯᠭᠡ ᠶ᠋ᠢᠨ  ᠴᠤᠭᠯᠠᠭᠠᠨ ᠵᠡᠷᠭᠡ ᠠᠵᠢᠯᠯᠠᠭ᠎ᠠ ᠨᠤᠭᠤᠳ ᠢ ᠡᠷᠬᠢᠯᠡᠵᠦ᠂  ᠰᠤᠷᠤᠭᠴᠢᠳ ᠤᠨ ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠦ᠌ ᠴᠢᠳᠠᠪᠤᠷᠢ ᠶᠢ ᠳᠡᠭᠡᠭᠰᠢᠯᠡᠭᠦᠯᠬᠦ᠂ ᠰᠢᠯᠢᠳᠡᠭ ᠤᠯᠠᠮᠵᠢᠯᠠᠯᠲᠤ ᠰᠣᠶᠤᠯ ᠢ᠋ ᠤᠯᠠᠮᠵᠢᠯᠠᠨ ᠪᠠᠳᠠᠷᠠᠭᠤᠯᠬᠤ᠂ ᠬᠡᠪ ᠴᠢᠨᠠᠷ ᠤᠨ ᠰᠤᠷᠭᠠᠨ ᠬᠥᠮᠦᠵᠢᠯ ᠢ᠋ ᠨᠡᠢᠳᠡᠮ ᠬᠡᠷᠡᠭᠵᠢᠭᠦᠯᠬᠦ ᠶ᠋ᠢ ᠠᠬᠢᠭᠤᠯᠬᠤ ᠳᠤ ᠴᠢᠬᠤᠯᠠ ᠦᠢᠯᠡᠳᠦᠯ ᠢ᠋  ᠨᠢ ᠪᠠᠳᠠᠷᠠᠭᠤᠯᠤᠨ᠎ᠠ᠃

ᠮᠣᠩᠭᠤᠯ ᠭᠡᠯᠡ ᠰᠣᠶᠤᠯ ᠢ᠋ ᠲᠣᠭᠠᠵᠢᠭᠤᠯᠤᠨ ᠬᠠᠮᠠᠭᠠᠯᠠᠬᠤ ᠪᠠ ᠤᠯᠠᠮᠵᠢᠯᠠᠬᠤ ᠠᠵᠢᠯ ᠢ ᠴᠢᠩᠭᠠᠳᠭᠠᠨ᠎ᠠ᠃ ᠮᠣᠩᠭᠤᠯ ᠭᠡᠯᠡ ᠰᠣᠶᠤᠯ ᠤ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ ᠶ᠋ᠢ ᠲᠦᠷᠭᠡᠳᠭᠡᠵᠦ᠂ ᠮᠣᠩᠭᠤᠯ ᠬᠡᠯᠡ ᠪᠢᠴᠢᠭ ᠦ᠋ᠨ ᠲᠣᠭᠠᠵᠢᠭᠤᠯᠤᠭᠰᠠᠨ ᠮᠦᠽᠧᠢ ᠶ᠋ᠢ ᠴᠣᠭᠴᠠᠯᠠᠵᠤ᠂ ᠮᠣᠩᠭᠤᠯ ᠷᠠᠳᠢᠣ᠋ ᠲᠧᠯᠸᠢᠰ ᠦ᠋ᠨ ᠰᠤᠪᠠᠭ ᠤᠨ ᠪᠠᠢᠭᠤᠯᠤᠯᠲᠠ ᠶ᠋ᠢ ᠠᠬᠢᠭᠤᠯᠵᠤ᠂ ᠮᠣᠩᠭᠤᠯ ᠷᠠᠳᠢᠣ᠋ ᠺᠢᠨᠣ᠋ ᠲᠧᠯᠸᠢᠰ ᠫᠷᠤᠭ᠌ᠷᠠᠮ᠂ ᠬᠡᠦᠬᠡᠳ ᠦ᠋ᠨ ᠺᠠᠷᠲ᠋ᠣᠨ ᠫᠷᠣᠭ᠌ᠷᠠᠮ ᠢ ᠦᠢᠯᠡᠳᠦᠨ ᠨᠡᠪᠲᠡᠷᠡᠭᠦᠯᠬᠦ ᠠᠵᠢᠯ ᠢ ᠴᠢᠩᠭᠠᠳᠭᠠᠵᠤ᠂ ᠮᠣᠩᠭᠤᠯ ᠦᠨᠳᠦᠰᠦᠲᠡᠨ ᠦ᠌ ᠠᠮᠠᠨ ᠤᠯᠠᠮᠵᠢᠯᠠᠯᠲᠤ ᠰᠣᠶᠤᠯ ᠪᠠ ᠮᠣᠩᠭᠤᠯ ᠰᠤᠳᠤᠷ ᠪᠢᠴᠢᠭ ᠢ ᠲᠤᠭᠠᠵᠢᠭᠤᠯᠤᠨ ᠬᠠᠮᠠᠭᠠᠯᠠᠬᠤ ᠪᠠ ᠤᠯᠠᠮᠵᠢᠯᠠᠬᠤ ᠠᠵᠢᠯ ᠢ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠡᠬᠢ  ᠪᠠᠶᠠᠯᠢᠭ  ᠢ᠋ ᠠᠵᠤ ᠦᠢᠯᠡᠰᠵᠢᠭᠦᠯᠦᠨ ᠬᠥᠭᠵᠢᠭᠦᠯᠬᠦ ᠶ᠋ᠢ ᠴᠠᠭᠠᠰᠢᠳᠠ ᠠᠬᠢᠭᠤᠯᠤᠨ᠎ᠠ᠃

ᠮᠣᠩᠭᠤᠯ ᠬᠡᠯᠡᠨ ᠦ᠌ ᠨᠤᠲᠤᠭ ᠤ᠋ᠨ ᠠᠶᠠᠯᠭᠤ ᠶᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠠᠵᠢᠯ ᠢ ᠴᠢᠩᠭᠠᠳᠭᠠᠨ᠎ᠠ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠮᠣᠩᠭᠤᠯ ᠬᠡᠯᠡᠨ ᠦ᠌ ᠨᠤᠲᠤᠭ ᠤ᠋ᠨ ᠠᠶᠠᠯᠭᠤ ᠶᠢ ᠬᠠᠮᠠᠭᠠᠯᠠᠬᠤ ᠶᠢᠨ ᠬᠣᠭᠤᠷᠤᠨᠳᠤᠬᠢ ᠬᠠᠷᠢᠴᠠᠭ᠎ᠠ ᠶᠢ ᠯᠠᠪᠳᠠᠭᠤᠨ ᠰᠢᠢᠳᠪᠦᠷᠢᠯᠡᠵᠦ᠂ ᠮᠣᠩᠭᠤᠯ ᠬᠡᠯᠡᠨ ᠦ᠌ ᠨᠤᠲᠤᠭ ᠤ᠋ᠨ ᠠᠶᠠᠯᠭᠤ ᠶᠢ ᠭᠦᠨᠵᠡᠭᠡᠢ ᠰᠤᠳᠤᠯᠬᠤ ᠪᠥᠭᠡᠳ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ᠎ᠠ᠃

ᠮᠥᠬᠦᠯ ᠳ᠋ᠦ᠍ ᠲᠤᠯᠭᠠᠷᠠᠵᠤ ᠪᠠᠢᠭ᠎ᠠ ᠭᠡᠯᠡ ᠶᠢ ᠬᠠᠮᠠᠭᠠᠯᠠᠬᠤ ᠠᠵᠢᠯ ᠢ ᠴᠢᠩᠭᠠᠳᠭᠠᠨ᠎ᠠ᠃ ᠮᠠᠨ ᠤ ᠣᠷᠤᠨ ᠤ᠋ ᠮᠥᠬᠦᠯ ᠳ᠋ᠦ᠍ ᠲᠤᠯᠭᠠᠷᠠᠵᠤ ᠪᠠᠢᠭ᠎ᠠ ᠭᠡᠯᠡ ᠶᠢ ᠲᠦᠷᠭᠡᠨ ᠪᠠᠢᠴᠠᠭᠠᠵᠤ᠂ ᠮᠥᠬᠦᠯ ᠳ᠋ᠦ᠍ ᠲᠤᠯᠭᠠᠷᠠᠵᠤ ᠪᠠᠢᠭ᠎ᠠ ᠭᠡᠯᠡ ᠰᠣᠶᠤᠯ ᠢ᠋ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ ᠢ ᠴᠢᠩᠭᠠᠳᠭᠠᠨ᠎ᠠ᠃

(ᠵᠢᠷᠭᠤᠭ᠎ᠠ) ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠪᠠ ᠪᠠᠢᠴᠠᠭᠠᠯᠲᠠ ᠶ᠋ᠢ ᠴᠢᠩᠭᠠᠳᠭᠠᠨ᠎ᠠ

ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠢᠨᠵᠧᠨᠧᠷᠢᠩ ᠢ᠋ ᠬᠡᠷᠡᠭᠵᠢᠭᠦᠯᠵᠦ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠭᠣᠣᠯᠳᠠᠯᠭ᠎ᠠ ᠲᠠᠢ ᠰᠤᠳᠤᠯᠭᠠᠨ ᠤ ᠴᠢᠭᠯᠡᠯ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠰᠡᠳᠦᠪ ᠦ᠋ᠨ ᠪᠡᠯᠡ ᠮᠥᠩᠭᠦ ᠭᠠᠷᠭᠠᠵᠤ᠂ ᠵᠢᠯ ᠪᠦᠷᠢ ᠨᠢᠭᠡ ᠪᠦᠯᠦᠭ ᠲᠣᠮᠤ ᠰᠡᠳᠦᠪ᠂ ᠭᠣᠣᠯᠳᠠᠯᠭ᠎ᠠ ᠲᠠᠢ ᠰᠡᠳᠦᠪ᠂ ᠡᠩ ᠦ᠋ᠨ ᠰᠡᠳᠦᠪ ᠪᠠ ᠨᠡᠢᠳᠡᠮ ᠭᠦᠢᠴᠡᠳᠬᠡᠬᠦ ᠰᠡᠳᠦᠪ ᠢ᠋ ᠲᠣᠭᠲᠠᠭᠠᠵᠤ᠂ ᠮᠣᠩᠭᠤᠯ ᠬᠡᠯᠡ ᠪᠢᠴᠢᠭ ᠦ᠋ᠨ ᠰᠠᠭᠤᠷᠢ ᠣᠨᠤᠯ ᠤ᠋ᠨ ᠰᠤᠳᠤᠯᠭᠠᠨ ᠪᠠ ᠮᠣᠩᠭᠤᠯ ᠬᠡᠯᠡ ᠪᠢᠴᠢᠭ ᠦ᠋ᠨ ᠲᠤᠬᠠᠢ ᠲᠥᠷᠦ ᠶ᠋ᠢᠨ ᠪᠣᠳᠤᠯᠭ᠎ᠠ᠂ ᠬᠠᠤᠯᠢ ᠳᠦᠷᠢᠮ᠂ ᠲᠥᠯᠦᠪᠵᠢᠭᠦᠯᠭᠡ ᠵᠡᠷᠭᠡ ᠬᠡᠷᠡᠭᠯᠡᠭᠡᠨ ᠦ᠌ ᠰᠤᠳᠤᠯᠭᠠᠨ ᠢ ᠳᠡᠮᠵᠢᠵᠦ ᠥᠷᠨᠢᠭᠦᠯᠬᠦ ᠪᠥᠭᠡᠳ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ᠋ ᠲᠣᠮᠤ ᠴᠢᠬᠤᠯᠠ ᠪᠠᠢᠯᠳᠤᠬᠤ ᠪᠣᠳᠤᠯᠭ᠎ᠠ ᠯᠤᠭ᠎ᠠ ᠤᠶᠠᠯᠳᠤᠭᠤᠯᠵᠤ᠂ ᠬᠡᠯᠡᠨ ᠦ᠌ ᠪᠠᠢᠯᠳᠤᠬᠤ ᠪᠣᠳᠤᠯᠭ᠎ᠠ ᠪᠠ ᠬᠡᠯᠡᠨ ᠦ᠌ ᠠᠶᠤᠯᠭᠦᠢ ᠶ᠋ᠢᠨ ᠰᠤᠳᠤᠯᠭᠠᠨ ᠢ ᠥᠷᠨᠢᠭᠦᠯᠵᠦ᠂ ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ᠌ ᠪᠠᠢᠭᠤᠯᠤᠮᠵᠢ ᠪᠠ ᠡᠷᠳᠡᠮ ᠰᠢᠨᠵᠢᠯᠡᠭᠡᠨ ᠦ᠌ ᠪᠦᠯᠬᠦᠮ ᠢ ᠳᠠᠭᠠᠭᠤᠯᠤᠨ ᠵᠢᠯᠤᠭᠤᠳᠴᠤ᠂ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠴᠢᠳᠠᠪᠤᠷᠢᠲᠠᠨ ᠢ᠋ ᠬᠥᠮᠦᠵᠢᠭᠦᠯᠬᠦ᠂ ᠢᠯᠠᠩᠭᠤᠶ᠎ᠠ ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠦ᠌ ᠰᠤᠳᠤᠯᠭᠠᠨ ᠤ ᠴᠢᠳᠠᠪᠤᠷᠢᠲᠠᠨ ᠢ᠋ ᠬᠥᠮᠦᠵᠢᠭᠦᠯᠦᠨ᠎ᠡ᠃

ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ᠌ ᠪᠠᠢᠭᠤᠯᠤᠮᠵᠢ ᠪᠠ ᠡᠷᠳᠡᠮ ᠰᠢᠨᠵᠢᠯᠡᠭᠡᠨ ᠦ᠌ ᠪᠦᠯᠬᠦᠮ ᠦ᠋ᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠰᠠᠭᠤᠷᠢᠨ ᠭᠠᠵᠠᠷ ᠢ ᠴᠣᠭᠴᠠᠯᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠭᠣᠣᠯᠳᠠᠯᠭ᠎ᠠ᠂ ᠬᠠᠯᠠᠮᠰᠢᠯ ᠴᠡᠭ ᠪᠠ ᠲᠦᠷᠭᠡᠨ ᠰᠢᠢᠳᠪᠦᠷᠢᠯᠡᠭᠦᠰᠢᠲᠡᠢ ᠠᠰᠠᠭᠤᠳᠠᠯ ᠤᠳ ᠤᠨ ᠲᠣᠭᠤᠷᠢᠨ ᠳ᠋ᠤ᠌ ᠪᠠᠢᠯᠳᠤᠬᠤ ᠪᠣᠳᠤᠯᠭ᠎ᠠ ᠶ᠋ᠢᠨ ᠰᠢᠨᠵᠢ ᠲᠡᠢ᠂ ᠤᠷᠢᠳᠠᠴᠢ ᠰᠢᠨᠵᠢ ᠲᠡᠢ᠂ ᠬᠠᠷᠢᠭᠤᠴᠠᠬᠤ ᠪᠣᠳᠤᠯᠭ᠎ᠠ ᠶ᠋ᠢᠨ ᠰᠢᠨᠵᠢ ᠲᠡᠢ ᠰᠤᠳᠤᠯᠭᠠᠨ ᠢ ᠥᠷᠨᠢᠭᠦᠯᠵᠦ᠂ ᠡᠭᠦᠨ ᠦ᠌ ᠤᠯᠠᠮ ᠢᠶᠠᠷ ᠦᠢᠯᠡᠴᠢᠯᠡᠬᠦ ᠪᠣᠳᠤᠯᠭ᠎ᠠ ᠪᠠ ᠬᠠᠮᠢᠶᠠᠷᠬᠤ ᠴᠢᠳᠠᠪᠤᠷᠢ ᠲᠦᠪᠰᠢᠨ ᠢ᠋ᠶ᠋ᠡᠨ ᠳᠡᠭᠡᠭᠰᠢᠯᠡᠭᠦᠯᠦᠨ᠎ᠡ᠃

ᠮᠣᠩᠭᠤᠯ ᠬᠡᠯᠡ ᠪᠢᠴᠢᠭ ᠦ᠋ᠨ ᠲᠤᠰᠭᠠᠢ ᠮᠡᠷᠭᠡᠵᠢᠯᠲᠡᠨ ᠦ᠌ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠲᠤᠰᠭᠠᠢ ᠮᠡᠷᠭᠡᠵᠢᠯᠲᠡᠨ ᠦ᠌ ᠬᠥᠮᠦᠷᠭᠡ ᠶ᠋ᠢ ᠪᠠᠢᠭᠤᠯᠵᠤ᠂ ᠰᠢᠢᠳᠪᠦᠷᠢᠲᠦ ᠪᠣᠳᠤᠯᠭ᠎ᠠ ᠶ᠋ᠢᠨ ᠯᠠᠪᠯᠠᠯᠭ᠎ᠠ᠂ ᠡᠷᠳᠡᠮ ᠰᠢᠨᠵᠢᠯᠡᠭᠡᠨ ᠵᠡᠷᠭᠡ ᠲᠠᠯ᠎ᠠ ᠳᠠᠬᠢ ᠡᠷᠳᠡᠮᠲᠡᠨ ᠮᠡᠷᠭᠡᠵᠢᠯᠲᠡᠳ ᠦ᠋ᠨ ᠦᠢᠯᠡᠳᠦᠯ ᠢ᠋ ᠰᠠᠢᠲᠤᠷ ᠪᠠᠳᠠᠷᠠᠭᠤᠯᠤᠨ᠎ᠠ᠃

ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠠᠵᠢᠯ ᠤᠨ ᠮᠡᠳᠡᠭᠡ ᠵᠠᠩᠭᠢ ᠶ᠋ᠢᠨ ᠨᠡᠪᠲᠡᠷᠡᠯᠴᠡᠭᠡᠨ ᠦ᠌ ᠲᠠᠪᠴᠠᠩ ᠤᠨ ᠪᠠᠢᠭᠤᠯᠤᠯᠲᠠ ᠪᠠᠨ ᠴᠢᠩᠭᠠᠳᠭᠠᠵᠤ᠂ 《ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠪᠠᠢᠳᠠᠯ》 ᠢ᠋ ᠡᠭᠦᠰᠭᠡᠨ ᠡᠷᠬᠢᠯᠡᠵᠦ᠂ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠠᠵᠢᠯ ᠤᠨ ᠠᠬᠢᠯᠲᠠ  ᠪᠠ ᠣᠷᠤᠰᠢᠵᠤ ᠪᠦᠬᠦᠢ ᠴᠢᠬᠤᠯᠠ ᠠᠰᠠᠭᠤᠳᠠᠯ ᠤᠳ ᠢ ᠴᠠᠭ ᠲᠤᠬᠠᠢ ᠳᠤᠨᠢ ᠲᠤᠰᠭᠠᠵᠤ᠂ ᠡᠷᠳᠡᠮ ᠰᠢᠨᠵᠢᠯᠡᠭᠡᠨ ᠦ ᠰᠣᠯᠢᠯᠴᠠᠭ᠎ᠠ ᠪᠠ ᠬᠠᠮᠵᠢᠯᠴᠠᠭ᠎ᠠ ᠶᠢ ᠠᠬᠢᠭᠤᠯᠤᠨ᠎ᠠ᠃

ᠮᠣᠩᠭᠤᠯ ᠬᠡᠯᠡ ᠪᠢᠴᠢᠭ ᠦ᠋ᠨ ᠪᠠᠢᠴᠠᠭᠠᠯᠲᠠ ᠶ᠋ᠢ ᠴᠢᠩᠭᠠᠳᠭᠠᠨ᠎ᠠ᠃ ᠮᠣᠩᠭᠤᠯ ᠬᠡᠯᠡ ᠪᠢᠴᠢᠭ ᠦ᠋ᠨ ᠬᠡᠷᠡᠭᠯᠡᠭᠡᠨ ᠦ᠌ ᠪᠣᠳᠠᠲᠠᠢ ᠪᠠᠢᠳᠠᠯ ᠪᠠ ᠮᠣᠩᠭᠤᠯ ᠬᠡᠯᠡᠨ ᠦ᠌ ᠠᠮᠢᠳᠤᠷᠠᠯ ᠤᠨ ᠬᠠᠯᠠᠮᠰᠢᠯ ᠴᠡᠭ ᠢ ᠦᠷ᠎ᠡ ᠠᠰᠢᠭᠲᠠᠢ ᠬᠢᠨᠠᠨ ᠰᠢᠯᠭᠠᠬᠤ ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠠᠢᠭᠤᠯᠵᠤ᠂ ᠮᠣᠩᠭᠤᠯ ᠭᠡᠯᠡ ᠪᠢᠴᠢᠭ ᠢ ᠰᠤᠷᠴᠤ ᠬᠡᠷᠡᠭᠯᠡᠵᠦ ᠪᠠᠢᠭ᠎ᠠ ᠪᠠᠢᠳᠠᠯ ᠢ᠋ ᠪᠠᠢᠩᠭᠤ ᠪᠠᠢᠴᠠᠭᠠᠵᠤ᠂ ᠮᠣᠩᠭᠤᠯ ᠬᠡᠯᠡ ᠪᠢᠴᠢᠭ ᠦ᠋ᠨ ᠪᠠᠢᠴᠠᠭᠠᠯᠲᠠ ᠶ᠋ᠢᠨ  ᠳ᠋ᠠᠢᠲ᠋ᠠ ᠶ᠋ᠢ ᠨᠡᠭᠡᠭᠡᠬᠦ᠂ ᠠᠰᠢᠭᠯᠠᠬᠤ ᠪᠠ ᠡᠬᠢ ᠪᠠᠶᠠᠯᠢᠭ ᠢ᠋ ᠨᠡᠢᠭᠡᠮ ᠳᠠᠶᠠᠭᠠᠷ ᠢ᠋ᠶ᠋ᠠᠨ ᠬᠠᠮᠲᠤ ᠪᠠᠷ ᠡᠳ᠋ᠯᠡᠬᠦ ᠶᠢ ᠠᠬᠢᠭᠤᠯᠵᠤ᠂ ᠲᠥᠷᠦ ᠶ᠋ᠢᠨ ᠪᠣᠳᠤᠯᠭ᠎ᠠ ᠶ᠋ᠢ ᠬᠡᠷᠡᠭᠵᠢᠭᠦᠯᠬᠦ ᠠᠷᠭ᠎ᠠ ᠠᠪᠴᠠᠯ ᠲᠣᠭᠲᠠᠭᠠᠬᠤ ᠳᠤ᠂ ᠮᠣᠩᠭᠤᠯ ᠬᠡᠯᠡ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ ᠬᠥᠭᠵᠢᠭᠦᠯᠬᠦ ᠳ᠋ᠦ᠍ ᠴᠢᠬᠤᠯᠠ ᠪᠠᠷᠢᠮᠲᠠ ᠬᠠᠩᠭᠠᠨ᠎ᠠ᠃

(ᠳᠣᠯᠤᠭ᠎ᠠ) ᠮᠣᠩᠭᠤᠯ ᠬᠡᠯᠡ ᠪᠢᠴᠢᠭ ᠦ᠋ᠨ ᠠᠵᠢᠯ ᠤᠨ ᠬᠠᠮᠵᠢᠯᠴᠠᠭ᠎ᠠ ᠰᠣᠯᠢᠯᠴᠠᠭ᠎ᠠ ᠶ᠋ᠢ ᠴᠢᠩᠭᠠᠳᠭᠠᠨ᠎ᠠ

ᠨᠠᠢ᠍ᠮᠠᠨ ᠮᠤᠵᠢ ᠣᠷᠤᠨ ᠤ᠋ ᠮᠣᠩᠭᠤᠯ ᠭᠡᠯᠡ ᠪᠢᠴᠢᠭ ᠦ᠋ᠨ ᠠᠵᠢᠯ ᠤᠨ ᠬᠠᠮᠵᠢᠯᠴᠠᠭ᠎ᠠ ᠶᠢ ᠴᠢᠩᠭᠠᠳᠭᠠᠨ᠎ᠠ᠃ 《ᠦᠨᠡᠨ ᠡᠴᠡ ᠵᠥᠪ ᠢ᠋ ᠡᠷᠢᠬᠦ᠂ ᠴᠢᠳᠠᠯ ᠤᠨ ᠬᠢᠷᠢ ᠪᠡᠷ ᠢ᠋ᠶ᠋ᠡᠨ ᠬᠢᠬᠦ᠂ ᠳᠠᠪᠠᠭᠤᠯᠢᠭ ᠢ᠋  ᠨᠢ ᠰᠣᠩᠭᠤᠵᠤ ᠳᠤᠲᠠᠭᠳᠠᠯ ᠢ᠋ᠶ᠋ᠠᠨ ᠨᠥᠬᠦᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠢᠬᠤ᠂ ᠬᠠᠮᠲᠤ ᠪᠠᠷ ᠬᠥᠭᠵᠢᠬᠦ》ᠬᠠᠮᠵᠢᠯᠴᠠᠬᠤ ᠵᠠᠷᠴᠢᠮ ᠢ ᠪᠠᠷᠢᠮᠲᠠᠯᠠᠵᠤ᠂ ᠦᠨᠳᠦᠰᠦᠲᠡᠨ ᠦ᠌ ᠰᠤᠷᠭᠠᠨ ᠬᠥᠮᠦᠵᠢᠯ᠂ ᠮᠣᠩᠭᠤᠯ ᠬᠡᠯᠡᠨ ᠦ᠌ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠰᠣᠶᠤᠯ ᠤᠷᠠᠯᠢᠭ᠂ ᠮᠣᠩᠭᠤᠯ ᠡᠮ ᠡᠮᠨᠡᠯᠭᠡ᠂ ᠡᠷᠳᠡᠮ ᠰᠢᠨᠵᠢᠯᠡᠭᠡᠨ᠂ ᠦᠨᠳᠦᠰᠦᠲᠡᠨ ᠦ᠌ ᠰᠤᠳᠤᠷ ᠪᠢᠴᠢᠭ᠂ ᠣᠷᠴᠢᠭᠤᠯᠭ᠎ᠠ ᠵᠡᠷᠭᠡ ᠴᠠᠷᠠᠭ᠎ᠠ ᠬᠦᠷᠢᠶᠡᠨ ᠳ᠋ᠡᠬᠢ ᠬᠠᠮᠵᠢᠯᠴᠠᠭ᠎ᠠ ᠰᠣᠯᠢᠯᠴᠠᠭ᠎ᠠ ᠪᠠᠨ ᠠᠬᠢᠭᠤᠯᠤᠨ᠎ᠠ᠃

ᠮᠣᠩᠭᠤᠯ ᠬᠡᠯᠡ ᠪᠢᠴᠢᠭ ᠦ᠋ᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶ᠋ᠢ ᠴᠢᠩᠭᠠᠳᠭᠠᠨ᠎ᠠ᠃ 《ᠨᠢᠭᠡ ᠪᠦᠰᠡ ᠨᠢᠭᠡ ᠵᠠᠮ》 ᠤ᠋ᠨ ᠴᠢᠬᠤᠯᠠ ᠪᠠᠢᠯᠳᠤᠬᠤ ᠪᠣᠳᠤᠯᠭ᠎ᠠ ᠶ᠋ᠢ ᠬᠡᠷᠡᠭᠵᠢᠭᠦᠯᠬᠦ ᠪᠡᠷ ᠲᠣᠬᠢᠶᠠᠯ ᠪᠣᠯᠭᠠᠵᠤ᠂ ᠬᠥᠷᠰᠢ ᠵᠡᠷᠭᠡᠯᠡᠳᠡᠭᠡ ᠤᠯᠤᠰ ᠪᠠ ᠭᠠᠵᠠᠷ ᠣᠷᠤᠨ ᠯᠤᠭ᠎ᠠ ᠮᠣᠩᠭᠤᠯ ᠬᠡᠯᠡ ᠪᠢᠴᠢᠭ ᠦ᠋ᠨ ᠡᠷᠳᠡᠮ ᠰᠢᠨᠵᠢᠯᠡᠭᠡᠨ ᠦ᠌ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠪᠥᠭᠡᠳ ᠰᠠᠢᠨ ᠳᠤᠷᠠᠴᠤᠳ ᠢ ᠨᠠᠢᠳᠠᠵᠤ ᠲᠣᠮᠢᠯᠠᠬᠤ ᠵᠡᠷᠭᠡ ᠠᠷᠭ᠎ᠠ ᠠᠪᠴᠠᠯ ᠢᠶᠠᠷ ᠤᠯᠠᠮᠵᠢᠯᠠᠯᠲᠤ ᠮᠣᠩᠭᠤᠯ ᠪᠢᠴᠢᠭ ᠢ ᠵᠢᠭᠠᠨ ᠰᠤᠷᠭᠠᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠵᠠᠮ ᠳᠠᠭᠠᠤ ᠤᠯᠤᠰ ᠤᠳ ᠯᠤᠭ᠎ᠠ ᠬᠠᠷᠢᠯᠴᠠᠨ ᠬᠣᠯᠪᠤᠭᠠᠯᠠᠵᠤ ᠬᠠᠷᠢᠯᠴᠠᠨ ᠨᠡᠪᠲᠡᠷᠡᠯᠴᠡᠬᠦ ᠠᠨᠳᠠ ᠶᠢᠨ ᠬᠠᠷᠢᠴᠠᠭ᠎ᠠ ᠶᠢ ᠪᠠᠢᠭᠤᠯᠬᠤ ᠪᠠ ᠴᠢᠩᠭᠠᠳᠭᠠᠬᠤ ᠳ᠋ᠤ᠌ ᠨᠡᠮᠡᠷᠢ ᠭᠠᠷᠭᠠᠨ᠎ᠠ᠃

(ᠨᠠᠢ᠍ᠮᠠ) ᠮᠣᠩᠭᠤᠯ ᠬᠡᠯᠡ ᠪᠢᠴᠢᠭ ᠦ᠋ᠨ ᠠᠵᠢᠯ ᠤᠨ ᠬᠠᠤᠯᠢ ᠳᠦᠷᠢᠮ ᠦ᠋ᠨ ᠪᠠᠢᠭᠤᠯᠤᠯᠲᠠ ᠶ᠋ᠢ ᠲᠦᠷᠭᠡᠳᠭᠡᠨ᠎ᠡ

ᠬᠠᠤᠯᠢ ᠲᠣᠭᠲᠠᠭᠠᠬᠤ ᠠᠵᠢᠯ ᠢ ᠴᠢᠩᠭᠠᠳᠭᠠᠨ᠎ᠠ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠦ᠋ᠨ ᠬᠠᠤᠯᠢ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠰᠤᠷᠭᠠᠨ ᠬᠥᠮᠦᠵᠢᠯ ᠦ᠋ᠨ ᠳᠦᠷᠢᠮ》 ᠢ᠋ ᠬᠢᠨᠠᠮᠠᠭᠠᠢ ᠲᠤᠭᠤᠰᠢᠯᠠᠭᠤᠯᠵᠤ᠂ 《<ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠠᠵᠢᠯ ᠤᠨ ᠳᠦᠷᠢᠮ> ᠢ᠋ ᠬᠡᠷᠡᠭᠵᠢᠭᠦᠯᠬᠦ ᠨᠠᠷᠢᠨ ᠳᠦᠷᠢᠮ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠣᠷᠴᠢᠭᠤᠯᠭ᠎ᠠ ᠶ᠋ᠢᠨ ᠠᠵᠢᠯ ᠤᠨ ᠬᠠᠮᠢᠶᠠᠷᠤᠯᠲᠠ ᠶ᠋ᠢᠨ ᠠᠷᠭ᠎ᠠ》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠢ ᠰᠤᠷᠴᠤ ᠬᠡᠷᠡᠭᠯᠡᠬᠦ ᠶ᠋ᠢ ᠱᠠᠩᠨᠠᠨ ᠬᠥᠬᠢᠭᠦᠯᠬᠦ ᠠᠷᠭ᠎ᠠ》ᠪᠠ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠨᠡᠢᠭᠡᠮ ᠦ᠋ᠨ ᠥᠩᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ》ᠵᠡᠷᠭᠡ ᠶᠢ ᠲᠤᠠᠠᠳᠠᠭᠠᠬᠤ ᠪᠤᠶᠤ ᠵᠠᠰᠠᠪᠤᠷᠢ ᠣᠷᠤᠭᠤᠯᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠤᠯᠢ ᠳᠦᠷᠢᠮ ᠦ᠋ᠨ ᠲᠣᠭᠲᠠᠯᠴᠠᠭ᠎ᠠ ᠶᠢ ᠪᠦᠷᠢᠨ ᠲᠡᠭᠦᠯᠳᠡᠷᠵᠢᠭᠦᠯᠦᠨ᠎ᠡ᠃

ᠬᠢᠨᠠᠯᠲᠠ ᠪᠠᠢᠴᠠᠭᠠᠯᠲᠠ ᠪᠠᠨ ᠴᠢᠩᠭᠠᠳᠭᠠᠨ᠎ᠠ᠃ ᠮᠣᠩᠭᠤᠯ ᠬᠡᠯᠡ ᠪᠢᠴᠢᠭ ᠦ᠋ᠨ ᠠᠵᠢᠯ ᠢ ᠤᠯᠤᠰ ᠠᠷᠠᠳ ᠤ᠋ᠨ ᠠᠵᠤ ᠠᠬᠤᠢ ᠪᠠ ᠨᠡᠢᠭᠡᠮ ᠦ᠋ᠨ ᠬᠥᠭᠵᠢᠯᠲᠡ ᠶ᠋ᠢᠨ ᠲᠥᠯᠦᠪᠵᠢᠭᠦᠯᠭᠡ ᠳ᠋ᠦ᠍ ᠣᠷᠤᠭᠤᠯᠵᠤ᠂ ᠮᠣᠩᠭᠤᠯ ᠬᠡᠯᠡ ᠪᠢᠴᠢᠭ ᠦ᠋ᠨ ᠳᠦᠷᠢᠮᠵᠢᠯ ᠢ᠋ ᠣᠶᠤᠨ ᠤ᠋ ᠪᠣᠯᠪᠠᠰᠤᠨ ᠤ᠋ ᠪᠦᠲᠦᠭᠡᠨ ᠪᠠᠢᠭᠤᠯᠤᠯᠲᠠ᠂ ᠪᠠᠢᠭᠤᠯᠭ᠎ᠠ ᠶ᠋ᠢᠨ ᠠᠯᠪᠠᠨ ᠪᠢᠴᠢᠭ ᠶᠠᠪᠤᠭᠤᠯᠬᠤ ᠳᠦᠷᠢᠮᠵᠢᠯ᠂ ᠰᠣᠨᠢᠨ ᠮᠡᠳᠡᠭᠡ ᠬᠡᠪᠯᠡᠯ ᠦ᠋ᠨ ᠨᠠᠢᠷᠠᠭᠤᠯᠵᠤ ᠬᠠᠷᠭᠤᠭᠤᠯᠬᠤ ᠶᠠᠰᠤ ᠴᠢᠨᠠᠷ᠂ ᠷᠠᠳᠢᠣ᠋ ᠺᠢᠨᠣ᠋ ᠲᠧᠯᠸᠢᠰ ᠦᠢᠯᠡᠳᠴᠦ ᠨᠡᠪᠲᠡᠷᠡᠭᠦᠯᠬᠦ ᠶᠠᠰᠤ ᠴᠢᠨᠠᠷ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠬᠤᠳᠠ ᠶᠢᠨ ᠦᠵᠡᠮᠵᠢ ᠶᠢᠨ ᠬᠠᠮᠢᠶᠠᠷᠤᠯᠲᠠ᠂ ᠭᠠᠵᠠᠷ ᠣᠷᠤᠨ ᠤ᠋ ᠡᠯ᠎ᠡ ᠱᠠᠳᠤᠨ ᠤ ᠵᠠᠰᠠᠭ ᠤᠨ ᠣᠷᠳᠤᠨ ᠤ᠋ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶ᠋ᠢ ᠬᠢᠨᠠᠨ ᠪᠠᠢᠴᠠᠭᠠᠬᠤ ᠵᠡᠷᠭᠡ ᠬᠠᠷᠢᠶᠠᠨ ᠳᠤ ᠣᠷᠤᠭᠤᠯᠬᠤ ᠬᠡᠷᠡᠭᠲᠡᠢ᠃ ᠶᠡᠷᠦᠩᠬᠡᠢᠯᠡᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠢᠭᠤᠯᠵᠤ᠂ ᠬᠠᠤᠯᠢ ᠬᠡᠷᠡᠭᠵᠢᠭᠦᠯᠬᠦ ᠭᠣᠣᠯ  ᠴᠣᠭᠴᠠ ᠶ᠋ᠢ ᠲᠣᠳᠤᠷᠬᠠᠢ ᠪᠣᠯᠭᠠᠵᠤ᠂ ᠬᠠᠤᠯᠢ ᠬᠡᠷᠡᠭᠵᠢᠭᠦᠯᠬᠦ ᠠᠯᠬᠤᠮ ᠪᠠ ᠪᠠᠷᠢᠮᠵᠢᠶ᠎ᠠ ᠶᠢ ᠲᠡᠭᠦᠯᠳᠡᠷᠵᠢᠭᠦᠯᠬᠦ ᠪᠠ ᠨᠠᠷᠢᠯᠢᠭᠵᠢᠭᠤᠯᠵᠤ᠂ ᠬᠢᠨᠠᠯᠲᠠ ᠪᠠᠢᠴᠠᠭᠠᠯᠲᠠ ᠪᠠᠨ ᠬᠠᠤᠯᠢ ᠶᠣᠰᠤ ᠪᠠᠷ ᠴᠢᠩᠭᠠᠳᠭᠠᠨ᠎ᠠ᠃ ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠦ᠌ ᠬᠢᠨᠠᠯᠲᠠ᠂ ᠶᠠᠷᠢᠶ᠎ᠠ ᠬᠡᠯᠡᠯᠴᠡᠭᠡᠨ ᠦ᠌ ᠬᠢᠨᠠᠯᠲᠠ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠬᠠᠤᠯᠢ ᠶᠣᠰᠤ ᠪᠠᠷ ᠬᠢᠨᠠᠯᠲᠠ ᠬᠠᠮᠢᠶᠠᠷᠤᠯᠲᠠ ᠬᠢᠬᠦ ᠦᠷ᠎ᠡ ᠠᠰᠢᠭ ᠲᠠᠢ ᠠᠵᠢᠯ ᠤᠨ ᠲᠣᠭᠲᠠᠯᠴᠠᠭ᠎ᠠ ᠶᠢ ᠪᠦᠷᠢᠯᠳᠦᠭᠦᠯᠦᠨ᠎ᠡ᠃

ᠰᠤᠷᠤᠯᠴᠠᠯᠭ᠎ᠠ ᠬᠥᠮᠦᠵᠢᠯ ᠢ᠋ ᠴᠢᠩᠭᠠᠳᠭᠠᠨ᠎ᠠ᠃ ᠮᠣᠩᠭᠤᠯ ᠬᠡᠯᠡ ᠪᠢᠴᠢᠭ ᠦ᠋ᠨ ᠲᠤᠬᠠᠢ ᠬᠠᠤᠯᠢ ᠳᠦᠷᠢᠮ ᠢ᠋ ᠪᠦᠬᠦ ᠣᠷᠤᠨ ᠤ᠋ ᠨᠠᠮ ᠵᠠᠰᠠᠭ ᠤᠨ ᠪᠠᠢᠭᠤᠯᠭ᠎ᠠ᠂ ᠤᠯᠠᠨ ᠲᠦᠮᠡᠨᠴᠢ ᠪᠦᠯᠬᠦᠮ᠂ ᠠᠵᠤ ᠠᠬᠤᠢᠯᠠᠯ᠂ ᠠᠵᠢᠯ ᠦᠢᠯᠡᠰ ᠦ᠋ᠨ ᠨᠢᠭᠡᠴᠢ ᠳᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠠᠵᠢᠯ ᠤᠨ ᠪᠠᠢᠷᠢᠨ ᠳ᠋ᠤ᠌ ᠭᠠᠷᠬᠤ ᠠᠴᠠ ᠡᠮᠦᠨᠡᠬᠢ ᠪᠣᠯᠪᠠᠰᠤᠷᠠᠯ ᠪᠠ ᠪᠠᠢᠩᠭᠤ ᠶ᠋ᠢᠨ ᠬᠥᠮᠦᠵᠢᠯ ᠦ᠋ᠨ ᠠᠭᠤᠯᠭ᠎ᠠ ᠳᠤ ᠣᠷᠤᠭᠤᠯᠵᠤ᠂ ᠡᠯ᠎ᠡ ᠦᠨᠳᠦᠰᠦᠲᠡᠨ ᠦ᠌ ᠺᠠᠳ᠋ᠷ ᠤᠯᠠᠨ ᠲᠦᠮᠡᠨ ᠦ᠌ ᠮᠣᠩᠭᠤᠯ ᠬᠡᠯᠡ ᠪᠢᠴᠢᠭ ᠦ᠋ᠨ ᠠᠵᠢᠯ ᠢ ᠬᠠᠤᠯᠢ ᠪᠠᠷ ᠵᠠᠰᠠᠬᠤ ᠤᠬᠠᠮᠰᠠᠷ ᠪᠠ ᠳᠦᠷᠢᠮᠵᠢᠯ ᠦᠨ ᠤᠬᠠᠮᠰᠠᠷ ᠢ ᠨᠡᠩ ᠴᠢᠩᠭᠠᠳᠭᠠᠨ᠎ᠠ᠃

 

ᠳᠥᠷᠪᠡ᠂ ᠪᠠᠲᠤᠯᠠᠬᠤ ᠠᠷᠭ᠎ᠠ ᠠᠪᠴᠠᠯ

 

(ᠨᠢᠭᠡ) ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠭᠠᠨ᠎ᠠ

ᠮᠣᠩᠭᠤᠯ ᠬᠡᠯᠡ ᠪᠢᠴᠢᠭ ᠦ᠋ᠨ ᠬᠠᠮᠢᠶᠠᠷᠤᠯᠲᠠ ᠶ᠋ᠢ ᠳᠡᠭᠡᠭᠰᠢᠯᠡᠭᠦᠯᠬᠦ ᠢᠨᠵᠧᠨᠧᠷᠢᠩ ᠢ᠋ ᠬᠡᠷᠡᠭᠵᠢᠭᠦᠯᠵᠦ᠂ ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ 《ᠵᠠᠰᠠᠭ ᠤᠨ ᠣᠷᠳᠤᠨ ᠭᠣᠣᠯᠯᠠᠨ ᠤᠳᠤᠷᠢᠳᠬᠤ᠂ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠨᠢᠭᠡᠳᠦᠯᠲᠡᠢ ᠲᠥᠯᠦᠪᠯᠡᠬᠦ᠂ ᠰᠠᠯᠠᠭ᠎ᠠ ᠮᠥᠴᠢᠷ ᠦ᠋ᠳ ᠳᠡᠮᠵᠢᠯᠴᠡᠬᠦ᠂ ᠨᠡᠢᠭᠡᠮ ᠨᠡᠢᠲᠡ ᠪᠡᠷ ᠢ᠋ᠶ᠋ᠡᠨ ᠣᠷᠤᠯᠴᠠᠬᠤ》ᠬᠠᠮᠢᠶᠠᠷᠤᠯᠲᠠ ᠶ᠋ᠢᠨ ᠲᠣᠭᠲᠠᠯᠴᠠᠭ᠎ᠠ ᠶᠢ ᠴᠣᠭᠴᠠᠯᠠᠨ ᠲᠡᠭᠦᠯᠳᠡᠷᠵᠢᠭᠦᠯᠦᠨ᠎ᠡ᠃ ᠡᠯ᠎ᠡ ᠱᠠᠳᠤᠨ ᠤ ᠵᠠᠰᠠᠭ ᠤᠨ ᠣᠷᠳᠤᠨ ᠠ᠋ᠴᠠ ᠮᠣᠩᠭᠤᠯ ᠬᠡᠯᠡ ᠪᠢᠴᠢᠭ ᠦ᠋ᠨ ᠠᠵᠢᠯ ᠢ ᠭᠣᠣᠯᠯᠠᠨ ᠤᠳᠤᠷᠢᠳᠬᠤ ᠬᠠᠷᠢᠭᠤᠴᠠᠯᠭ᠎ᠠ ᠶᠢ ᠤᠯᠠᠮ ᠲᠣᠳᠤᠷᠬᠠᠢ ᠪᠣᠯᠭᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠤᠳᠤᠷᠢᠳᠤᠯᠭ᠎ᠠ ᠪᠠ ᠳᠡᠮᠵᠢᠯᠭᠡ ᠶ᠋ᠢ ᠴᠢᠩᠭᠠᠳᠭᠠᠨ᠎ᠠ᠃ ᠡᠯ᠎ᠡ ᠱᠠᠳᠤᠨ ᠤ ᠦᠨᠳᠦᠰᠦᠲᠡᠨ ᠦ᠌ ᠵᠥᠪᠯᠡᠯ ᠦ᠋ᠨ ᠰᠠᠯᠠᠭ᠎ᠠ ᠮᠥᠴᠢᠷ ᠨᠢᠭᠡᠳᠦᠯᠲᠡᠢ ᠲᠥᠯᠦᠪᠯᠡᠬᠦ ᠡᠭᠦᠷᠭᠡ ᠲᠤᠰᠢᠶᠠᠯ ᠢᠶᠠᠨ ᠦᠨᠡᠨ ᠬᠦ ᠬᠡᠷᠡᠭᠵᠢᠭᠦᠯᠵᠦ᠂ ᠭᠡᠰᠢᠭᠦᠨ ᠨᠢᠭᠡᠴᠢ ᠨᠦ᠍ᠭᠦᠳ ᠦ᠋ᠨ ᠬᠠᠮᠵᠢᠯᠴᠠᠬᠤ ᠦᠢᠯᠡᠳᠦᠯ ᠢ᠋ ᠭᠦᠢᠴᠡᠳ ᠪᠠᠳᠠᠷᠠᠭᠤᠯᠵᠤ᠂ ᠬᠣᠯᠪᠤᠭᠳᠠᠯ ᠪᠦᠬᠦᠢ ᠰᠠᠯᠠᠭ᠎ᠠ ᠮᠥᠴᠢᠷ ᠪᠠ ᠨᠡᠢᠭᠡᠮ ᠦ᠋ᠨ ᠵᠣᠬᠢᠶᠠᠨ ᠪᠠᠢᠭᠤᠯᠤᠯᠲᠠ ᠶ᠋ᠢᠨ ᠳᠡᠮᠵᠢᠯᠭᠡ ᠶ᠋ᠢ ᠴᠢᠷᠮᠠᠢᠨ ᠣᠯᠵᠤ᠂ ᠠᠵᠢᠯ ᠬᠤᠪᠢᠶᠠᠨ ᠬᠠᠮᠵᠢᠯᠴᠠᠬᠤ᠂ ᠴᠤᠭ ᠢᠶᠠᠷ ᠠᠳᠭᠤᠵᠤ ᠬᠠᠮᠲᠤ ᠳ᠋ᠤᠨᠢ ᠬᠠᠮᠢᠶᠠᠷᠬᠤ᠂ ᠵᠣᠬᠢᠴᠠᠩᠭᠤᠢ ᠡᠮᠬᠢ ᠳᠠᠷᠠᠭ᠎ᠠ ᠲᠠᠢ ᠠᠵᠢᠯ ᠤᠨ ᠲᠣᠭᠲᠠᠯᠴᠠᠭ᠎ᠠ ᠶᠢ  ᠴᠣᠭᠴᠠᠯᠠᠨ ᠲᠡᠭᠦᠯᠳᠡᠷᠵᠢᠭᠦᠯᠵᠦ᠂ ᠮᠣᠩᠭᠤᠯ ᠬᠡᠯᠡ ᠪᠢᠴᠢᠭ ᠦ᠋ᠨ ᠠᠵᠢᠯ ᠢ ᠲᠣᠭᠲᠠᠯᠴᠠᠭ᠎ᠠ ᠵᠣᠬᠢᠴᠠᠮᠵᠢ ᠶᠢᠨ ᠲᠠᠯ᠎ᠠ ᠠᠴᠠ ᠡᠮᠬᠢ ᠳᠠᠷᠠᠭ᠎ᠠ ᠲᠠᠢ ᠬᠥᠭᠵᠢᠭᠦᠯᠬᠦ ᠶ᠋ᠢ ᠪᠠᠲᠤᠯᠠᠨ᠎ᠠ᠃

ᠮᠣᠩᠭᠤᠯ ᠬᠡᠯᠡ ᠪᠢᠴᠢᠭ ᠦ᠋ᠨ ᠠᠵᠢᠯ ᠤᠨ ᠵᠥᠪᠯᠡᠬᠦ ᠲᠣᠭᠲᠠᠯᠴᠠᠭ᠎ᠠ ᠶᠢ ᠪᠦᠷᠢᠨ ᠲᠡᠭᠦᠯᠳᠡᠷᠵᠢᠭᠦᠯᠦᠨ᠎ᠡ᠃ ᠦᠨᠳᠦᠰᠦᠲᠡᠨ ᠦ᠌ ᠵᠥᠪᠯᠡᠯ ᠦ᠋ᠨ ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ ᠶᠢᠨ ᠬᠤᠷᠠᠯᠳᠤᠭᠠᠨ᠂ ᠲᠤᠰᠭᠠᠢ ᠮᠡᠷᠭᠡᠵᠢᠯᠲᠡᠨ ᠡᠴᠡ ᠠᠰᠠᠭᠤᠨ ᠯᠠᠪᠯᠠᠬᠤ ᠬᠤᠷᠠᠯᠳᠤᠭᠠᠨ ᠵᠡᠷᠭᠡ ᠬᠤᠷᠠᠯᠳᠤᠭᠠᠨ ᠤ ᠳᠦᠷᠢᠮ ᠪᠠ ᠡᠯ᠎ᠡ ᠲᠤᠰᠭᠠᠢ ᠮᠡᠷᠭᠡᠵᠢᠯ ᠦ᠋ᠨ ᠪᠠᠢᠭᠤᠯᠤᠮᠵᠢ᠂ ᠲᠤᠰᠭᠠᠢ ᠲᠥᠷᠦᠯ ᠦ᠋ᠨ ᠠᠵᠢᠯ ᠤᠨ ᠳᠤᠭᠤᠢᠯᠠᠩ ᠵᠡᠷᠭᠡ ᠵᠣᠬᠢᠶᠠᠨ ᠪᠠᠢᠭᠤᠯᠤᠯᠲᠠ ᠶ᠋ᠢ ᠪᠦᠷᠢᠨ ᠲᠡᠭᠦᠯᠳᠡᠷᠵᠢᠭᠦᠯᠦᠨ᠎ᠡ᠃

ᠬᠠᠮᠢᠶ᠎ᠠ ᠪᠦᠬᠦᠢ ᠡᠷᠳᠡᠮ ᠰᠢᠨᠵᠢᠯᠡᠭᠡᠨ ᠦ᠌ ᠪᠦᠯᠬᠦᠮ ᠪᠠ ᠨᠡᠢᠭᠡᠮ ᠦ᠋ᠨ ᠵᠣᠬᠢᠶᠠᠨ ᠪᠠᠢᠭᠤᠯᠤᠯᠲᠠ ᠶ᠋ᠢ ᠰᠠᠢᠲᠤᠷ ᠵᠢᠯᠤᠭᠤᠳᠴᠤ᠂ ᠳᠦᠷᠢᠮ ᠲᠣᠭᠲᠠᠭᠠᠯ ᠤᠨ ᠪᠠᠢᠭᠤᠯᠤᠯᠲᠠ ᠪᠠ ᠠᠵᠢᠯ ᠤᠨ ᠲᠥᠯᠦᠪᠵᠢᠭᠦᠯᠭᠡ ᠨᠠᠢᠷᠠᠭᠤᠯᠤᠨ ᠵᠣᠬᠢᠶᠠᠬᠤ ᠠᠵᠢᠯ ᠢ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠲᠤᠬᠠᠢ ᠤᠬᠠᠭᠤᠯᠭ᠎ᠠ ᠬᠥᠮᠦᠵᠢᠯ᠂ ᠰᠢᠨᠵᠢᠯᠡᠭᠡ ᠰᠤᠳᠤᠯᠭᠠᠨ᠂ ᠲᠤᠬᠠᠢᠯᠠᠭᠰᠠᠨ ᠠᠵᠢᠯ ᠤᠨ ᠪᠣᠯᠪᠠᠰᠤᠷᠠᠯ᠂ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠠᠵᠢᠯᠯᠠᠭ᠎ᠠ ᠶᠢ ᠳᠡᠮᠵᠢᠵᠦ ᠥᠷᠨᠢᠭᠦᠯᠬᠦ ᠪᠥᠭᠡᠳ ᠣᠷᠤᠯᠴᠠᠨ᠎ᠠ᠃

ᠬᠠᠮᠢᠶᠠᠷᠤᠯᠲᠠ ᠶ᠋ᠢᠨ ᠰᠢᠨ᠎ᠡ ᠶ᠋ᠢ ᠡᠭᠦᠳᠬᠦ ᠶ᠋ᠢ ᠴᠢᠩᠭᠠᠳᠭᠠᠵᠤ᠂ 《ᠢᠨᠲ᠋ᠧᠷᠨᠧᠲ ᠰᠦᠯᠵᠢᠶ᠎ᠡ + ᠬᠠᠮᠢᠶᠠᠷᠤᠯᠲᠠ ᠦᠢᠯᠡᠴᠢᠯᠡᠭᠡ》 ᠶ᠋ᠢᠨ ᠪᠠᠢᠯᠳᠤᠬᠤ ᠪᠣᠳᠤᠯᠭ᠎ᠠ ᠶ᠋ᠢ ᠬᠡᠷᠡᠭᠵᠢᠭᠦᠯᠵᠦ᠂ ᠰᠢᠨ᠎ᠡ ᠵᠠᠭᠤᠴᠢᠯᠠᠭᠤᠷ ᠤᠨ ᠮᠡᠷᠭᠡᠵᠢᠯ ᠦ᠋ᠨ ᠬᠡᠷᠡᠭᠯᠡᠭᠡᠨ ᠦ᠌ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠰᠦᠯᠵᠢᠶ᠎ᠡ ᠶ᠋ᠢ ᠪᠠᠢᠭᠤᠯᠵᠤ᠂ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠵᠦᠢᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠦᠢᠯᠡᠴᠢᠯᠡᠭᠡᠨ ᠦ᠌ ᠰᠢᠰᠲ᠋ᠧᠮ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠠ ᠰᠢᠯᠭᠠᠯᠲᠠ ᠶ᠋ᠢᠨ ᠬᠠᠮᠢᠶᠠᠷᠤᠯᠲᠠ ᠶ᠋ᠢᠨ ᠰᠢᠰᠲ᠋ᠧᠮ᠂ ᠮᠣᠩᠭᠤᠯ ᠨᠡᠷ᠎ᠡ ᠲᠣᠮᠢᠶᠠᠨ ᠤ᠋ ᠠᠵᠢᠯ ᠤᠨ ᠬᠠᠮᠢᠶᠠᠷᠤᠯᠲᠠ ᠶ᠋ᠢᠨ ᠰᠢᠰᠲ᠋ᠧᠮ ᠵᠡᠷᠭᠡ ᠲᠤᠬᠠᠢᠯᠠᠭᠰᠠᠨ ᠠᠵᠢᠯ ᠤᠨ ᠬᠠᠮᠢᠶᠠᠷᠤᠯᠲᠠ ᠶ᠋ᠢᠨ ᠪᠠᠴᠢᠮ ᠬᠡᠷᠡᠭᠴᠡᠭᠡᠨ ᠦ᠌ ᠰᠢᠰᠲ᠋ᠧᠮ ᠦᠳ ᠢ ᠰᠤᠳᠤᠯᠤᠨ ᠪᠦᠲᠦᠭᠡᠵᠦ᠂ ᠮᠣᠩᠭᠤᠯ ᠬᠡᠯᠡ ᠪᠢᠴᠢᠭ ᠦ᠋ᠨ ᠠᠵᠢᠯ ᠤᠨ ᠰᠦᠯᠵᠢᠶᠡᠵᠢᠯᠲᠡ᠂ ᠮᠡᠳᠡᠭᠡ ᠵᠠᠩᠭᠢᠵᠢᠯᠲᠠ ᠶ᠋ᠢᠨ ᠬᠠᠮᠢᠶᠠᠷᠤᠯᠲᠠ ᠶ᠋ᠢ ᠲᠦᠷᠭᠡᠨ ᠪᠡᠶᠡᠯᠡᠭᠦᠯᠦᠨ᠎ᠡ᠃

(ᠬᠤᠶᠠᠷ) ᠤᠬᠠᠭᠤᠯᠭ᠎ᠠ ᠶᠢᠨ ᠡᠷᠴᠢᠮ ᠢ᠋ᠶ᠋ᠡᠨ ᠴᠢᠩᠭᠠᠷᠠᠭᠤᠯᠤᠨ᠎ᠠ

ᠮᠣᠩᠭᠤᠯ ᠬᠡᠯᠡ ᠪᠢᠴᠢᠭ ᠦ᠋ᠨ ᠠᠵᠢᠯ ᠢ ᠤᠬᠠᠭᠤᠯᠬᠤ ᠦᠷ᠎ᠡ ᠠᠰᠢᠭ ᠪᠦᠬᠦᠢ ᠲᠣᠭᠲᠠᠯᠴᠠᠭ᠎ᠠ ᠶᠢ ᠪᠦᠷᠢᠨᠰᠢᠭᠦᠯᠵᠦ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠤᠨ᠂ ᠵᠠᠭᠤᠴᠢᠯᠠᠭᠤᠷ᠂ ᠨᠡᠢᠭᠡᠮ ᠵᠡᠷᠭᠡ ᠤᠯᠠᠨ ᠲᠠᠯ᠎ᠠ ᠶᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤᠨ ᠲᠥᠷᠦ ᠶ᠋ᠢᠨ ᠪᠣᠳᠤᠯᠭ᠎ᠠ᠂ ᠬᠠᠤᠯᠢ ᠲᠣᠭᠲᠠᠭᠠᠯ ᠪᠣᠯᠤᠨ ᠳᠦᠷᠢᠮᠵᠢᠯ ᠪᠠᠷᠢᠮᠵᠢᠶᠠᠵᠢᠯ ᠤᠨ ᠤᠬᠠᠭᠤᠯᠭ᠎ᠠ ᠬᠥᠮᠦᠵᠢᠯ ᠢ᠋ ᠴᠢᠩᠭᠠᠳᠭᠠᠨ᠎ᠠ᠃ ᠥᠪᠡᠷᠲᠡᠭᠡᠨ ᠵᠠᠰᠠᠬᠤ ᠣᠷᠤᠨ ᠤ᠋ ᠡᠯ᠎ᠡ ᠱᠠᠳᠤᠨ ᠤ ᠰᠣᠨᠢᠨ ᠰᠡᠳᠭᠦᠯ ᠦ᠋ᠳ᠂ ᠷᠠᠳᠢᠣ᠋ ᠲᠧᠯᠸᠢᠰ ᠪᠠ ᠰᠦᠯᠵᠢᠶᠡᠨ ᠦ᠌ ᠴᠡᠭ ᠵᠡᠷᠭᠡ ᠰᠣᠨᠢᠨ ᠮᠡᠳᠡᠭᠡᠨ ᠦ᠌ ᠵᠠᠭᠤᠴᠢᠯᠠᠭᠤᠷ ᠤᠳ ᠮᠣᠩᠭᠤᠯ ᠬᠡᠯᠡ ᠪᠢᠴᠢᠭ ᠦ᠋ᠨ ᠠᠵᠢᠯ ᠤᠨ ᠤᠬᠠᠭᠤᠯᠭ᠎ᠠ ᠶᠢᠨ ᠭᠣᠣᠯ ᠰᠠᠭᠤᠷᠢᠨ ᠪᠣᠯᠬᠤ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠬᠠᠭᠤᠯᠬᠤ ᠠᠷᠭ᠎ᠠ ᠬᠡᠯᠪᠡᠷᠢ ᠪᠡᠨ ᠰᠢᠨᠡᠴᠢᠯᠡᠵᠦ᠂ ᠶᠠᠷᠢᠶ᠎ᠠ ᠬᠡᠯᠡᠯᠴᠡᠭᠡᠨ ᠦ᠌ ᠳᠠᠭᠠᠭᠤᠯᠬᠤ ᠦᠢᠯᠡᠳᠦᠯ ᠢᠶᠡᠨ ᠴᠢᠩᠭᠠᠳᠭᠠᠵᠤ᠂ ᠨᠡᠢᠭᠡᠮ ᠡᠴᠡ ᠠᠩᠬᠠᠷᠴᠤ ᠪᠠᠢᠭ᠎ᠠ ᠮᠣᠩᠭᠤᠯ ᠬᠡᠯᠡ ᠪᠢᠴᠢᠭ ᠦ᠋ᠨ ᠲᠤᠬᠠᠢ ᠬᠠᠯᠠᠮᠰᠢᠯ ᠠᠰᠠᠭᠤᠳᠠᠯ ᠤᠳ ᠤᠨ ᠤᠬᠠᠭᠤᠯᠭ᠎ᠠ ᠲᠠᠢᠯᠪᠤᠷᠢᠯᠠᠯ ᠢ᠋ ᠴᠢᠬᠤᠯᠠᠴᠢᠯᠠᠵᠤ᠂ 《<ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠳᠦᠷᠢᠮ> ᠦ᠋ᠨ ᠰᠤᠷᠤᠯᠴᠠᠯᠭ᠎ᠠ ᠤᠬᠠᠭᠤᠯᠭ᠎ᠠ ᠶᠢᠨ ᠰᠠᠷ᠎ᠠ》 ᠶ᠋ᠢᠨ ᠠᠵᠢᠯᠯᠠᠭ᠎ᠠ ᠪᠠ 《ᠳᠡᠯᠡᠬᠡᠢ ᠶ᠋ᠢᠨ ᠡᠭᠡ ᠬᠡᠯᠡᠨ ᠦ᠌ ᠡᠳᠦᠷ》  ᠢ᠋ ᠳᠤᠷᠠᠰᠭᠠᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠦ᠂ ᠮᠣᠩᠭᠤᠯ ᠭᠡᠯᠡ ᠦᠰᠦᠭ ᠪᠢᠴᠢᠭ ᠢ ᠰᠤᠷᠴᠤ᠂ ᠬᠡᠷᠡᠭᠯᠡᠵᠦ᠂ ᠬᠥᠭᠵᠢᠭᠦᠯᠬᠦ ᠶ᠋ᠢ ᠠᠬᠢᠭᠤᠯᠬᠤ ᠳᠤ ᠰᠠᠢᠨ ᠰᠠᠢᠬᠠᠨ ᠨᠡᠢᠭᠡᠮ ᠦ᠋ᠨ ᠣᠷᠴᠢᠨ ᠲᠣᠭᠤᠷᠢᠨ ᠢ᠋ ᠪᠤᠢ ᠪᠣᠯᠭᠠᠨ᠎ᠠ᠃

(ᠭᠤᠷᠪᠠ) ᠪᠠᠢᠭᠤᠯᠤᠮᠵᠢ ᠪᠠ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠨ᠎ᠠ

ᠡᠯ᠎ᠡ ᠭᠠᠵᠠᠷ ᠣᠷᠤᠨ᠂ ᠡᠯ᠎ᠡ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠳ ᠦ᠋ᠨ ᠮᠣᠩᠭᠤᠯ ᠬᠡᠯᠡ ᠪᠢᠴᠢᠭ ᠦ᠋ᠨ ᠠᠵᠢᠯ ᠤᠨ ᠪᠠᠢᠭᠤᠯᠤᠮᠵᠢ ᠪᠠ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠨ᠎ᠠ᠃ ᠦᠨᠳᠦᠰᠦᠲᠡᠨ ᠦ᠌ ᠵᠥᠪᠯᠡᠯ ᠦ᠋ᠨ ᠰᠢᠰᠲ᠋ᠧᠮ ᠦ᠋ᠨ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤᠨ ᠲᠥᠷᠦ ᠶ᠋ᠢᠨ ᠪᠣᠳᠤᠯᠭ᠎ᠠ᠂ ᠬᠠᠤᠯᠢ ᠲᠣᠭᠲᠠᠭᠠᠯ ᠪᠠ ᠲᠤᠬᠠᠢᠯᠠᠭᠰᠠᠨ ᠠᠵᠢᠯ ᠤᠨ ᠲᠤᠬᠠᠢ ᠮᠡᠳᠡᠯᠭᠡ ᠶᠢᠨ ᠪᠣᠯᠪᠠᠰᠤᠷᠠᠯ ᠬᠥᠮᠦᠵᠢᠯ ᠢ᠋ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠡᠩᠨᠡᠭᠡᠨ ᠦ᠌ ᠪᠦᠬᠦᠯᠢ ᠴᠣᠭᠴᠠ ᠶᠢᠨ ᠬᠡᠪ ᠴᠢᠨᠠᠷ ᠢ ᠤᠯᠠᠮ ᠳᠡᠭᠡᠭᠰᠢᠯᠡᠭᠦᠯᠦᠨ᠎ᠡ᠃

ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠠ ᠰᠢᠯᠭᠠᠯᠲᠠ ᠶ᠋ᠢᠨ ᠠᠵᠢᠯ ᠤᠨ ᠬᠠᠮᠢᠶᠠᠷᠤᠯᠲᠠ ᠶ᠋ᠢ ᠴᠢᠩᠭᠠᠳᠭᠠᠨ ᠰᠠᠢᠵᠢᠷᠠᠭᠤᠯᠵᠤ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠴᠢᠶᠡᠯᠯᠡᠭᠡ ᠶᠢᠨ ᠪᠠᠭᠰᠢ ᠪᠠ ᠰᠢᠯᠭᠠᠭᠴᠢ ᠶᠢᠨ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠨ᠎ᠠ᠃ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠴᠢᠶᠡᠯᠯᠡᠭᠡ ᠶᠢᠨ ᠪᠠᠭᠰᠢ᠂ ᠰᠢᠯᠭᠠᠭᠴᠢ ᠶᠢ ᠦᠨᠡᠮᠯᠡᠯ ᠢ᠋ᠶ᠋ᠡᠷ ᠠᠵᠢᠯ ᠤᠨ ᠪᠠᠢᠷᠢᠨ ᠳ᠋ᠤ᠌ ᠭᠠᠷᠭᠠᠬᠤ ᠳᠦᠷᠢᠮ᠂ ᠡᠭᠡᠯᠵᠢᠯᠡᠨ ᠪᠣᠯᠪᠠᠰᠤᠷᠠᠭᠤᠯᠬᠤ ᠳᠦᠷᠢᠮ ᠢ᠋ ᠲᠥᠬᠦᠷᠵᠢᠭᠦᠯᠵᠦ᠂ ᠠᠵᠢᠯ ᠤᠨ ᠰᠤᠷᠲᠠᠯ ᠲᠥᠪ᠂ ᠲᠤᠬᠠᠢᠯᠠᠭᠰᠠᠨ ᠠᠵᠢᠯ ᠳᠠᠭᠠᠨ ᠰᠢᠯᠭᠠᠷᠠᠭᠰᠠᠨ ᠠᠵᠢᠯᠲᠠᠨ ᠤ᠋ ᠡᠩᠨᠡᠭᠡ ᠶᠢ ᠴᠢᠷᠮᠠᠢᠨ ᠪᠠᠢᠭᠤᠯᠤᠨ᠎ᠠ᠃

ᠮᠣᠩᠭᠤᠯ ᠬᠡᠯᠡ ᠦᠰᠦᠭ ᠪᠢᠴᠢᠭ ᠦ᠋ᠨ ᠬᠡᠷᠡᠭᠯᠡᠭᠡᠨ ᠦ᠌ ᠰᠤᠳᠤᠯᠭᠠᠨ ᠤ ᠵᠠᠯᠠᠭᠤ ᠢᠳᠡᠷ ᠡᠷᠳᠡᠮᠲᠡᠳ ᠦ᠋ᠨ ᠳᠡᠭᠡᠳᠦ ᠲᠡᠰ ᠦ᠋ᠨ ᠰᠤᠳᠤᠯᠬᠤ ᠠᠩᠭᠢ ᠶ᠋ᠢ ᠵᠢᠯ ᠳ᠋ᠦ᠍ ᠨᠢᠭᠡ ᠬᠤᠭᠤᠴᠠᠭ᠎ᠠ ᠵᠣᠬᠢᠶᠠᠨ ᠪᠠᠢᠭᠤᠯᠤᠨ ᠡᠷᠬᠢᠯᠡᠵᠦ᠂ ᠢᠳᠡᠷ ᠵᠠᠯᠠᠭᠤ ᠭᠣᠣᠯᠯᠠᠭᠴᠢ ᠬᠦᠴᠦᠨ ᠢ᠋ ᠬᠥᠮᠦᠵᠢᠭᠦᠯᠬᠦ ᠪᠥᠭᠡᠳ ᠰᠢᠯᠢᠳᠡᠭ ᠢ ᠨᠢ ᠳᠡᠮᠵᠢᠬᠦ ᠲᠥᠯᠦᠪᠯᠡᠭᠡ ᠶ᠋ᠢ ᠬᠡᠷᠡᠭᠵᠢᠭᠦᠯᠵᠦ᠂ ᠮᠣᠩᠭᠤᠯ ᠬᠡᠯᠡ ᠪᠢᠴᠢᠭ ᠦ᠋ᠨ ᠠᠵᠢᠯ ᠤᠨ ᠢᠳᠡᠷ ᠵᠠᠯᠠᠭᠤ ᠲᠤᠰᠭᠠᠢ ᠮᠡᠷᠭᠡᠵᠢᠯᠲᠡᠨ ᠦ᠌ ᠡᠩᠨᠡᠭᠡ ᠶᠢ ᠭᠣᠣᠯᠯᠠᠨ ᠪᠠᠢᠭᠤᠯᠤᠨ᠎ᠠ᠃

ᠮᠣᠩᠭᠤᠯ ᠬᠡᠯᠡ ᠪᠢᠴᠢᠭ ᠦ᠋ᠨ ᠠᠵᠢᠯ ᠤᠨ ᠬᠥᠭᠵᠢᠯᠲᠡ ᠳ᠋ᠦ᠍ ᠳᠣᠪᠤᠢᠮ᠎ᠠ ᠬᠤᠪᠢ ᠨᠡᠮᠡᠷᠢ ᠭᠠᠷᠭᠠᠭᠰᠠᠨ ᠪᠠᠢᠭᠤᠯᠭ᠎ᠠ ᠨᠢᠭᠡᠴᠢ ᠪᠠ ᠬᠤᠪᠢ ᠬᠥᠮᠦᠨ ᠢ᠋ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠣᠷᠳᠤᠨ ᠠ᠋ᠴᠠ  ᠱᠠᠩᠨᠠᠨ ᠬᠥᠬᠢᠭᠦᠯᠬᠦ ᠪᠣᠯᠤᠨ᠎ᠠ᠃ ᠠᠵᠤ ᠠᠬᠤᠢᠯᠠᠯ᠂ ᠠᠵᠢᠯ ᠦᠢᠯᠡᠰ ᠦ᠋ᠨ ᠨᠢᠭᠡᠴᠢ᠂ ᠨᠡᠢᠭᠡᠮ ᠦ᠋ᠨ ᠪᠦᠯᠬᠦᠮ᠂ ᠬᠤᠪᠢ ᠬᠥᠮᠦᠨ ᠦ᠌ ᠮᠣᠩᠭᠤᠯ ᠬᠡᠯᠡ ᠪᠢᠴᠢᠭ ᠢ ᠰᠤᠷᠴᠤ᠂ ᠬᠡᠷᠡᠭᠯᠡᠵᠦ᠂ ᠰᠤᠳᠤᠯᠵᠤ᠂ ᠬᠥᠭᠵᠢᠭᠦᠯᠬᠦ ᠶ᠋ᠢ  ᠱᠠᠩᠨᠠᠨ ᠬᠥᠬᠢᠭᠦᠯᠬᠦ ᠠᠵᠢᠯᠯᠠᠭ᠎ᠠ ᠡᠷᠬᠢᠯᠡᠬᠦ ᠶᠢ ᠵᠣᠷᠢᠭᠵᠢᠭᠤᠯᠤᠨ᠎ᠠ᠃

(ᠳᠥᠷᠪᠡ) ᠰᠤᠷᠤᠯᠴᠠᠯᠭ᠎ᠠ ᠰᠣᠯᠢᠯᠴᠠᠭ᠎ᠠ ᠪᠠᠨ ᠡᠷᠴᠢᠮᠵᠢᠭᠦᠯᠦᠨ᠎ᠡ

ᠪᠦᠬᠦ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠢ ᠵᠢᠯ ᠲᠤᠲᠤᠮ ᠬᠤᠷᠠᠯᠳᠤᠭᠤᠯᠵᠤ᠂ ᠡᠯ᠎ᠡ ᠭᠠᠵᠠᠷ ᠣᠷᠤᠨ᠂ ᠡᠯ᠎ᠡ  ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠳᠠᠪᠠᠭᠤᠯᠢᠭ ᠲᠠᠯ᠎ᠠ ᠪᠠᠷ ᠨᠢ ᠳᠤᠲᠠᠭᠳᠠᠯ ᠢ᠋ᠶ᠋ᠠᠨ ᠨᠥᠬᠦᠵᠦ᠂ ᠬᠠᠮᠲᠤ ᠪᠠᠷ ᠲᠠᠪᠰᠢᠬᠤ ᠶ᠋ᠢ ᠠᠬᠢᠭᠤᠯᠤᠨ᠎ᠠ᠃

《ᠶᠠᠪᠤᠭᠤᠯᠬᠤ᠂ ᠤᠷᠢᠬᠤ》ᠵᠡᠷᠭᠡ ᠠᠷᠭ᠎ᠠ ᠶᠢ ᠠᠪᠴᠤ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠤᠨ ᠲᠡᠷᠢᠭᠦᠨ ᠦ᠌ ᠭᠠᠵᠠᠷ ᠣᠷᠤᠨ ᠳ᠋ᠤ᠌ ᠵᠣᠬᠢᠰᠲᠠᠢ ᠦᠶ᠎ᠡ ᠳ᠋ᠦ᠍ ᠬᠦᠷᠴᠦ ᠪᠠᠢᠴᠠᠭᠠᠨ ᠰᠤᠷᠤᠯᠴᠠᠬᠤ ᠪᠤᠶᠤ ᠺᠠᠳ᠋ᠷ ᠲᠣᠮᠢᠯᠠᠨ ᠲᠤᠰᠢᠶᠠᠯ ᠳᠠᠪᠲᠠᠨ ᠪᠣᠯᠪᠠᠰᠤᠷᠠᠭᠤᠯᠵᠤ᠂ ᠪᠤᠰᠤᠳ ᠮᠤᠵᠢ᠂ ᠬᠤᠳᠠ᠂ ᠥᠪᠡᠷᠲᠡᠭᠡᠨ ᠵᠠᠰᠠᠬᠤ ᠣᠷᠤᠨ ᠤ᠋ ᠲᠡᠷᠢᠭᠦᠨ ᠦ᠌ ᠲᠤᠷᠰᠢᠯᠭ᠎ᠠ ᠪᠠ ᠠᠷᠭ᠎ᠠ ᠪᠠᠷᠢᠯ ᠢ ᠢᠳᠡᠪᠬᠢᠲᠡᠢ ᠲᠣᠯᠢᠯᠠᠨ ᠰᠤᠷᠤᠯᠴᠠᠨ᠎ᠠ᠃

(ᠲᠠᠪᠤ) ᠵᠠᠷᠤᠳᠠᠯ ᠮᠥᠩᠭᠦᠨ ᠦ᠌ ᠪᠡᠯᠡ ᠣᠷᠤᠭᠤᠯᠤᠯᠲᠠ ᠶ᠋ᠢ ᠪᠠᠲᠤᠯᠠᠨ᠎ᠠ

ᠮᠣᠩᠭᠤᠯ ᠬᠡᠯᠡ ᠪᠢᠴᠢᠭ ᠦ᠋ᠨ ᠠᠵᠢᠯ ᠤᠨ ᠵᠠᠷᠤᠳᠠᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠣᠩᠭᠤᠯ ᠬᠡᠯᠡ ᠪᠢᠴᠢᠭ ᠦ᠋ᠨ ᠦᠢᠯᠡᠰ ᠦ᠋ᠨ ᠬᠥᠭᠵᠢᠯᠲᠡ ᠳ᠋ᠦ᠍ ᠵᠠᠷᠤᠴᠠᠭᠤᠯᠬᠤ ᠡᠯ᠎ᠡ ᠱᠠᠳᠤᠨ ᠤ ᠣᠷᠤᠨ ᠨᠤᠲᠤᠭ ᠤᠨ ᠡᠳ᠋ ᠦᠨ ᠵᠠᠰᠠᠭ ᠤᠨ ᠵᠠᠷᠤᠳᠠᠯ ᠢ ᠨᠡᠮᠡᠭᠳᠡᠭᠦᠯᠬᠦ ᠪᠥᠭᠡᠳ ᠮᠣᠩᠭᠤᠯ ᠬᠡᠯᠡ ᠪᠢᠴᠢᠭ ᠦ᠋ᠨ ᠬᠥᠭᠵᠢᠯᠲᠡ ᠶ᠋ᠢᠨ ᠪᠡᠯᠡ ᠮᠥᠩᠭᠦ ᠶ᠋ᠢ ᠤᠯᠠᠨ ᠠᠷᠭ᠎ᠠ ᠵᠠᠮ ᠢᠶᠠᠷ ᠬᠤᠷᠠᠮᠳᠤᠭᠤᠯᠬᠤ ᠶᠢ ᠳᠡᠮᠵᠢᠵᠦ᠂ ᠠᠵᠤ ᠠᠬᠤᠢᠯᠠᠯ᠂ ᠪᠦᠯᠬᠦᠮ ᠪᠠ ᠬᠤᠪᠢ ᠬᠥᠮᠦᠨ ᠦ᠌ ᠬᠠᠨᠳᠢᠪᠯᠠᠬᠤ ᠶᠢ ᠵᠣᠷᠢᠭᠵᠢᠭᠤᠯᠤᠨ᠎ᠠ᠃ ᠲᠡᠭᠦᠨᠴᠢᠯᠡᠨ ᠮᠣᠩᠭᠤᠯ ᠬᠡᠯᠡ ᠪᠢᠴᠢᠭ ᠦ᠋ᠨ ᠦᠢᠯᠡᠰ ᠲᠦ᠍ ᠬᠠᠨᠳᠢᠪᠯᠠᠭᠰᠠᠨ ᠪᠡᠯᠡ ᠮᠥᠩᠭᠦ ᠶ᠋ᠢ ᠬᠢᠨᠠᠨ ᠬᠠᠮᠢᠶᠠᠷᠬᠤ ᠳᠦᠷᠢᠮ ᠢ᠋ ᠲᠣᠭᠲᠠᠭᠠᠨ᠎ᠠ᠃

 

 

                   2017 ᠣᠨ ᠤ 1 ᠰᠠᠷ᠎ᠠ ᠶᠢᠨ 24 ᠦ᠌ ᠡᠳᠦᠷ

 

ᠡᠬᠡ ᠪᠢᠴᠢᠭ ᠬᠠᠩᠭᠠᠭᠴᠢ᠄ ᠠᠯᠲᠠᠨ᠌ᠣ᠋ᠳᠣ

ᠬᠢᠨᠠᠨ ᠬᠠᠷᠭᠤᠭᠤᠯᠤᠭᠴᠢ᠄ ᠡᠷᠳᠡᠨᠢᠴᠡᠴᠡᠭ

ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ

ᠸᠢᠴᠠᠲ ᠲᠤ ᠪᠠᠨ ᠬᠤᠪᠢᠶᠠᠯᠴᠠᠬᠤ