ᠪᠤᠭᠤᠲᠤ ᠬᠣᠲᠠ ᠶ᠋ᠢᠨ ᠵᠢᠦ ᠶᠤᠸᠠᠨ ᠲᠣᠭᠤᠷᠢᠭ ᠠᠷᠪᠠᠨ ᠭᠤᠷᠪᠠᠳᠤᠭᠠᠷ ᠤᠳᠠᠭᠠᠨ ᠤ᠋ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠪᠣᠯᠤᠨ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠭᠰᠡᠨ ᠵᠢᠱ᠌ᠢᠶᠡᠴᠢᠳ ᠢ᠋ ᠰᠠᠢᠰᠢᠶᠠᠨ ᠬᠥᠬᠢᠭᠦᠯᠬᠦ ᠬᠤᠷᠠᠯ ᠢ᠋ ᠬᠤᠷᠠᠯᠳᠤᠭᠤᠯᠪᠠ
ᠢᠷᠡᠯᠲᠡ᠄ ᠪᠤᠭᠤᠲᠤ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ
2018.10.11

 

ᠣᠢᠷ᠎ᠠ ᠳ᠋ᠤ᠌ ᠪᠤᠭᠤᠲᠤ ᠬᠣᠲᠠ ᠶ᠋ᠢᠨ ᠵᠢᠦ ᠶᠤᠸᠠᠨ ᠲᠣᠭᠤᠷᠢᠭ ᠠᠷᠪᠠᠨ ᠭᠤᠷᠪᠠᠳᠤᠭᠠᠷ ᠤᠳᠠᠭᠠᠨ ᠤ᠋ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠪᠣᠯᠤᠨ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠭᠰᠡᠨ ᠵᠢᠱ᠌ᠢᠶᠡᠴᠢᠳ ᠢ᠋ ᠰᠠᠢᠰᠢᠶᠠᠨ ᠬᠥᠬᠢᠭᠦᠯᠬᠦ ᠬᠤᠷᠠᠯ ᠢ᠋ ᠵᠢᠦ ᠶᠤᠸᠠᠨ ᠲᠣᠭᠤᠷᠢᠭ ᠤ᠋ᠨ ᠨᠠᠮ ᠵᠠᠰᠠᠭ ᠤ᠋ᠨ ᠶᠡᠬᠡ ᠠᠰᠠᠷ ᠲᠤ᠌ ᠬᠤᠷᠠᠯᠳᠤᠭᠤᠯᠪᠠ᠃ ᠪᠤᠭᠤᠲᠤ ᠬᠣᠲᠠ ᠶ᠋ᠢᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ᠂ ᠵᠢᠦ ᠶᠤᠸᠠᠨ ᠲᠣᠭᠤᠷᠢᠭ ᠤ᠋ᠨ ᠨᠠᠮ ᠤ᠋ᠨ ᠬᠣᠷᠢᠶ᠎ᠠ ᠵᠠᠰᠠᠭ ᠤ᠋ᠨ ᠣᠷᠳᠤᠨ᠂ ᠲᠣᠭᠤᠷᠢᠭ ᠤ᠋ᠨ ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ᠂ ᠤᠯᠤᠰ ᠲᠥᠷᠦ ᠶ᠋ᠢᠨ ᠵᠥᠪᠯᠡᠯᠭᠡᠨ ᠵᠡᠷᠭᠡ ᠪᠠᠢᠭᠤᠯᠭ᠎ᠠ ᠶ᠋ᠢᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳ᠋ᠤ᠌ ᠣᠷᠤᠯᠴᠠᠵᠠᠢ᠃

ᠬᠤᠷᠠᠯ ᠳ᠋ᠤ᠌ 《 ᠪᠦᠬᠦ ᠲᠣᠭᠤᠷᠢᠭ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠪᠣᠯᠤᠨ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠭᠰᠡᠨ ᠵᠢᠱ᠌ᠢᠶᠡᠴᠢ ᠬᠠᠮᠲᠤ ᠨᠢᠭᠡᠴᠢ ᠪᠠ ᠵᠢᠱ᠌ᠢᠶᠡᠴᠢ ᠬᠤᠪᠢ ᠬᠥᠮᠦᠨ ᠢ᠋ ᠰᠠᠢᠰᠢᠶᠠᠨ ᠬᠥᠬᠢᠭᠦᠯᠬᠦ ᠲᠤᠬᠠᠢ ᠰᠢᠢᠳᠪᠦᠷᠢ》 ᠶ᠋ᠢ ᠵᠠᠷᠯᠠᠨ ᠨᠡᠢᠲᠡᠯᠡᠵᠦ᠂ ᠱᠠᠩᠨᠠᠯ ᠣᠯᠭᠤᠬᠤ ᠶᠣᠰᠤᠯᠠᠯ ᠬᠢᠵᠦ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ 27 ᠵᠢᠱ᠌ᠢᠶᠡᠴᠢ ᠬᠠᠮᠲᠤ ᠨᠢᠭᠡᠴᠢ᠂ 20 ᠵᠢᠱ᠌ᠢᠶᠡᠴᠢ ᠬᠤᠪᠢ ᠬᠥᠮᠦᠨ᠂ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠭᠰᠡᠨ 5 ᠵᠢᠱ᠌ᠢᠶᠡᠴᠢ ᠨᠢᠭᠡᠴᠢ᠂ 10 ᠵᠢᠱ᠌ᠢᠶᠡᠴᠢ ᠬᠤᠪᠢ ᠬᠥᠮᠦᠨ᠂ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠡᠶ᠎ᠡ ᠵᠣᠬᠢᠴᠠᠩᠭᠤᠢ 10 ᠭᠠᠴᠠᠭ᠎ᠠ ᠲᠣᠰᠭᠤᠨ(ᠨᠡᠢᠭᠡᠮ ᠲᠣᠭᠤᠷᠢᠭ)᠂ 10 ᠭᠡᠷ ᠪᠦᠯᠢ ᠶ᠋ᠢ ᠰᠠᠢᠰᠢᠶᠠᠨ ᠬᠥᠬᠢᠭᠦᠯᠵᠡᠢ᠃

ᠬᠤᠷᠠᠯ ᠠ᠋ᠴᠠ ᠳᠠᠷᠠᠭ᠎ᠠ ᠠᠯᠬᠤᠮ ᠤ᠋ᠨ ᠠᠵᠢᠯ ᠳ᠋ᠤ᠌᠄ ᠨᠢᠭᠡ ᠳ᠋ᠤ᠌᠂ ᠲᠠᠨᠢᠯᠲᠠ ᠪᠠᠨ ᠤᠯᠠᠮ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢ ᠠᠵᠢᠯ ᠤ᠋ᠨ ᠰᠠᠭᠤᠷᠢ ᠪᠠ ᠪᠠᠲᠤᠯᠠᠭ᠎ᠠ ᠪᠣᠯᠭᠠᠬᠤ ᠶ᠋ᠢ ᠪᠠᠷᠢᠮᠲᠠᠯᠠᠵᠤ᠂ ᠤᠯᠤᠰ ᠲᠥᠷᠦ ᠶ᠋ᠢᠨ ᠵᠣᠭᠰᠤᠴᠠ ᠥᠨᠳᠦᠷ ᠪᠥᠭᠡᠳ ᠰᠡᠷᠭᠡᠭ ᠴᠢᠩᠭ᠎ᠠ ᠪᠠᠢᠬᠤ ᠬᠡᠷᠡᠭᠲᠡᠢ᠃ ᠵᠢᠦ ᠶᠤᠸᠠᠨ ᠲᠣᠭᠤᠷᠢᠭ ᠤ᠋ᠨ ᠥᠷᠭᠡᠨ ᠣᠯᠠᠨ ᠨᠠᠮ ᠤ᠋ᠨ ᠭᠡᠰᠢᠭᠦᠨ ᠺᠠᠲᠷ ᠣᠯᠠᠨ ᠲᠦᠮᠡᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠠᠵᠢᠯ ᠤ᠋ᠨ ᠴᠢᠬᠤᠯᠠ ᠴᠢᠨᠠᠷ ᠤ᠋ᠨ ᠲᠠᠨᠢᠯᠲᠠ ᠪᠠᠨ ᠴᠠᠭᠠᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠲᠤᠬᠠᠢ ᠴᠢᠬᠤᠯᠠ ᠥᠭᠦᠯᠡᠯᠲᠡ ᠶ᠋ᠢᠨ ᠭᠣᠣᠯᠳᠠᠯᠭ᠎ᠠ ᠪᠠ ᠴᠢᠬᠤᠯᠠ ᠠᠭᠤᠯᠭ᠎ᠠ ᠶ᠋ᠢ ᠭᠦᠨᠵᠡᠭᠡᠢ ᠣᠢᠯᠠᠭᠠᠨ ᠡᠵᠡᠮᠰᠢᠵᠦ᠂ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠳᠦᠷᠢᠮ ᠢ᠋ ᠯᠠᠪᠳᠠᠭᠤᠨ ᠪᠠᠲᠤᠲᠠᠢ ᠲᠤᠭᠤᠰᠢᠯᠠᠭᠤᠯᠤᠨ ᠬᠡᠷᠡᠭᠵᠢᠭᠦᠯᠵᠦ᠂  ᠬᠠᠮᠲᠤᠪᠠᠷ ᠴᠡᠴᠡᠭᠯᠡᠨ ᠬᠥᠭᠵᠢᠬᠦ ᠦᠨᠳᠦᠰᠦᠲᠡᠨ ᠦ᠌ ᠪᠦᠯᠬᠦᠮᠳᠡᠯ ᠦ᠋ᠨ ᠶᠡᠬᠡ ᠲᠠᠯ᠎ᠠ ᠶ᠋ᠢ ᠰᠠᠢᠲᠤᠷ ᠪᠠᠲᠤᠯᠠᠨ ᠬᠠᠮᠠᠭᠠᠯᠠᠵᠤ᠂ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠠᠵᠢᠯ ᠢ᠋ ᠰᠢᠨ᠎ᠡ ᠳᠡᠭᠲᠡᠷ ᠰᠢᠨ᠎ᠡ ᠬᠢᠷᠢ ᠲᠦᠪᠰᠢᠨ ᠳ᠋ᠤ᠌ ᠠᠬᠢᠭᠤᠯᠵᠤ᠂ ᠠᠵᠤ ᠠᠬᠤᠢ ᠶ᠋ᠢᠨ ᠴᠢᠨᠠᠷᠵᠢᠭᠤᠨ ᠬᠥᠭᠵᠢᠯᠲᠡ ᠶ᠋ᠢ ᠪᠡᠶᠡᠯᠡᠭᠦᠯᠵᠦ᠂ ᠣᠳᠣᠬᠢᠴᠢᠯᠠᠭᠰᠠᠨ ᠲᠥᠪ ᠬᠣᠲᠠ ᠲᠣᠭᠤᠷᠢᠭ ᠢ᠋ ᠪᠠᠢᠭᠤᠯᠬᠤ ᠳ᠋ᠤ᠌ ᠪᠠᠲᠤᠯᠠᠭ᠎ᠠ ᠬᠠᠩᠭᠠᠬᠤ ᠬᠡᠷᠡᠭᠲᠡᠢ᠃ ᠬᠣᠶᠠᠷ ᠲᠤ᠌᠂ ᠤᠳᠤᠷᠢᠳᠤᠯᠭ᠎ᠠ ᠪᠠᠨ ᠤᠯᠠᠮ ᠴᠢᠩᠭᠠᠳᠭᠠᠬᠤ ᠬᠡᠷᠡᠭᠲᠡᠢ᠃ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢ ᠨᠠᠮ ᠤ᠋ᠨ ᠤᠳᠤᠷᠢᠳᠤᠯᠭ᠎ᠠ ᠶ᠋ᠢ ᠴᠢᠩᠭᠠᠳᠭᠠᠬᠤ ᠶ᠋ᠢᠨ ᠠᠴᠢᠶᠠᠯᠠᠭᠴᠢ ᠪᠠ ᠭᠠᠷᠳᠠᠬᠤ ᠴᠡᠭ ᠪᠣᠯᠭᠠᠬᠤ ᠶ᠋ᠢ ᠪᠠᠷᠢᠮᠲᠠᠯᠠᠵᠤ᠂ ᠨᠠᠮ ᠤ᠋ᠨ ᠤᠳᠤᠷᠢᠳᠤᠯᠭ᠎ᠠ ᠶ᠋ᠢ ᠴᠢᠩᠭᠠᠳᠭᠠᠬᠤ ᠬᠡᠷᠡᠭᠲᠡᠢ᠃ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ᠂ ᠡᠯ᠎ᠡ ᠪᠠᠢᠭᠤᠯᠭ᠎ᠠ ᠨᠢᠭᠡᠴᠢ ᠤᠯᠤᠰ ᠲᠥᠷᠦ ᠶ᠋ᠢᠨ ᠵᠣᠭᠰᠤᠴᠠ ᠠ᠋ᠴᠠ ᠦᠨᠳᠦᠰᠦᠲᠡᠨ ᠤ᠋ ᠬᠠᠷᠢᠴᠠᠭ᠎ᠠ ᠶ᠋ᠢ ᠡᠵᠡᠮᠰᠢᠵᠦ᠂ ᠦᠨᠳᠦᠰᠦᠲᠡᠨ ᠦ᠌ ᠠᠰᠠᠭᠤᠳᠠᠯ ᠳ᠋ᠤ᠌ ᠬᠠᠨᠳᠤᠵᠤ᠂ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠠᠵᠢᠯ ᠢ᠋ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠶᠡᠷᠦᠩᠬᠡᠢ ᠲᠥᠯᠦᠪᠵᠢᠭᠦᠯᠭᠡ ᠳ᠋ᠦ᠍ ᠣᠷᠤᠭᠤᠯᠵᠤ᠂ ᠡᠳᠦᠷ ᠲᠤᠲᠤᠮ ᠤ᠋ᠨ ᠴᠢᠬᠤᠯᠠ ᠵᠥᠪᠯᠡᠬᠦ ᠵᠦᠢᠯ ᠪᠣᠯᠭᠠᠬᠤ ᠬᠡᠷᠡᠭᠲᠡᠢ᠃ ᠭᠤᠷᠪᠠ ᠳ᠋ᠤ᠌᠂ ᠠᠵᠢᠯᠯᠠᠭ᠎ᠠ ᠪᠠᠨ ᠤᠯᠠᠮ ᠡᠷᠴᠢᠮᠵᠢᠭᠦᠯᠬᠦ ᠬᠡᠷᠡᠭᠲᠡᠢ᠃ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢ ᠬᠥᠭᠵᠢᠯᠲᠡ ᠶ᠋ᠢᠨ ᠭᠣᠣᠯᠳᠠᠯᠭ᠎ᠠ ᠪᠠ ᠵᠠᠩᠭᠢᠯᠠᠭ᠎ᠠ ᠪᠣᠯᠭᠠᠬᠤ ᠬᠡᠷᠡᠭᠲᠡᠢ᠃ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ᠂ ᠡᠯ᠎ᠡ ᠪᠠᠢᠭᠤᠯᠭ᠎ᠠ ᠨᠢᠭᠡᠴᠢ ᠬᠥᠭᠵᠢᠯᠲᠡ ᠶ᠋ᠢᠨ ᠠᠷᠭ᠎ᠠ ᠠᠪᠴᠠᠯ ᠢ᠋ᠶ᠋ᠠᠨ ᠡᠷᠴᠢᠮᠵᠢᠭᠦᠯᠵᠦ᠂ ᠬᠥᠭᠵᠢᠯᠲᠡ ᠶ᠋ᠢᠨ ᠬᠠᠮᠲᠤ ᠶ᠋ᠢᠨ ᠬᠦᠴᠦᠨ ᠢ᠋ ᠨᠢᠭᠲᠠᠷᠠᠭᠤᠯᠵᠤ᠂ ᠬᠥᠭᠵᠢᠯᠲᠡ ᠳ᠋ᠤ᠌ ᠲᠤᠯᠭᠠᠷᠠᠭᠰᠠᠨ ᠪᠡᠷᠬᠡ ᠠᠰᠠᠭᠤᠳᠠᠯ ᠢ᠋ ᠰᠢᠢᠳᠪᠦᠷᠢᠯᠡᠵᠦ᠂ ᠵᠢᠦ ᠶᠤᠸᠠᠨ ᠲᠣᠭᠤᠷᠢᠭ ᠢ᠋ ᠪᠥᠬᠦ ᠬᠣᠲᠠ᠂ ᠲᠡᠷᠡᠴᠢᠯᠡᠨ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠠᠵᠢᠯ ᠤ᠋ᠨ ᠨᠡᠢᠲᠡᠯᠢᠭ ᠲᠣᠭᠤᠷᠢᠭ ᠪᠠ ᠵᠢᠱ᠌ᠢᠶ᠎ᠡ ᠦᠵᠡᠭᠦᠯᠬᠦ ᠲᠣᠭᠤᠷᠢᠭ ᠪᠣᠯᠭᠠᠨ ᠪᠦᠲᠦᠭᠡᠨ ᠪᠠᠢᠭᠤᠯᠬᠤ ᠬᠡᠷᠡᠭᠲᠡᠢ ᠭᠡᠵᠡᠢ᠃

 

 

ᠣᠷᠴᠢᠭᠤᠯᠤᠭᠴᠢ᠄ ᠴᠠᠨ᠎ᠠ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠴᠠᠨ᠎ᠠ

 

ᠸᠢᠴᠠᠲ ᠲᠤ ᠪᠠᠨ ᠬᠤᠪᠢᠶᠠᠯᠴᠠᠬᠤ