ᠤᠯᠠᠭᠠᠨᠬᠠᠳᠠ ᠬᠣᠲᠠ ᠶ᠋ᠢᠨ ᠪᠠᠭᠠᠷᠢᠨ ᠵᠡᠭᠦᠨ ᠬᠣᠰᠢᠭᠤ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠰᠢᠰᠲ᠋ᠧᠮ ᠦ᠋ᠨ ᠪᠣᠯᠪᠠᠰᠤᠷᠠᠯ ᠡᠷᠬᠢᠯᠡᠪᠡ
ᠢᠷᠡᠯᠲᠡ᠄ ᠤᠯᠠᠭᠠᠨᠬᠠᠳᠠ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2018.09.18

 

ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠠᠵᠢᠯ ᠢ᠋ ᠤᠯᠠᠮ ᠴᠢᠩᠭᠠᠳᠭᠠᠨ ᠳᠡᠭᠡᠭᠱᠢᠯᠡᠭᠦᠯᠬᠦ ᠶ᠋ᠢᠨ ᠲᠥᠯᠦᠭᠡ 9 ᠰᠠᠷ᠎ᠠ ᠶ᠋ᠢᠨ16 ᠤ᠋ ᠡᠳᠦᠷ ᠤᠯᠠᠭᠠᠨᠬᠠᠳᠠ ᠬᠣᠲᠠ ᠶ᠋ᠢᠨ ᠪᠠᠭᠠᠷᠢᠨ ᠵᠡᠭᠦᠨ ᠬᠣᠱᠢᠭᠤᠨ ᠤ᠋ ᠦᠨᠳᠦᠰᠦᠲᠡᠨ ᠱᠠᠱᠢᠨ ᠰᠤᠷᠲᠠᠬᠤᠨ ᠤ᠋ ᠲᠣᠪᠴᠢᠶ᠎ᠠ ᠯᠢᠨᠳᠦ᠋ᠩ ᠦ᠋ᠨ ᠮᠣᠩᠭᠤᠯ ᠳᠤᠮᠳᠠᠳᠤ ᠰᠤᠷᠭᠠᠭᠤᠯᠢ ᠳ᠋ᠤ᠌ ᠪᠦᠬᠦ ᠬᠣᠱᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠱᠢᠰᠲ᠋ᠧᠮ ᠦ᠋ᠨ ᠪᠣᠯᠪᠠᠰᠤᠷᠠᠯ ᠤ᠋ᠨ ᠠᠩᠭᠢ ᠶ᠋ᠢ ᠡᠷᠬᠢᠯᠡᠪᠡ᠃ ᠪᠠᠭᠠᠷᠢᠨ ᠵᠡᠭᠦᠨ ᠬᠣᠱᠢᠭᠤᠨ ᠤ᠋ ᠦᠨᠳᠦᠰᠦᠲᠡᠨ ᠱᠠᠱᠢᠨ ᠰᠤᠷᠲᠠᠬᠤᠨ ᠤ᠋ ᠲᠣᠪᠴᠢᠶ᠎ᠠ᠂ ᠪᠠᠭᠠᠷᠢᠨ ᠵᠡᠭᠦᠨ ᠬᠣᠱᠢᠭᠤᠨ ᠤ᠋ ᠬᠣᠲᠠ ᠶ᠋ᠢᠨ ᠬᠠᠮᠢᠶᠠᠷᠤᠯᠲᠠ ᠶ᠋ᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠭᠠᠷᠢᠨ ᠵᠡᠭᠦᠨ ᠬᠣᠱᠢᠭᠤᠨ ᠤ᠋ ᠵᠠᠬ᠎ᠠ ᠳᠡᠯᠭᠡᠭᠦᠷ ᠦ᠋ᠨ ᠬᠢᠨᠠᠨ ᠬᠠᠮᠢᠶᠠᠷᠤᠯᠲᠠ ᠶ᠋ᠢᠨ ᠲᠣᠪᠴᠢᠶ᠎ᠠ ᠵᠡᠷᠭᠡ ᠬᠣᠯᠪᠤᠭᠳᠠᠯ ᠪᠦᠬᠦᠢ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ᠂ ᠠᠵᠢᠯᠲᠠᠨ᠂ ᠲᠤᠰᠭᠠᠢ ᠮᠡᠷᠭᠡᠵᠢᠯ ᠦ᠋ᠨ ᠣᠷᠴᠢᠭᠤᠯᠤᠭᠴᠢ  ᠪᠣᠯᠤᠨ ᠫᠠᠢᠰᠠ ᠦᠢᠯᠡᠳᠬᠦ ᠠᠵᠤ ᠠᠬᠤᠢᠯᠠᠯ ᠤ᠋ᠨ ᠠᠵᠢᠯᠲᠠᠨ 80 ᠭᠠᠷᠤᠢ ᠬᠥᠮᠦᠨ ᠪᠣᠯᠪᠠᠰᠤᠷᠠᠯ ᠳ᠋ᠤ᠌ ᠣᠷᠤᠯᠴᠠᠵᠠᠢ᠃ ᠡᠨᠡ ᠤᠳᠠᠭᠠᠨ ᠤ᠋ ᠪᠣᠯᠪᠠᠰᠤᠷᠠᠯ ᠳ᠋ᠤ᠌ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠵᠥᠪᠯᠡᠯ ᠦ᠋ᠨ ᠮᠣᠩᠭᠤᠯ ᠦᠭᠡ ᠬᠡᠯᠡ ᠦᠰᠦᠭ ᠪᠢᠴᠢᠭ ᠦ᠋ᠨ ᠰᠤᠳᠤᠯᠭ᠎ᠠ ᠬᠡᠷᠡᠭᠯᠡᠭᠡᠨ ᠦ᠌ ᠲᠥᠪ ᠦ᠋ᠨ ᠡᠯᠧᠺᠲ᠋ᠷᠤᠨ ᠢᠨᠵᠧᠨᠧᠷᠢᠩ ᠦ᠋ᠨ ᠳ᠋ᠣᠺᠲ᠋ᠤᠷ ᠢ᠋ ᠤᠷᠢᠵᠤ ᠪᠣᠯᠪᠠᠰᠤᠷᠠᠯ ᠳ᠋ᠤ᠌ ᠣᠷᠤᠯᠴᠠᠭᠰᠠᠳ ᠲᠤ᠌ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠱᠢᠰᠲ᠋ᠧᠮ ᠢ᠋ ᠰᠤᠳᠤᠯᠤᠨ ᠨᠡᠭᠡᠭᠡᠭᠰᠡᠨ ᠠᠴᠢ ᠬᠣᠯᠪᠤᠭᠳᠠᠯ᠂ ᠬᠡᠷᠡᠭᠴᠡᠭᠡ ᠴᠢᠳᠠᠮᠵᠢ ᠪᠠ ᠠᠷᠪᠠᠨ ᠱᠢᠨ᠎ᠡ ᠶ᠋ᠢ ᠡᠭᠦᠳᠦᠭᠰᠡᠨ ᠲᠤᠬᠠᠢ ᠬᠢᠴᠢᠶᠡᠯᠯᠡᠭᠡ ᠬᠢᠯᠭᠡᠭᠰᠡᠨ ᠪᠥᠭᠡᠳ ᠫᠠᠢᠰᠠ ᠢᠯᠡᠷᠬᠡᠢᠯᠡᠯ ᠢ᠋ ᠣᠷᠴᠢᠭᠤᠯᠤᠨ ᠦᠢᠯᠡᠳᠬᠦ᠂ ᠬᠢᠨᠠᠨ ᠬᠠᠷᠭᠤᠭᠤᠯᠬᠤ ᠪᠣᠯᠤᠨ ᠱᠢᠯᠭᠠᠨ ᠬᠤᠷᠢᠶᠠᠬᠤ ᠵᠡᠷᠭᠡ ᠡᠯ᠎ᠡ ᠭᠣᠭᠴᠤᠭᠠᠨ ᠳ᠋ᠠᠬᠢ ᠠᠵᠢᠯᠯᠠᠬᠤ ᠶᠠᠪᠤᠴᠠ᠂ ᠳ᠋ᠠᠢᠲ᠋ᠠ ᠬᠥᠮᠦᠷᠭᠡ ᠶ᠋ᠢᠨ ᠪᠠᠭᠠᠵᠢ ᠶ᠋ᠢᠨ ᠬᠡᠷᠡᠭᠯᠡᠭᠡ᠂ ᠭᠠᠷ ᠤᠲᠠᠰᠤ ᠪᠠ ᠺᠣᠮᠫᠢᠦ᠋ᠲ᠋ᠧᠷ ᠲᠡᠬᠢ ᠬᠡᠷᠡᠭᠯᠡᠭᠡᠨ ᠦ᠌ ᠰᠣᠹᠲ ᠤ᠋ᠨ ᠴᠢᠳᠠᠮᠵᠢ ᠵᠡᠷᠭᠡ ᠪᠦᠬᠦ ᠶᠠᠪᠤᠴᠠ ᠶ᠋ᠢ ᠲᠠᠢᠯᠪᠤᠷᠢᠯᠠᠭᠤᠯᠵᠠᠢ᠃ ᠪᠠᠰᠠ ᠪᠣᠯᠪᠠᠰᠤᠷᠠᠯ ᠳ᠋ᠤ᠌ ᠣᠷᠤᠯᠴᠠᠭᠰᠠᠳ ᠢ᠋ ᠵᠢᠯᠤᠭᠤᠳᠤᠨ ᠭᠠᠷ ᠤᠲᠠᠰᠤ ᠪᠠ ᠺᠣᠮᠫᠢᠦ᠋ᠲ᠋ᠧᠷ ᠦ᠋ᠨ ᠱᠢᠰᠲ᠋ᠧᠮ ᠳ᠋ᠦ᠍ ᠠᠬᠤᠢ ᠲᠠᠯᠠᠪᠠᠢ ᠳ᠋ᠤ᠌ ᠳᠠᠩᠰᠠᠯᠠᠭᠤᠯᠵᠠᠢ᠃ ᠡᠨᠡ ᠤᠳᠠᠭᠠᠨ ᠤ᠋ ᠪᠣᠯᠪᠠᠰᠤᠷᠠᠯ ᠪᠠᠭᠠᠷᠢᠨ ᠵᠡᠭᠦᠨ ᠬᠣᠱᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠦ᠌ ᠫᠠᠢᠰᠠ ᠢᠯᠡᠷᠬᠡᠢᠯᠡᠯ ᠦ᠋ᠨ ᠮᠣᠩᠭᠤᠯ ᠬᠢᠲᠠᠳ ᠣᠷᠴᠢᠭᠤᠯᠭ᠎ᠠ᠂ ᠬᠢᠨᠠᠨ ᠬᠠᠷᠭᠤᠭᠤᠯᠭ᠎ᠠ᠂ ᠬᠢᠨᠠᠯᠲᠠ ᠳ᠋ᠤ᠌ ᠰᠠᠢᠨ ᠰᠠᠢᠬᠠᠨ ᠠᠵᠢᠯᠯᠠᠬᠤ ᠣᠷᠴᠢᠨ ᠢ᠋ ᠬᠠᠩᠭᠠᠭᠰᠠᠨ ᠢ᠋ᠶ᠋ᠠᠷ ᠪᠠᠷᠠᠬᠤ ᠦᠭᠡᠢ ᠬᠠᠮᠢᠶ᠎ᠠ ᠪᠦᠬᠦᠢ ᠪᠠᠢᠭᠤᠯᠭ᠎ᠠ ᠨᠢᠭᠡᠴᠢ ᠶ᠋ᠢᠨ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠠᠵᠢᠯ ᠤ᠋ᠨ ᠬᠠᠮᠵᠢᠯᠴᠠᠭ᠎ᠠ ᠶ᠋ᠢ ᠠᠬᠢᠭᠤᠯᠵᠤ᠂ ᠪᠦᠬᠦ ᠬᠣᠱᠢᠭᠤᠨ ᠤ᠋ ᠨᠡᠢᠭᠡᠮ ᠦ᠋ᠨ ᠥᠩᠭᠡᠨ ᠬᠡᠷᠡᠭᠯᠡᠭᠡᠨ ᠳ᠋ᠦ᠍ ᠮᠣᠩᠭᠤᠯ ᠬᠢᠲᠠᠳ ᠬᠣᠶᠠᠷ ᠵᠦᠢᠯ ᠦ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠠᠵᠢᠯ ᠢ᠋ ᠱᠢᠨ᠎ᠡ ᠨᠢᠭᠡᠨ ᠳᠡᠭᠲᠡᠷ ᠲᠦ᠍ ᠠᠬᠢᠭᠤᠯᠵᠠᠢ᠃

 

 

ᠣᠷᠴᠢᠭᠤᠯᠤᠭᠴᠢ᠄ ᠴᠠᠨ᠎ᠠ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠴᠠᠨ᠎ᠠ

ᠸᠢᠴᠠᠲ ᠲᠤ ᠪᠠᠨ ᠬᠤᠪᠢᠶᠠᠯᠴᠠᠬᠤ