2018.09.03
ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠥᠷᠭᠡᠨ ᠣᠯᠠᠨ ᠲᠦᠮᠡᠨ ᠳ᠋ᠦ᠍ ᠬᠦᠷᠲᠡᠭᠡᠬᠦ ᠶ᠋ᠢᠨ ᠲᠥᠯᠦᠭᠡ 8 ᠰᠠᠷ᠎ᠠ ᠶ᠋ᠢᠨ 27 ᠡᠴᠡ 29 ᠪᠣᠯᠲᠠᠯ᠎ᠠ ᠥᠪᠡᠷᠲᠡᠭᠡᠨ ᠵᠠᠰᠠᠬᠤ ᠣᠷᠤᠨ ᠤ᠋ ᠵᠡᠭᠦᠨ ᠬᠡᠰᠡᠭ ᠭᠠᠵᠠᠷ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠥᠰᠦᠯ ᠦ᠋ᠨ ᠦᠷ᠎ᠡ ᠪᠦᠲᠦᠭᠡᠯ ᠢ᠋ ᠳᠡᠯᠭᠡᠷᠡᠭᠦᠯᠬᠦ ᠪᠣᠯᠪᠠᠰᠤᠷᠠᠯ ᠢ᠋ ᠬᠥᠯᠦᠨ ᠪᠤᠢᠷ ᠬᠣᠲᠠ ᠳ᠋ᠤ᠌ ᠬᠢᠪᠡ᠃ ᠲᠦᠩᠯᠢᠶᠤᠤ ᠬᠣᠲᠠ᠂ ᠬᠢᠩᠭᠠᠨ ᠠᠢᠮᠠᠭ᠂ ᠬᠥᠯᠦᠨ ᠪᠤᠢᠷ ᠬᠣᠲᠠ᠂ ᠮᠠᠨᠵᠤᠤᠷ ᠬᠣᠲᠠ ᠶ᠋ᠢᠨ ᠦᠨᠳᠦᠰᠦᠲᠡᠨ ᠦ᠌ ᠵᠥᠪᠯᠡᠯ ᠦ᠋ᠨ ᠱᠢᠰᠲ᠋ᠧᠮ ᠦ᠋ᠨ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠢ᠋ ᠬᠢᠵᠦ ᠪᠠᠢᠭ᠎ᠠ ᠬᠣᠯᠪᠤᠭᠳᠠᠯ ᠪᠦᠬᠦᠢ ᠠᠵᠢᠯᠲᠠᠨ᠂ ᠡᠯ᠎ᠡ ᠭᠠᠵᠠᠷ ᠣᠷᠤᠨ ᠤ᠋ ᠰᠤᠷᠭᠠᠭᠤᠯᠢ᠂ ᠰᠣᠨᠢᠨ ᠮᠡᠳᠡᠭᠡ ᠵᠠᠭᠤᠴᠢᠯᠠᠭᠤᠷ᠂ ᠬᠡᠪᠯᠡᠯ ᠦ᠋ᠨ ᠠᠵᠢᠯ ᠲᠥᠷᠦᠯ ᠳ᠋ᠡᠬᠢ ᠮᠣᠩᠭᠤᠯ ᠬᠡᠯᠡ ᠪᠢᠴᠢᠭ ᠦ᠋ᠨ ᠠᠵᠢᠯ ᠤ᠋ᠨ ᠬᠣᠯᠪᠤᠭᠳᠠᠯ ᠪᠦᠬᠦᠢ ᠠᠵᠢᠯᠲᠠᠨ 70 ᠭᠠᠷᠤᠢ ᠬᠥᠮᠦᠨ ᠪᠣᠯᠪᠠᠰᠤᠷᠠᠯ ᠳ᠋ᠤ᠌ ᠣᠷᠤᠯᠴᠠᠵᠠᠢ᠃
ᠡᠨᠡ ᠤᠳᠠᠭᠠᠨ ᠤ᠋ ᠪᠣᠯᠪᠠᠰᠤᠷᠠᠯ ᠳ᠋ᠤ᠌ ᠤᠯᠤᠰ ᠤ᠋ᠨ ᠮᠡᠳᠡᠭᠡ ᠵᠠᠩᠭᠢᠵᠢᠯᠲᠠ ᠶ᠋ᠢᠨ ᠬᠥᠭᠵᠢᠯᠲᠡ ᠶ᠋ᠢᠨ ᠲᠣᠢᠮᠤ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠲᠤᠰᠭᠠᠢ ᠲᠡᠳᠬᠦᠬᠦ ᠲᠥᠰᠦᠯ ᠦ᠋ᠨ ᠦᠷ᠎ᠡ ᠪᠦᠲᠦᠭᠡᠯ᠂ ᠮᠣᠩᠭᠤᠯ ᠬᠡᠯᠡ ᠦᠰᠦᠭ ᠪᠢᠴᠢᠭ ᠦ᠋ᠨ ᠲᠣᠭᠠᠵᠢᠭᠤᠯᠤᠭᠰᠠᠨ ᠡᠬᠢ ᠪᠠᠶᠠᠯᠢᠭ ᠤ᠋ᠨ ᠪᠠᠢᠭᠤᠯᠤᠯᠲᠠ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠦᠯᠵᠢᠶ᠎ᠡ ᠪᠠ ᠮᠣᠩᠭᠤᠯ ᠬᠡᠯᠡ ᠪᠢᠴᠢᠭ ᠦ᠋ᠨ ᠰᠦᠯᠵᠢᠶ᠎ᠡ᠂ ᠮᠣᠩᠭᠤᠯ ᠬᠡᠯᠡ ᠪᠢᠴᠢᠭ ᠦ᠋ᠨ ᠠᠵᠢᠯ ᠤ᠋ᠨ ᠲᠤᠬᠠᠢᠯᠠᠭᠰᠠᠨ ᠠᠵᠢᠯ ᠤ᠋ᠨ ᠬᠠᠮᠢᠶᠠᠷᠤᠯᠲᠠ ᠶ᠋ᠢᠨ ᠱᠢᠰᠲ᠋ᠧᠮ ᠵᠡᠷᠭᠡ ᠠᠭᠤᠯᠭ᠎ᠠ ᠪᠠᠷ ᠬᠢᠴᠢᠶᠡᠯᠯᠡᠵᠦ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠠᠵᠢᠯ ᠤ᠋ᠨ ᠬᠢᠷᠢ ᠲᠦᠪᠱᠢᠨ ᠢ᠋ ᠤᠯᠠᠮ ᠳᠡᠭᠡᠭᠱᠢᠯᠡᠭᠦᠯᠵᠦ᠂ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠵᠢᠯᠲᠠ ᠶ᠋ᠢᠨ ᠬᠥᠭᠵᠢᠯᠲᠡ ᠶ᠋ᠢ ᠴᠠᠭᠠᠱᠢᠳᠠ ᠠᠬᠢᠭᠤᠯᠵᠠᠢ᠃
ᠣᠷᠴᠢᠭᠤᠯᠤᠭᠴᠢ᠄ ᠯᠢᠶᠠᠩ ᠬᠠᠢ ᠢᠦᠢ
ᠬᠢᠨᠠᠭᠴᠢ᠄ ᠪᠤᠶᠠᠨ᠌ᠥ᠌ᠯᠵᠡᠢ
ᠬᠠᠷᠢᠭᠤᠴᠠᠭᠰᠠᠨ ᠨᠠᠢᠷᠠᠭᠤᠯᠤᠭᠴᠢ᠄ ᠯᠢᠶᠠᠩ ᠬᠠᠢ ᠢᠦᠢ
