ᠪᠦᠬᠦ ᠣᠷᠤᠨ ᠤ᠋ ᠲᠠᠪᠤᠳᠤᠭᠠᠷ ᠤᠳᠠᠭᠠᠨ ᠤ᠋ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠤ᠋ ᠬᠠᠮᠲᠤ ᠨᠢᠭᠡᠴᠢ ᠪᠠ ᠲᠡᠷᠢᠭᠦᠨ ᠤ᠋ ᠬᠤᠪᠢ ᠬᠥᠮᠦᠨ ᠢ᠋ ᠱᠠᠩᠨᠠᠨ ᠬᠥᠬᠢᠭᠦᠯᠬᠦ ᠶᠡᠬᠡ ᠬᠤᠷᠠᠯ ᠬᠤᠷᠠᠯᠳᠤᠭᠤᠯᠪᠠ
ᠢᠷᠡᠯᠲᠡ᠄ ᠦᠨᠳᠦᠰᠦᠲᠡᠨ ᠤ᠋ ᠬᠡᠯᠡ ᠪᠢᠴᠢᠭ ᠤ᠋ᠨ ᠭᠠᠵᠠᠷ
2018.12.06

 

ᠪᠦ ᠰᠢᠶᠣᠣ ᠯᠢᠨ ᠲᠡᠷᠢᠭᠦᠨ ᠤ᠋ ᠬᠠᠮᠲᠤ ᠨᠢᠭᠡᠴᠢ ᠪᠠ ᠲᠡᠷᠢᠭᠦᠨ ᠤ᠋ ᠬᠤᠪᠢ ᠬᠥᠮᠦᠨ  ᠤ᠋ ᠲᠥᠯᠦᠭᠡᠯᠡᠭᠴᠢᠳ ᠲᠤ᠌ ᠱᠠᠩᠨᠠᠯ ᠭᠠᠷᠳᠠᠭᠤᠯᠪᠠ

12  ᠳ᠋ᠤᠭᠠᠷ ᠰᠠᠷ᠎ᠠ ᠶ᠋ᠢᠨ 5 ᠤ᠋ ᠡᠳᠦᠷ ᠪᠦᠬᠦ ᠣᠷᠤᠨ ᠤ᠋ ᠲᠠᠪᠤᠳᠤᠭᠠᠷ ᠤᠳᠠᠭᠠᠨ ᠤ᠋ ᠮᠣᠩᠭᠤᠯ ᠬᠡᠯᠡ ᠪᠢᠴᠢᠭ ᠰᠤᠷᠴᠤ ᠬᠡᠷᠡᠭᠯᠡᠭᠰᠡᠨ ᠲᠡᠷᠢᠭᠦᠨ ᠤ᠋ ᠬᠠᠮᠲᠤ ᠨᠢᠭᠡᠴᠢ ᠪᠠ ᠲᠡᠷᠢᠭᠦᠨ ᠤ᠋ ᠬᠤᠪᠢ ᠬᠥᠮᠦᠨ ᠢ᠋ ᠱᠠᠩᠨᠠᠨ ᠬᠥᠬᠢᠭᠦᠯᠬᠦ ᠶᠡᠬᠡ ᠬᠤᠷᠠᠯ ᠬᠥᠬᠡᠬᠣᠲᠠ ᠳ᠋ᠤ᠌ ᠪᠣᠯᠪᠠ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋  ᠵᠠᠰᠠᠭ ᠤ᠋ᠨ ᠣᠷᠳᠤᠨ ᠡᠴᠡ ᠪᠦᠬᠦ ᠣᠷᠤᠨ ᠤ᠋ ᠡᠯ᠎ᠡ ᠠᠵᠢᠯ ᠤ᠋ᠨ ᠹᠷᠣᠨᠲ᠋ ᠡᠴᠡ ᠢᠷᠡᠭᠰᠡᠨ 98 ᠲᠡᠷᠢᠭᠦᠨ ᠤ᠋ ᠬᠠᠮᠲᠤ ᠨᠢᠭᠡᠴᠢ ᠪᠠ 147 ᠲᠡᠷᠢᠭᠦᠨ ᠤ᠋ ᠬᠤᠪᠢ ᠬᠥᠮᠦᠨ  ᠢ᠋ ᠱᠠᠩᠨᠠᠨ ᠬᠥᠬᠢᠭᠦᠯᠪᠡ᠃

ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ  ᠤ᠋ ᠳᠡᠳ᠋ ᠱᠦᠵᠢ᠂ ᠥᠪᠡᠷᠲᠡᠭᠡᠨ ᠵᠠᠰᠠᠬᠤ ᠣᠷᠤᠨ ᠤ᠋ ᠲᠡᠷᠢᠭᠦᠯᠡᠭᠴᠢ ᠪᠦ ᠰᠢᠶᠣᠣ ᠯᠢᠨ᠂ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠰᠢᠭᠦᠨ᠂ ᠨᠢᠭᠡᠲᠦᠮᠡᠯ ᠹᠷᠣᠨᠲ᠋ ᠤ᠋ᠨ ᠬᠡᠯᠲᠡᠰ ᠤ᠋ᠨ ᠳᠠᠷᠤᠭ᠎ᠠ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠲᠥᠯᠦᠭᠡᠯᠡᠭᠴᠢᠳ ᠤ᠋ᠨ ᠶᠡᠬᠡ  ᠬᠤᠷᠠᠯ ᠤ᠋ᠨ  ᠪᠠᠢᠩᠭᠤ ᠶ᠋ᠢᠨ ᠬᠣᠷᠢᠶᠠᠨ ᠤ᠋ ᠳᠡᠳ᠋ ᠡᠷᠬᠢᠯᠡᠭᠴᠢ ᠡᠦ ᠲᠤᠸᠠᠨ ᠶᠢᠩ᠂ ᠥᠪᠡᠷᠲᠡᠭᠡᠨ ᠵᠠᠰᠠᠬᠤ ᠣᠷᠤᠨ ᠤ᠋ ᠳᠡᠳ᠋ ᠲᠡᠷᠢᠭᠦᠯᠡᠭᠴᠢ ᠪᠤᠤ ᠭᠠᠩ᠂ ᠥᠪᠡᠷᠲᠡᠭᠡᠨ ᠵᠠᠰᠠᠬᠤ ᠣᠷᠤᠨ ᠤ᠋ ᠤᠯᠤᠰ ᠲᠥᠷᠦ ᠶ᠋ᠢᠨ ᠵᠥᠪᠯᠡᠯᠭᠡᠨ ᠤ᠋ ᠳᠡᠳ᠋ ᠲᠠᠷᠢᠭᠦᠯᠡᠭᠴᠢ ᠯᠢᠣ ᠰᠢᠨ ᠯᠧ ᠨᠠᠷ ᠬᠤᠷᠠᠯ ᠳ᠋ᠤ᠌ ᠣᠷᠤᠯᠴᠠᠵᠤ ᠂ ᠲᠡᠷᠢᠭᠦᠨ ᠤ᠋ ᠬᠠᠮᠲᠤ ᠨᠢᠭᠡᠴᠢ ᠪᠠ ᠲᠡᠷᠢᠭᠦᠨ ᠤ᠋ ᠬᠤᠪᠢ ᠬᠥᠮᠦᠨ  ᠤ᠋ ᠲᠥᠯᠦᠭᠡᠯᠡᠭᠴᠢᠳ ᠲᠤ᠌ ᠱᠠᠩᠨᠠᠯ ᠭᠠᠷᠳᠠᠭᠤᠯᠪᠠ᠃

         

 

ᠬᠤᠷᠠᠯ  ᠡᠴᠡ᠂ ᠮᠣᠩᠭᠤᠯ  ᠬᠡᠯᠡ ᠪᠢᠴᠢᠭ ᠤ᠋ᠨ ᠠᠵᠢᠯ ᠢ᠋ ᠤᠯᠠᠮ ᠰᠠᠢᠨ ᠬᠢᠬᠦ ᠲᠤᠬᠠᠢ ᠲᠣᠬᠢᠷᠠᠭᠤᠯᠤᠨ᠂  ᠶᠡᠷᠦᠩᠬᠡᠢ ᠱᠦᠵᠢ ᠰᠢ ᠵᠢᠨ ᠫᠢᠩ ᠤ᠋ᠨ ᠦᠨᠳᠦᠰᠦᠲᠡᠨ ᠤ᠋ ᠠᠵᠢᠯ ᠤ᠋ᠨ ᠴᠢᠬᠤᠯᠠ ᠶᠠᠷᠢᠶ᠎ᠠ ᠶ᠋ᠢ ᠰᠠᠢᠲᠤᠷ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶ᠋ᠢᠨ ᠮᠣᠩᠭᠤᠯ  ᠬᠡᠯᠡ ᠪᠢᠴᠢᠭ ᠤ᠋ᠨ ᠠᠵᠢᠯ  ᠢ᠋ ᠰᠠᠢᠲᠤᠷ ᠬᠢᠬᠦ ᠬᠠᠷᠢᠭᠤᠴᠠᠯᠭᠠᠲᠤ ᠰᠡᠳᠭᠢᠯᠭᠡ ᠶ᠋ᠢ ᠦᠨᠡᠨ ᠬᠦ᠌ ᠴᠢᠩᠭᠠᠷᠠᠭᠤᠯᠬᠤ;ᠥᠪᠦᠷ ᠮᠣᠩᠭᠤᠯ ᠤ᠋ᠨ ᠪᠣᠳᠠᠲᠤ ᠪᠠᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠢᠨ᠎ᠡ  ᠴᠠᠭ ᠦᠶ᠎ᠡ ᠶ᠋ᠢᠨ ᠮᠣᠩᠭᠤᠯ  ᠬᠡᠯᠡ ᠪᠢᠴᠢᠭ ᠤ᠋ᠨ ᠠᠵᠢᠯ ᠢ᠋ ᠯᠠᠪᠳᠠᠭᠤᠨ ᠪᠠᠲᠤᠲᠠᠢ ᠬᠢᠵᠦ᠂ ᠮᠣᠩᠭᠤᠯ ᠦᠭᠡ ᠬᠡᠯᠡ ᠦᠰᠦᠭ ᠪᠢᠴᠢᠭ ᠤ᠋ᠨ ᠬᠠᠤᠯᠢᠵᠢᠭᠤᠯᠤᠯᠲᠠ᠂ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠪᠠ ᠮᠡᠳᠡᠭᠡ ᠵᠠᠩᠭᠢᠵᠢᠯᠲᠠ ᠶ᠋ᠢ ᠠᠬᠢᠭᠤᠯᠬᠤ; ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ  ᠪᠠᠨ ᠨᠡᠢᠳᠡᠮ ᠴᠢᠩᠭᠠᠳᠭᠠᠵᠤ᠂ ᠰᠢᠨ᠎ᠡ ᠴᠠᠭ ᠦᠶ᠎ᠡ ᠶ᠋ᠢᠨ ᠮᠣᠩᠭᠤᠯ ᠬᠡᠯᠡ ᠪᠢᠴᠢᠭ ᠤ᠋ᠨ ᠦᠢᠯᠡᠰ ᠤ᠋ᠨ ᠬᠥᠭᠵᠢᠯ ᠴᠡᠴᠡᠭᠯᠡᠯ ᠢ᠋ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠪᠦᠬᠦ ᠣᠷᠤᠨ ᠤ᠋ ᠡᠯ᠎ᠡ  ᠱᠠᠲᠦᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠤᠨ ᠦᠨᠳᠦᠰᠦᠲᠡᠨ ᠤ᠋ ᠨᠠᠮ ᠤ᠋ᠨ ᠲᠤᠬᠠᠢ ᠲᠥᠷᠦ ᠶ᠋ᠢᠨ ᠪᠣᠳᠤᠯᠭ᠎ᠠ ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ  ᠬᠡᠷᠡᠭᠵᠢᠭᠦᠯᠵᠦ᠂ ᠮᠣᠩᠭᠤᠯ ᠬᠡᠯᠡ ᠪᠢᠴᠢᠭ ᠤ᠋ᠨ ᠠᠵᠢᠯ ᠢ᠋《 ᠦᠨᠳᠦᠰᠦᠲᠡᠨ ᠤ᠋ ᠪᠦᠯᠬᠦᠮᠳᠡᠯ ᠢ᠋ ᠬᠠᠮᠠᠭᠠᠯᠠᠵᠤ᠂ ᠦᠵᠡᠰᠭᠦᠯᠡᠩᠲᠤ ᠰᠠᠢᠬᠠᠨ ᠥᠪᠦᠷ ᠮᠣᠩᠭᠤᠯ ᠢ᠋ ᠴᠣᠭᠴᠠᠯᠠᠨ ᠪᠠᠢᠭᠤᠯᠬᠤ》 ᠴᠢᠬᠤᠯᠠ ᠪᠠᠢᠷᠢᠨ ᠳ᠋ᠤ᠌ ᠲᠠᠯᠪᠢᠵᠦ᠂ ᠮᠣᠩᠭᠤᠯ ᠢ᠋ᠶ᠋ᠡᠷ ᠬᠢᠴᠢᠶᠠᠯᠯᠡᠬᠦ ᠪᠡᠷ ᠭᠣᠣᠯᠯᠠᠭᠰᠠᠨ ᠦᠨᠳᠦᠰᠦᠲᠡᠨ ᠤ᠋ ᠰᠤᠷᠭᠠᠨ ᠬᠥᠮᠦᠵᠢᠯ  ᠪᠣᠯᠤᠨ ᠮᠣᠩᠭᠤᠯ ᠬᠡᠯᠡ ᠦᠰᠦᠭ ᠪᠢᠴᠢᠭ ᠤ᠋ᠨ ᠪᠠᠷᠢᠮᠵᠢᠶᠠᠵᠢᠭᠤᠯᠤᠯᠲᠠ᠂ ᠳᠦᠷᠢᠮᠵᠢᠭᠦᠯᠦᠯᠲᠡ᠂ ᠮᠡᠳᠡᠭᠡ ᠵᠠᠩᠭᠢᠵᠢᠯᠲᠠ ᠶ᠋ᠢᠨ ᠪᠠᠢᠭᠤᠯᠤᠯᠲᠠ ᠶ᠋ᠢ ᠠᠬᠢᠭᠤᠯᠵᠤ᠂ ᠨᠡᠢᠭᠡᠮ ᠤ᠋ᠨ ᠭᠠᠳᠠᠷ ᠬᠡᠷᠡᠭᠯᠡᠭᠡᠨ  ᠳ᠋ᠤ᠌ ᠮᠣᠩᠭᠤᠯ ᠬᠢᠲᠠᠳ ᠬᠣᠶᠠᠷ ᠵᠦᠢᠯ ᠤ᠋ᠨ ᠦᠰᠦᠭ ᠪᠢᠴᠢᠭ ᠢ᠋ ᠵᠡᠷᠭᠡ ᠪᠡᠷ ᠬᠡᠷᠡᠭᠯᠡᠬᠦ ᠠᠵᠢᠯ ᠢ᠋ ᠯᠠᠪᠳᠠᠭᠤᠨ ᠠᠬᠢᠭᠤᠯᠵᠤ᠂ ᠨᠠᠢ᠍ᠮᠠᠨ ᠮᠤᠵᠢ ᠣᠷᠤᠨ ᠤ᠋ ᠮᠣᠩᠭᠤᠯ  ᠬᠡᠯᠡ ᠪᠢᠴᠢᠭ ᠤ᠋ᠨ ᠬᠠᠮᠵᠢᠯᠴᠠᠭ᠎ᠠ ᠶ᠋ᠢ ᠤᠯᠠᠮ ᠥᠷᠭᠡᠵᠢᠵᠦ᠂ ᠮᠣᠩᠭᠤᠯ ᠬᠡᠯᠡ ᠪᠢᠴᠢᠭ ᠤ᠋ᠨ ᠦᠢᠯᠡᠴᠢᠯᠡᠭᠡᠨ ᠪ ᠬᠠᠮᠢᠶᠠᠷᠤᠯᠲᠠ  ᠶ᠋ᠢᠨ ᠲᠦᠪᠰᠢᠨ  ᠢ᠋ᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠪᠡ᠃

         

      ᠬᠤᠷᠠᠯ ᠳᠡᠭᠡᠷ᠎ᠡ ᠲᠡᠷᠢᠭᠦᠨ ᠤ᠋ ᠬᠠᠮᠲᠤ  ᠨᠢᠭᠡᠴᠢ ᠪᠠ ᠲᠡᠷᠢᠭᠦᠨ ᠤ᠋ ᠬᠤᠪᠢ ᠬᠥᠮᠦᠨ ᠤ᠋            ᠲᠥᠯᠦᠭᠡᠯᠡᠭᠴᠢ ᠨᠠᠷ ᠢᠯᠡᠳᠭᠡᠯ ᠬᠢᠵᠡᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ