ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠦᠨᠳᠦᠰᠦᠲᠡᠨ ᠦ ᠠᠵᠢᠯ ᠤᠨ ᠵᠣᠷᠢᠭ ᠰᠠᠨᠠᠭ᠎ᠠ ᠶ᠋ᠢ ᠢᠳᠡᠪᠬᠢᠲᠡᠢ ᠦᠢᠯᠡᠳᠦᠯᠭᠡᠵᠢᠭᠦᠯᠵᠦ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠬᠠᠮᠵᠢᠯᠴᠠᠬᠤ ᠠᠵᠢᠯ ᠢ ᠨᠡᠩ ᠰᠢᠨ᠎ᠡ ᠳᠡᠭᠲᠡᠷ ᠲᠦ ᠠᠬᠢᠭᠤᠯᠰᠤᠭᠠᠢ
ᠵᠣᠬᠢᠶᠠᠭᠴᠢ᠄ ᠴᠢ ᠶᠢᠨ ᠢᠦᠢ
2018.06.09

 

ᠥᠨᠥᠳᠦᠷ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠨᠠᠢ᠍ᠮᠠᠳᠤᠭᠠᠷ ᠤᠳᠠᠭᠠᠨ ᠤ᠋ ᠳᠤᠭᠤᠢᠯᠠᠩ ᠤᠨ ᠳᠠᠷᠤᠭ᠎ᠠ ᠨᠠᠷ ᠤᠨ ᠬᠤᠷᠠᠯ ᠪᠣᠯᠤᠨ ᠠᠷᠪᠠᠨ ᠳᠣᠯᠤᠳᠤᠭᠠᠷ ᠤᠳᠠᠭᠠᠨ ᠤ᠋ ᠭᠡᠰᠢᠭᠦᠳ ᠦ᠋ᠨ ᠬᠤᠷᠠᠯ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠲᠥᠪ ᠬᠥᠬᠡᠬᠣᠲᠠ ᠳ᠋ᠤ᠌ ᠦᠪᠡᠳᠡᠭᠰᠢ ᠶᠡᠬᠡ ᠪᠡᠷ ᠪᠣᠯᠤᠯ᠎ᠠ᠃ ᠬᠤᠷᠠᠯ ᠤᠨ ᠭᠣᠣᠯ ᠡᠭᠦᠷᠭᠡ ᠪᠣᠯ᠄ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ 2014 ᠣᠨ ᠳᠤ ᠬᠠᠷᠠᠮᠦ᠋ᠷᠡᠨ ᠮᠤᠵᠢ ᠳ᠋ᠤ᠌ ᠪᠣᠯᠤᠭᠰᠠᠨ ᠬᠤᠷᠠᠯ ᠠᠴᠠ ᠨᠠᠭᠠᠰᠢᠬᠢ ᠬᠠᠮᠵᠢᠯᠴᠠᠬᠤ ᠠᠵᠢᠯ ᠤᠨ ᠠᠮᠵᠢᠯᠲᠠ ᠪᠦᠲᠦᠮᠵᠢ ᠶ᠋ᠢ ᠬᠢᠨᠠᠮᠠᠭᠠᠢ ᠳ᠋ᠦᠩᠨᠡᠵᠦ᠂ ᠣᠳᠣᠬᠠᠨ ᠤ ᠪᠠ ᠬᠣᠢᠰᠢᠳᠠ ᠶ᠋ᠢᠨ ᠨᠢᠭᠡ ᠬᠤᠭᠤᠴᠠᠭᠠᠨ ᠤ ᠬᠠᠮᠵᠢᠯᠴᠠᠬᠤ ᠠᠵᠢᠯ ᠤᠨ ᠰᠢᠨ᠎ᠡ ᠬᠠᠷᠠᠯᠲᠠ᠂ ᠰᠢᠨ᠎ᠡ ᠡᠭᠦᠷᠭᠡ ᠶ᠋ᠢ ᠰᠤᠳᠤᠯᠤᠨ ᠪᠠᠢᠷᠢᠯᠠᠭᠤᠯᠵᠤ᠂ ᠰᠢᠨ᠎ᠡ ᠪᠠᠢᠳᠠᠯ ᠳᠣᠣᠷᠠᠬᠢ ᠬᠠᠮᠵᠢᠯᠴᠠᠬᠤ ᠠᠵᠢᠯ ᠤᠨ ᠠᠷᠭ᠎ᠠ ᠬᠡᠮᠵᠢᠶ᠎ᠡ ᠪᠣᠯᠤᠨ ᠠᠭᠤᠯᠭ᠎ᠠ ᠶ᠋ᠢ ᠶᠠᠷᠢᠯᠴᠠᠨ ᠵᠥᠪᠯᠡᠵᠦ᠂ ᠬᠠᠮᠵᠢᠯᠴᠠᠬᠤ ᠠᠵᠢᠯ ᠢ ᠤᠯᠠᠮ ᠰᠠᠢᠲᠤᠷ ᠬᠢᠵᠦ᠂ ᠨᠠᠢ᠍ᠮᠠᠨ ᠮᠤᠵᠢ ᠣᠷᠤᠨ ᠤ ᠠᠵᠤ ᠠᠬᠤᠢ ᠶᠢᠨ ᠨᠡᠢᠭᠡᠮ ᠦ᠋ᠨ ᠬᠥᠭᠵᠢᠯᠲᠡ ᠪᠣᠯᠤᠨ ᠦᠨᠳᠦᠰᠦᠲᠡᠨ ᠦ ᠪᠦᠯᠬᠦᠮᠳᠡᠯ ᠦ᠋ᠨ ᠶᠡᠬᠡ ᠪᠠᠢᠳᠠᠯ ᠳᠤ ᠤᠯᠠᠮ ᠰᠠᠢᠲᠤᠷ ᠦᠢᠯᠡᠴᠢᠯᠡᠬᠦ ᠳ᠋ᠦ᠍ ᠣᠷᠤᠰᠢᠨ᠎ᠠ᠃

ᠤᠯᠤᠰ ᠤ᠋ᠨ ᠦᠨᠳᠦᠰᠦᠲᠡᠨ ᠦ ᠵᠥᠪᠯᠡᠯ ᠪᠣᠯᠤᠨ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠵᠠᠰᠠᠭ ᠤᠨ ᠣᠷᠳᠤᠨ ᠲᠤᠰ ᠤᠳᠠᠭᠠᠨ ᠤ᠋ ᠬᠤᠷᠠᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠬᠠᠮᠵᠢᠯᠴᠠᠬᠤ ᠳᠤᠭᠤᠢᠯᠠᠩ ᠤᠨ ᠳᠠᠷᠤᠭ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠳᠡᠳ᠋ ᠲᠡᠷᠢᠭᠦᠯᠡᠭᠴᠢ ᠯᠢᠦ ᠰᠢᠨ ᠯᠧ ᠨᠥᠬᠦᠷ ᠬᠤᠷᠠᠯ ᠤᠨ ᠪᠡᠯᠡᠳᠭᠡᠯ ᠠᠵᠢᠯ ᠤᠨ ᠲᠤᠬᠠᠢ ᠣᠯᠠᠨ ᠤᠳᠠᠭ᠎ᠠ ᠮᠡᠳᠡᠭᠦᠯᠦᠯᠲᠡ  ᠰᠣᠨᠤᠰᠤᠭᠰᠠᠨ ᠪᠥᠭᠡᠳ ᠪᠡᠶᠡᠴᠢᠯᠡᠨ ᠵᠢᠯᠤᠭᠤᠳᠤᠭᠰᠠᠭᠠᠷ ᠢᠷᠡᠪᠡ᠃ ᠯᠢᠦ ᠰᠢᠨ ᠯᠧ ᠳᠡᠳ᠋ ᠲᠡᠷᠢᠭᠦᠯᠡᠭᠴᠢ ᠮᠥᠳᠳᠦ ᠴᠢᠬᠤᠯᠠ ᠶᠠᠷᠢᠶ᠎ᠠ ᠲᠠᠯᠪᠢᠬᠤ ᠪᠣᠯᠤᠨ᠎ᠠ᠃ ᠤᠯᠤᠰ ᠤ᠋ᠨ ᠦᠨᠳᠦᠰᠦᠲᠡᠨ ᠦ ᠵᠥᠪᠯᠡᠯ ᠦ᠋ᠨ ᠤᠤᠯ ᠤ᠋ᠨ ᠳᠡᠳ᠋ ᠡᠷᠬᠢᠯᠡᠭᠴᠢ ᠳ᠋ᠠᠨᠵᠤᠤᠷ — ᠠᠮᠪᠠᠨ ᠨᠥᠬᠦᠷ ᠤᠯᠤᠰ ᠤᠨ ᠦᠨᠳᠦᠰᠦᠲᠡᠨ ᠦ ᠵᠥᠪᠯᠡᠯ ᠦ᠋ᠨ ᠪᠠᠭᠠᠲᠤᠷ ᠡᠷᠬᠢᠯᠡᠭᠴᠢ ᠶᠢᠨ ᠨᠠᠢᠳᠠᠯᠭ᠎ᠠ ᠪᠠᠷ ᠬᠤᠷᠠᠯ ᠳᠤ ᠰᠠᠭᠠᠲᠠᠭᠰᠠᠨ ᠪᠥᠭᠡᠳ ᠡᠯ᠎ᠡ ᠬᠠᠮᠵᠢᠯᠴᠠᠬᠤ ᠮᠤᠵᠢ ᠣᠷᠤᠨ ᠤ᠋ ᠨᠦᠭᠦᠳ ᠬᠦᠴᠦᠲᠡᠢ ᠳᠡᠮᠵᠢᠭᠰᠡᠨ ᠪᠠᠢᠨ᠎ᠠ᠃ ᠡ᠊ᠨᠳᠡ ᠪᠢ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠪᠣᠯᠤᠨ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦᠨ ᠠᠵᠢᠯ ᠤᠨ ᠵᠥᠪᠯᠡᠯ ᠢ᠋ ᠲᠥᠯᠦᠭᠡᠯᠡᠨ ᠬᠤᠷᠠᠯ ᠳᠤ ᠣᠷᠤᠯᠴᠠᠭᠰᠠᠨ ᠤᠳᠤᠷᠢᠳᠤᠯᠭ᠎ᠠ ᠪᠣᠯᠤᠨ ᠭᠡᠰᠢᠭᠦᠳ ᠲᠦ᠍ ᠴᠢᠩ ᠰᠡᠳᠭᠢᠯ ᠦ᠋ᠨ ᠪᠠᠶᠠᠷ ᠲᠠᠯᠠᠷᠬᠠᠯ ᠢᠶᠠᠨ ᠳᠡᠪᠰᠢᠭᠦᠯᠵᠦ᠂ ᠪᠠᠶᠠᠷᠯᠠᠨ ᠤᠭᠲᠤᠵᠤ ᠪᠠᠢᠬᠤ ᠪᠠᠨ ᠢᠯᠡᠷᠬᠡᠢᠯᠡᠶ᠎ᠡ᠃ ᠣᠳᠤ ᠪᠢ ᠬᠠᠮᠵᠢᠯᠴᠠᠬᠤ ᠳᠤᠭᠤᠢᠯᠠᠩ ᠤᠨ ᠨᠠᠢᠳᠠᠯᠭ᠎ᠠ ᠪᠠᠷ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠃

 

ᠨᠢᠭᠡ᠂ ᠠᠵᠢᠯ ᠤᠨ ᠡᠷᠭᠢᠴᠡᠭᠦᠯᠦᠯ

 

2014 ᠣᠨ ᠠᠴᠠ ᠨᠠᠭᠠᠰᠢ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠬᠠᠮᠵᠢᠯᠴᠠᠬᠤ ᠳᠤᠭᠤᠢᠯᠠᠩ ᠪᠣᠯᠤᠨ ᠤᠯᠤᠰ ᠤ᠋ᠨ ᠦᠨᠳᠦᠰᠦᠲᠡᠨ ᠦ ᠵᠥᠪᠯᠡᠯ ᠦ᠋ᠨ ᠤᠳᠤᠷᠢᠳᠤᠯᠭ᠎ᠠ ᠳᠣᠣᠷ᠎ᠠ ᠡᠯ᠎ᠡ ᠬᠠᠮᠵᠢᠯᠴᠠᠬᠤ ᠮᠤᠵᠢ ᠣᠷᠤᠨ ᠤ ᠨᠠᠮ ᠤᠨ ᠬᠣᠷᠢᠶ᠎ᠠ ᠵᠠᠰᠠᠭ ᠤᠨ ᠣᠷᠳᠤᠨ ᠤ᠋ ᠬᠦᠴᠦᠲᠡᠢ ᠳᠡᠮᠵᠢᠯᠭᠡ ᠪᠣᠯᠤᠨ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠨᠢᠭᠲᠠ ᠬᠠᠮᠵᠢᠯᠴᠠᠭ᠎ᠠ ᠪᠠᠷ 《ᠦᠨᠡᠨ ᠡᠴᠡ ᠵᠥᠪ ᠢ᠋ ᠡᠷᠢᠬᠦ᠂ ᠴᠢᠳᠠᠯ ᠤᠨ ᠬᠢᠷᠢ ᠪᠡᠷ ᠢ᠋ᠶ᠋ᠡᠨ ᠠᠵᠢᠯᠯᠠᠬᠤ᠂ ᠳᠠᠪᠠᠭᠤᠯᠢᠭ ᠲᠠᠯ᠎ᠠ ᠪᠠᠷ ᠢᠶᠠᠨ ᠳᠤᠲᠠᠭᠤ ᠲᠠᠯ᠎ᠠ ᠪᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠪᠠᠢᠬᠤ᠂ ᠬᠠᠮᠲᠤ ᠪᠠᠷ ᠬᠥᠭᠵᠢᠬᠦ》 ᠬᠠᠮᠵᠢᠯᠴᠠᠬᠤ ᠵᠠᠷᠴᠢᠮ ᠢ ᠮᠥᠷᠳᠡᠵᠦ᠂ ᠰᠢᠨ᠎ᠡ ᠪᠠᠢᠳᠠᠯ ᠳᠣᠣᠷᠠᠬᠢ ᠬᠠᠮᠵᠢᠯᠴᠠᠬᠤ ᠠᠵᠢᠯ ᠤᠨ ᠬᠥᠭᠵᠢᠯᠲᠡ ᠶ᠋ᠢᠨ ᠬᠠᠷᠠᠯᠲᠠ ᠪᠣᠯᠤᠨ ᠡᠭᠦᠷᠭᠡ ᠲᠡᠢ ᠤᠶᠠᠯᠳᠤᠭᠤᠯᠵᠤ ᠠᠵᠢᠯ ᠢᠶᠠᠨ ᠯᠠᠪᠳᠠᠭᠤᠨ ᠪᠠᠲᠤᠲᠠᠢ᠂ ᠦᠷ᠎ᠡ ᠪᠦᠲᠦᠮᠵᠢᠲᠡᠢ ᠥᠷᠨᠢᠭᠦᠯᠦᠭᠡᠳ ᠡᠯ᠎ᠡ ᠵᠦᠢᠯ ᠦ᠋ᠨ ᠡᠭᠦᠷᠭᠡ ᠪᠡᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠦᠨᠳᠦᠰᠦᠲᠡᠨ ᠦ ᠪᠦᠯᠬᠦᠮᠳᠡᠯ ᠢ ᠴᠢᠩᠭᠠᠳᠭᠠᠬᠤ᠂ ᠨᠡᠢᠭᠡᠮ ᠦ᠋ᠨ ᠡᠶ᠎ᠡ ᠵᠣᠬᠢᠴᠠᠯᠲᠤ ᠪᠠᠢᠳᠠᠯ ᠪᠣᠯᠤᠨ ᠠᠵᠤ ᠠᠬᠤᠢ ᠶᠢᠨ ᠬᠥᠭᠵᠢᠯᠲᠡ ᠶ᠋ᠢ ᠠᠬᠢᠭᠤᠯᠬᠤ ᠳᠤ ᠢᠳᠡᠪᠬᠢᠲᠡᠢ ᠵᠢᠳᠭᠦᠯ ᠭᠠᠷᠭᠠᠵᠠᠢ᠃

(ᠨᠢᠭᠡ) ᠮᠣᠩᠭᠤᠯ ᠢᠶᠠᠷ ᠬᠢᠴᠢᠶᠡᠯᠯᠡᠬᠦ ᠪᠡᠷ ᠭᠣᠣᠯ ᠪᠣᠯᠭᠠᠭᠰᠠᠨ ᠦᠨᠳᠦᠰᠦᠲᠡᠨ ᠦ ᠰᠤᠷᠭᠠᠨ ᠬᠥᠮᠦᠵᠢᠯ ᠦ᠋ᠨ ᠬᠠᠮᠵᠢᠯᠴᠠᠬᠤ ᠠᠵᠢᠯ ᠢ ᠪᠦᠬᠦ ᠲᠠᠯ᠎ᠠ ᠪᠠᠷ ᠠᠬᠢᠭᠤᠯᠪᠠ

ᠮᠣᠩᠭᠤᠯ ᠢᠶᠠᠷ ᠬᠢᠴᠢᠶᠡᠯᠯᠡᠬᠦ ᠪᠡᠷ ᠭᠣᠣᠯ ᠪᠣᠯᠭᠠᠭᠰᠠᠨ ᠦᠨᠳᠦᠰᠦᠲᠡᠨ ᠦ ᠰᠤᠷᠭᠠᠨ ᠬᠥᠮᠦᠵᠢᠯ ᠦ᠋ᠨ ᠬᠠᠮᠵᠢᠯᠴᠠᠭ᠎ᠠ ᠪᠣᠯ ᠬᠠᠮᠵᠢᠯᠴᠠᠬᠤ ᠠᠵᠢᠯ ᠤᠨ ᠰᠠᠭᠤᠷᠢ ᠮᠥᠨ ᠪᠥᠭᠡᠳ ᠭᠣᠣᠯᠳᠠᠯᠭ᠎ᠠ ᠮᠥᠨ᠃ 2014 ᠣᠨ ᠠᠴᠠ ᠨᠠᠭᠠᠰᠢ ᠦᠨᠳᠦᠰᠦᠨ ᠠᠩᠭᠢ ᠶᠢᠨ ᠰᠣᠷᠤᠭᠴᠢ ᠡᠯᠰᠡᠬᠦ ᠲᠥᠯᠦᠪᠯᠡᠭᠡ ᠶ᠋ᠢ ᠤᠯᠤᠰ ᠤ᠋ᠨ ᠲᠥᠯᠦᠪᠯᠡᠭᠡ ᠶ᠋ᠢᠨ ᠳᠠᠭᠠᠤ ᠲᠡᠭᠰᠢ ᠲᠣᠭ᠎ᠠ ᠪᠠᠷ ᠰᠣᠯᠢᠯᠴᠠᠬᠤ ᠠᠷᠭ᠎ᠠ ᠬᠡᠮᠵᠢᠶ᠎ᠡ ᠶ᠋ᠢ ᠠᠪᠴᠤ᠂ ᠥᠪᠦᠷ ᠮᠣᠩᠭᠤᠯ ᠪᠣᠯᠤᠨ ᠬᠠᠮᠵᠢᠯᠴᠠᠬᠤ ᠮᠤᠵᠢ ᠣᠷᠤᠨ ᠤ ᠬᠣᠭᠤᠷᠤᠨᠳᠤᠬᠢ ᠮᠣᠩᠭᠤᠯ ᠢᠶᠠᠷ ᠬᠢᠴᠢᠶᠡᠯᠯᠡᠬᠦ ᠰᠣᠷᠤᠭᠴᠢ ᠡᠯᠰᠡᠬᠦ ᠲᠥᠯᠦᠪᠯᠡᠭᠡᠨ ᠳ᠋ᠦ᠍ ᠲᠣᠭᠲᠠᠭᠠᠭᠰᠠᠨ ᠡᠭᠦᠷᠭᠡ ᠶ᠋ᠢ ᠪᠡᠶᠡᠯᠡᠭᠦᠯᠦᠭᠰᠡᠨ ᠪᠥᠭᠡᠳ ᠥᠪᠦᠷ ᠮᠣᠩᠭᠤᠯ ᠤᠨ ᠰᠤᠷᠭᠠᠨ ᠬᠥᠮᠦᠵᠢᠯ ᠦ᠋ᠨ ᠲᠢᠩᠬᠢᠮ ᠪᠣᠯᠤᠨ ᠬᠠᠮᠵᠢᠯᠴᠠᠬᠤ ᠮᠤᠵᠢ ᠣᠷᠤᠨ ᠤ ᠰᠤᠷᠭᠠᠨ ᠬᠥᠮᠦᠵᠢᠯ ᠦ᠋ᠨ ᠰᠠᠯᠠᠭ᠎ᠠ ᠮᠥᠴᠢᠷ ᠰᠣᠯᠢᠯᠴᠠᠭᠠᠨ ᠤ ᠰᠤᠷᠤᠭᠴᠢᠳ ᠢ᠋ ᠠᠯᠢ ᠴᠢᠳᠠᠬᠤ ᠪᠠᠷ ᠭᠣᠣᠯᠳᠠᠯᠭ᠎ᠠ ᠲᠠᠢ ᠶᠡᠬᠡ ᠰᠤᠷᠭᠠᠭᠤᠯᠢ᠂ ᠪᠠᠴᠢᠮ ᠱᠠᠭᠠᠷᠳᠠᠭᠳᠠᠵᠤ ᠪᠠᠢᠭ᠎ᠠ ᠲᠤᠰᠭᠠᠢ ᠮᠡᠷᠭᠡᠵᠢᠯ ᠳ᠋ᠦ᠍ ᠰᠤᠷᠤᠯᠴᠠᠭᠤᠯᠵᠠᠢ᠃ ᠮᠣᠩᠭᠤᠯ ᠵᠢᠭᠠᠬᠤ ᠮᠠᠲ᠋ᠧᠷᠢᠶᠠᠯ ᠤᠨ ᠬᠠᠮᠵᠢᠯᠴᠠᠭᠠᠨ ᠤ ᠲᠠᠯ᠎ᠠ ᠪᠠᠷ ᠥᠪᠦᠷ ᠮᠣᠩᠭᠤᠯ ᠤᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶ᠎ᠠ ᠨᠠᠢ᠍ᠮᠠᠨ ᠮᠤᠵᠢ ᠣᠷᠤᠨ ᠤ ᠳᠤᠮᠳᠠᠳᠤ ᠪᠠᠭ᠎ᠠ ᠰᠤᠷᠭᠠᠭᠤᠯᠢ ᠳ᠋ᠤ᠌ ᠮᠣᠩᠭᠤᠯ ᠵᠢᠭᠠᠬᠤ ᠮᠠᠲ᠋ᠧᠷᠢᠶᠠᠯ ᠪᠣᠯᠤᠨ ᠯᠠᠪᠯᠠᠬᠤ ᠮᠠᠲ᠋ᠧᠷᠢᠶᠠᠯ ᠢ ᠵᠢᠯ ᠪᠦᠷᠢ 500 ᠰᠢᠬᠠᠮ ᠲᠥᠷᠦᠯ᠂ ᠶᠡᠬᠡ ᠳᠡᠭᠡᠳᠦ ᠰᠤᠷᠭᠠᠭᠤᠯᠢ ᠪᠣᠯᠤᠨ ᠲᠤᠰᠭᠠᠢ ᠮᠡᠷᠭᠡᠵᠢᠯ ᠦ᠋ᠨ ᠰᠤᠷᠭᠠᠭᠤᠯᠢ ᠳ᠋ᠤ᠌ ᠮᠣᠩᠭᠤᠯ ᠵᠢᠭᠠᠬᠤ ᠮᠠᠲ᠋ᠧᠷᠢᠶᠠᠯ ᠢ ᠵᠢᠯ ᠪᠦᠷᠢ 300 ᠰᠢᠬᠠᠮ ᠲᠥᠷᠦᠯ ᠬᠠᠩᠭᠠᠵᠤ ᠪᠠᠢᠨ᠎ᠠ᠃ ᠡᠭᠦᠨ ᠳ᠋ᠦ᠍ ᠴᠡᠴᠡᠷᠯᠢᠭ ᠦ᠋ᠨ ᠱᠠᠲᠤᠨ ᠠ᠋ᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠦ᠋ᠨ ᠱᠠᠲᠤᠨ ᠤ᠋ ᠡᠯ᠎ᠡ ᠲᠥᠷᠦᠯ ᠦ᠋ᠨ ᠵᠢᠭᠠᠬᠤ ᠮᠠᠲ᠋ᠧᠷᠢᠶᠠᠯ ᠢ ᠬᠠᠮᠤᠷᠴᠤ᠂ ᠪᠦᠷᠢᠨ ᠲᠥᠬᠦᠷ ᠮᠣᠩᠭᠤᠯ ᠵᠢᠭᠠᠬᠤ ᠮᠠᠲ᠋ᠧᠷᠢᠶᠠᠯ ᠤᠨ ᠰᠢᠰᠲ᠋ᠧᠮ ᠢ ᠪᠦᠷᠢᠯᠳᠦᠭᠦᠯᠵᠡᠢ᠃ ᠨᠠᠢ᠍ᠮᠠᠨ ᠮᠤᠵᠢ ᠣᠷᠤᠨ ᠤ ᠮᠣᠩᠭᠤᠯ ᠵᠢᠭᠠᠬᠤ ᠮᠠᠲ᠋ᠧᠷᠢᠶᠠᠯ ᠤᠨ ᠵᠠᠬᠢᠶᠠᠯᠠᠭ᠎ᠠ ᠶᠢᠨ ᠬᠡᠮᠵᠢᠶ᠎ᠡ ᠲᠣᠭᠲᠠᠪᠤᠷᠢᠲᠠᠢ ᠪᠣᠯᠤᠭᠰᠠᠨ ᠪᠥᠭᠡᠳ ᠵᠢᠯ ᠪᠣᠯᠭᠠᠨ ᠰᠢᠨᠬᠤᠸᠠ ᠨᠣᠮ ᠤ᠋ᠨ ᠳᠡᠯᠭᠡᠭᠦᠷ 700 ᠲᠦᠮᠡᠨ ᠳᠡᠪᠲᠡᠷ ᠵᠢᠭᠠᠬᠤ ᠮᠠᠲ᠋ᠧᠷᠢᠶᠠᠯ ᠲᠠᠷᠬᠠᠭᠠᠵᠤ ᠪᠠᠢᠨ᠎ᠠ᠃

ᠡᠭᠦᠨ ᠡᠴᠡ ᠭᠠᠳᠠᠨ᠎ᠠ ᠬᠣᠯᠪᠤᠭᠳᠠᠯ ᠪᠦᠬᠦᠢ ᠰᠠᠯᠠᠭ᠎ᠠ ᠮᠥᠴᠢᠷ ᠲᠡᠢ ᠬᠠᠮᠵᠢᠯᠴᠠᠨ ᠦᠨᠳᠦᠰᠦᠲᠡᠨ ᠦ ᠰᠤᠷᠭᠠᠨ ᠬᠥᠮᠦᠵᠢᠯ ᠦ᠋ᠨ ᠲᠠᠯ᠎ᠠ ᠪᠠᠷ ᠢᠵᠢ ᠪᠦᠷᠢᠨ ᠬᠠᠮᠵᠢᠯᠴᠠᠬᠤ ᠠᠵᠢᠯᠯᠠᠭᠠᠨ ᠢ ᠥᠷᠨᠢᠭᠦᠯᠪᠡ᠃ ᠨᠠᠢ᠍ᠮᠠᠨ ᠮᠤᠵᠢ ᠣᠷᠤᠨ ᠤ ᠦᠨᠳᠦᠰᠦᠲᠡᠨ ᠦ ᠰᠤᠷᠭᠠᠨ ᠬᠥᠮᠦᠵᠢᠯ ᠦ᠋ᠨ ᠬᠠᠮᠵᠢᠯᠴᠠᠬᠤ ᠬᠤᠷᠠᠯ ᠢ ᠬᠤᠷᠠᠯᠳᠤᠭᠤᠯᠵᠤ᠂ ᠳᠥᠷᠪᠡᠳᠦᠭᠡᠷ ᠤᠳᠠᠭᠠᠨ ᠤ᠋ ᠮᠣᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶ᠋ᠢᠨ ᠵᠠᠯᠠᠭᠤ ᠢᠳᠡᠷ ᠪᠠᠭᠰᠢ ᠨᠠᠷ ᠤᠨ ᠵᠢᠭᠠᠨ ᠰᠤᠷᠭᠠᠯᠲᠠ ᠶ᠋ᠢᠨ ᠰᠣᠨᠢᠷᠬᠠᠮᠵᠢ ᠶᠢᠨ ᠦᠵᠡᠭᠦᠯᠦᠯᠭᠡ ᠪᠠ ᠪᠣᠯᠪᠠᠰᠤᠷᠠᠯ ᠤ᠋ᠨ ᠠᠵᠢᠯᠯᠠᠭ᠎ᠠ᠂ ᠨᠠᠢ᠍ᠮᠠᠨ ᠮᠤᠵᠢ ᠣᠷᠤᠨ ᠤ᠋ ᠮᠣᠩᠭᠤᠯ ᠦᠨᠳᠦᠰᠦᠲᠡᠨ ᠦ ᠬᠡᠦᠬᠡᠳ ᠦ᠋ᠨ ᠴᠡᠴᠡᠷᠯᠢᠭ ᠦ᠋ᠨ ᠪᠠᠭᠰᠢ ᠨᠠᠷ ᠤᠨ ᠤᠷ᠎ᠠ ᠴᠢᠳᠠᠪᠤᠷᠢ ᠶ᠋ᠢᠨ ᠮᠥᠷᠦᠢᠴᠡᠭᠡᠨ ᠵᠡᠷᠭᠡ ᠶ᠋ᠢ ᠵᠣᠬᠢᠶᠠᠨ ᠪᠠᠢᠭᠤᠯᠵᠤ᠂ ᠮᠣᠩᠭᠤᠯ ᠢᠶᠠᠷ ᠬᠢᠴᠢᠶᠡᠯᠯᠡᠬᠦ ᠵᠢᠭᠠᠨ ᠰᠤᠷᠭᠠᠯᠲᠠ ᠶ᠋ᠢᠨ ᠰᠣᠯᠢᠯᠴᠠᠭ᠎ᠠ ᠣᠢᠯᠠᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠭᠠᠭᠠᠳ ᠢᠯᠡᠳᠲᠡ ᠦᠷ᠎ᠡ ᠪᠦᠲᠦᠮᠵᠢ ᠣᠯᠵᠠᠢ᠃ ᠦᠨᠳᠦᠰᠦᠲᠡᠨ ᠦ ᠰᠤᠷᠭᠠᠨ ᠬᠥᠮᠦᠵᠢᠯ ᠦ᠋ᠨ ᠵᠢᠭᠠᠨ ᠰᠤᠷᠭᠠᠯᠲᠠ ᠶ᠋ᠢᠨ ᠰᠤᠳᠤᠯᠭᠠᠨ ᠤ ᠠᠵᠢᠯ ᠤᠨ ᠲᠠᠯ᠎ᠠ ᠪᠠᠷ ᠰᠢᠨᠵᠢᠶᠠᠩ᠂ ᠬᠥᠬᠡᠨᠠᠭᠤᠷ ᠵᠡᠷᠭᠡ ᠮᠤᠵᠢ ᠣᠷᠤᠨ ᠥᠪᠦᠷ ᠮᠣᠩᠭᠤᠯ ᠳᠤ ᠪᠠᠭᠰᠢ ᠪᠤᠶᠤ ᠰᠤᠷᠤᠭᠴᠢ ᠲᠣᠮᠢᠯᠠᠵᠤ ᠣᠳᠣᠬᠢᠴᠢᠯᠠᠭᠰᠠᠨ ᠰᠤᠷᠭᠠᠨ ᠬᠥᠮᠦᠵᠢᠯ ᠦ᠋ᠨ ᠮᠡᠷᠭᠡᠵᠢᠯ ᠦ᠋ᠨ ᠰᠣᠯᠢᠯᠴᠠᠭᠠᠨ ᠤ ᠠᠵᠢᠯᠯᠠᠭ᠎ᠠ ᠶ᠋ᠢ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠰᠤᠷᠭᠠᠯᠲᠠ ᠶ᠋ᠢᠨ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠵᠦ᠂ ᠣᠳᠣᠬᠢᠴᠢᠯᠠᠭᠰᠠᠨ ᠵᠢᠭᠠᠨ ᠰᠤᠷᠭᠠᠯᠲᠠ ᠶ᠋ᠢᠨ ᠬᠢᠷᠢ ᠲᠦᠪᠰᠢᠨ ᠢ᠋ᠶ᠋ᠡᠨ ᠳᠡᠭᠡᠭᠰᠢᠯᠡᠭᠦᠯᠵᠡᠢ᠃

(ᠬᠤᠶᠠᠷ) ᠦᠨᠳᠦᠰᠦᠲᠡᠨ ᠦ ᠰᠣᠶᠤᠯ ᠤᠷᠠᠯᠢᠭ ᠤ᠋ᠨ ᠬᠠᠮᠵᠢᠯᠴᠠᠭ᠎ᠠ ᠲᠠᠰᠤᠷᠠᠯᠲᠠ ᠦᠭᠡᠢ ᠭᠦᠨᠵᠡᠭᠡᠢᠷᠡᠪᠡ

ᠬᠣᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠤᠨ ᠲᠠᠢ ᠬᠠᠮᠲᠤᠷᠠᠨ ᠤᠷᠢᠳ ᠬᠣᠵᠢᠳ ᠨᠠᠢ᠍ᠮᠠᠨ ᠮᠤᠵᠢ ᠣᠷᠤᠨ ᠤ ᠮᠣᠩᠭᠤᠯ ᠰᠢᠯᠦᠭ ᠦ᠋ᠨ ᠤᠷᠤᠯᠳᠤᠭᠠᠨ᠂ ᠮᠣᠩᠭᠤᠯ ᠬᠤᠪᠴᠠᠰᠤ ᠵᠠᠰᠠᠯ ᠤᠨ ᠦᠵᠡᠭᠦᠯᠭᠡ᠂ ᠮᠣᠩᠭᠤᠯ ᠦᠨᠳᠦᠰᠦᠲᠡᠨ ᠦ ᠳᠥᠷᠪᠡᠨ ᠤᠲᠠᠰᠤᠲᠤ ᠬᠤᠭᠤᠷ ᠬᠥᠭᠵᠢᠮᠳᠡᠬᠦ ᠲᠧᠯᠸᠢᠰ ᠤᠷᠤᠯᠳᠤᠭᠠᠨ᠂ 《ᠪᠠᠶᠠᠨᠴᠠᠭᠠᠨ》 ᠬᠤᠨᠳᠠᠭᠠᠲᠤ ᠮᠣᠩᠭᠤᠯ ᠤᠷᠳᠤ ᠶ᠋ᠢᠨ ᠳᠠᠭᠤᠤ ᠶ᠋ᠢᠨ ᠲᠡᠮᠡᠴᠡᠭᠡᠨ᠂ 《ᠡᠬᠡ ᠬᠡᠯᠡ》 ᠬᠤᠨᠳᠠᠭᠠᠲᠤ ᠮᠣᠩᠭᠤᠯ ᠤᠷᠠᠨ ᠪᠢᠴᠢᠯᠭᠡ ᠶ᠋ᠢᠨ ᠤᠷᠤᠯᠳᠤᠭᠠᠨ᠂ ᠣᠢᠷᠠᠳ ᠰᠣᠶᠤᠯ ᠤ᠋ᠨ ᠭᠠᠷᠠᠭ᠂ ᠮᠣᠩᠭᠤᠯ ᠦᠨᠳᠦᠰᠦᠲᠡᠨ ᠦ ᠤᠯᠠᠮᠵᠢᠯᠠᠯᠲᠤ ᠭᠡᠷ ᠦᠨ ᠶᠣᠰᠤ ᠵᠠᠩᠰᠢᠯ ᠤᠨ ᠤᠷᠤᠯᠳᠤᠭᠠᠨ ᠪᠣᠯᠤᠨ ᠡᠷᠳᠡᠮ ᠰᠢᠨᠵᠢᠯᠡᠭᠡᠨ ᠦ᠌ ᠶᠠᠷᠢᠯᠴᠠᠭ᠎ᠠ ᠵᠡᠷᠭᠡ ᠠᠵᠢᠯᠯᠠᠭ᠎ᠠ ᠶᠢ ᠥᠷᠨᠢᠭᠦᠯᠵᠡᠢ᠃ ᠡᠳᠡᠭᠡᠷ ᠲᠥᠷᠦᠯ ᠦ᠋ᠨ ᠠᠵᠢᠯᠯᠠᠭ᠎ᠠ ᠶᠢ ᠥᠷᠨᠢᠭᠦᠯᠬᠦ ᠪᠡᠷ ᠳᠠᠮᠵᠢᠭᠤᠯᠤᠨ ᠰᠣᠯᠢᠯᠴᠠᠭ᠎ᠠ ᠪᠠᠨ ᠴᠢᠩᠭᠠᠳᠭᠠᠨ ᠬᠠᠮᠵᠢᠯᠴᠠᠭ᠎ᠠ ᠪᠠᠨ ᠭᠦᠨᠵᠡᠭᠡᠢᠷᠡᠭᠦᠯᠵᠦ᠂ ᠬᠠᠮᠵᠢᠯᠴᠠᠬᠤ ᠮᠤᠵᠢ ᠣᠷᠤᠨ ᠤ ᠦᠨᠳᠦᠰᠦᠲᠡᠨ ᠦ ᠰᠣᠶᠤᠯ ᠤᠷᠠᠯᠢᠭ ᠢ᠋ ᠤᠯᠠᠮᠵᠢᠯᠠᠨ ᠪᠠᠳᠠᠷᠠᠭᠤᠯᠵᠤ᠂ ᠬᠠᠮᠵᠢᠯᠴᠠᠬᠤ ᠮᠤᠵᠢ ᠣᠷᠤᠨ ᠤ ᠮᠣᠩᠭᠤᠯ ᠣᠯᠠᠨ ᠲᠦᠮᠡᠨ ᠦ᠌ ᠤᠷ᠎ᠠ ᠠᠪᠢᠶᠠᠰ ᠢᠶᠠᠨ ᠬᠠᠷᠠᠭᠤᠯᠬᠤ ᠳᠤ ᠨᠥᠬᠦᠴᠡᠯ ᠪᠣᠯᠤᠨ ᠲᠠᠪᠴᠠᠩ ᠬᠠᠩᠭᠠᠨ ᠥᠭᠴᠦ᠂ ᠨᠠᠢ᠍ᠮᠠᠨ ᠮᠤᠵᠢ ᠣᠷᠤᠨ ᠤ ᠮᠣᠩᠭᠤᠯ ᠤᠯᠠᠨ ᠲᠦᠮᠡᠨ ᠦ᠌ ᠰᠣᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠤᠭᠰᠠᠨ ᠢ᠋ᠶ᠋ᠠᠷ ᠣᠯᠠᠨ ᠲᠦᠮᠡᠨ ᠦ᠌ ᠮᠠᠭᠲᠠᠭᠠᠯ ᠰᠠᠢᠰᠢᠶᠠᠯ᠂ ᠳᠡᠮᠵᠢᠯᠭᠡ ᠶ᠋ᠢ ᠣᠯᠵᠠᠢ᠃

(ᠭᠤᠷᠪᠠ) ᠮᠣᠩᠭᠤᠯ ᠬᠡᠯᠡᠨ ᠦ᠌ ᠰᠣᠨᠢᠨ ᠮᠡᠳᠡᠭᠡ᠂ ᠬᠡᠪᠯᠡᠯ᠂ ᠷᠠᠳᠢᠣ᠋ ᠲᠧᠯᠸᠢᠰ ᠦ᠋ᠨ ᠬᠠᠮᠵᠢᠯᠴᠠᠬᠤ ᠠᠵᠢᠯ ᠢ ᠭᠦᠨᠵᠡᠭᠡᠢ ᠥᠷᠨᠢᠭᠦᠯᠪᠡ

ᠨᠡᠢᠭᠡᠮ ᠦ᠋ᠨ ᠡᠯ᠎ᠡ ᠡᠲᠡᠭᠡᠳ ᠢ᠋ ᠢᠳᠡᠪᠬᠢᠲᠡᠢ ᠵᠣᠬᠢᠴᠠᠭᠤᠯᠤᠨ ᠳᠠᠢᠴᠢᠯᠠᠵᠤ᠂ ᠪᠦᠬᠦ ᠤᠯᠤᠰ ᠤ᠋ᠨ ᠮᠣᠩᠭᠤᠯ ᠰᠣᠨᠢᠨ ᠤ ᠰᠣᠨᠢᠨ ᠮᠡᠳᠡᠭᠡᠨ ᠦ᠌ ᠱᠠᠩᠨᠠᠯ ᠢ ᠰᠣᠩᠭᠤᠨ ᠰᠢᠯᠭᠠᠷᠠᠭᠤᠯᠬᠤ ᠬᠤᠷᠠᠯ᠂ ᠨᠠᠢ᠍ᠮᠠᠨ ᠮᠤᠵᠢ ᠣᠷᠤᠨ ᠤ ᠮᠣᠩᠭᠤᠯ ᠬᠡᠯᠡᠨ ᠦ᠌ ᠷᠠᠳᠢᠣ᠋ ᠲᠧᠯᠸᠢᠰ ᠦ᠋ᠨ ᠫᠷᠣᠭ᠌ᠷᠠᠮ ᠢ᠋ ᠦᠨᠡᠯᠡᠨ ᠰᠢᠯᠭᠠᠷᠠᠭᠤᠯᠬᠤ ᠬᠤᠷᠠᠯ᠂ ᠭᠤᠷᠪᠠᠳᠤᠭᠠᠷ ᠬᠤᠭᠤᠴᠠᠭᠠᠨ ᠤ ᠨᠠᠢ᠍ᠮᠠᠨ ᠮᠤᠵᠢ ᠣᠷᠤᠨ ᠤ ᠮᠣᠩᠭᠤᠯ ᠨᠣᠮ ᠪᠢᠴᠢᠭ ᠦᠨ ᠦᠵᠡᠰᠭᠦᠯᠡᠩ ᠵᠡᠷᠭᠡ ᠶ᠋ᠢ ᠡᠷᠬᠢᠯᠡᠵᠦ᠂ ᠡᠩᠨᠡᠭᠡ ᠪᠡᠨ ᠳᠠᠪᠲᠠᠨ ᠪᠣᠯᠪᠠᠰᠤᠷᠠᠭᠤᠯᠬᠤ ᠶ᠋ᠢᠨ ᠬᠠᠮᠲᠤ ᠴᠢᠳᠠᠪᠤᠷᠢᠲᠠᠨ ᠢ᠋ ᠢᠯᠡᠷᠡᠭᠦᠯᠵᠦ᠂ ᠲᠤᠬᠠᠢᠯᠠᠭᠰᠠᠨ ᠠᠵᠢᠯᠲᠠᠳ ᠤ᠋ᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠵᠢᠯᠴᠠᠬᠤ ᠮᠤᠵᠢ ᠣᠷᠤᠨ ᠤ ᠮᠣᠩᠭᠤᠯ ᠬᠡᠯᠡᠨ ᠦ᠌ ᠰᠣᠨᠢᠨ ᠮᠡᠳᠡᠭᠡ᠂ ᠬᠡᠪᠯᠡᠯ᠂ ᠷᠠᠳᠢᠣ᠋ ᠲᠧᠯᠸᠢᠰ ᠦ᠋ᠨ ᠰᠠᠯᠠᠭ᠎ᠠ ᠮᠥᠴᠢᠷ ᠲᠦ᠍ ᠬᠠᠷᠢᠯᠴᠠᠨ ᠰᠤᠷᠤᠯᠴᠠᠬᠤ᠂ ᠪᠠᠢᠳᠠᠯ ᠢᠶᠠᠨ ᠰᠣᠯᠢᠯᠴᠠᠬᠤ ᠲᠠᠪᠴᠠᠩ ᠢ ᠪᠦᠷᠢᠯᠳᠦᠭᠦᠯᠵᠦ ᠥᠭᠴᠡᠢ᠃ ᠮᠣᠩᠭᠤᠯ ᠬᠡᠯᠡᠨ ᠦ᠌ ᠰᠣᠨᠢᠨ ᠮᠡᠳᠡᠭᠡ᠂ ᠮᠣᠩᠭᠤᠯ ᠬᠡᠯᠡᠨ ᠦ᠌ ᠷᠠᠳᠢᠣ᠋ ᠺᠢᠨᠣ᠋ ᠵᠦᠴᠦᠭᠡ ᠶᠢᠨ ᠬᠠᠮᠵᠢᠯᠴᠠᠬᠤ ᠠᠵᠢᠯ ᠤᠨ ᠲᠠᠯ᠎ᠠ ᠪᠠᠷ ᠰᠢᠨᠵᠢᠶᠠᠩ᠂ ᠬᠥᠬᠡᠨᠠᠭᠤᠷ ᠵᠡᠷᠭᠡ ᠮᠤᠵᠢ ᠣᠷᠤᠨ ᠤ᠋  ᠬᠢᠨ ᠲᠤᠬᠠᠢᠯᠠᠭᠰᠠᠨ ᠠᠵᠢᠯ ᠤᠨ ᠭᠣᠣᠯ ᠬᠦᠴᠦᠨ ᠢ᠋ᠶ᠋ᠡᠨ ᠰᠣᠩᠭᠤᠨ ᠲᠣᠭᠲᠠᠮᠠᠯ ᠪᠤᠰᠤ ᠬᠤᠭᠤᠴᠠᠭ᠎ᠠ ᠪᠠᠷ ᠥᠪᠦᠷ ᠮᠣᠩᠭᠤᠯ ᠳ᠋ᠤ᠌ ᠢᠷᠡᠭᠦᠯᠵᠦ᠂ ᠥᠪᠦᠷ ᠮᠣᠩᠭᠤᠯ ᠤᠨ ᠡᠳᠦᠷ ᠦ᠋ᠨ ᠰᠣᠨᠢᠨ ᠤ ᠬᠣᠷᠢᠶ᠎ᠠ᠂ ᠥᠪᠦᠷ ᠮᠣᠩᠭᠤᠯ ᠤᠨ ᠲᠧᠯᠸᠢᠰ ᠬᠣᠷᠢᠶᠠᠨ ᠳ᠋ᠤ᠌ ᠰᠤᠷᠤᠯᠴᠠᠭᠤᠯᠤᠭᠠᠳ ᠢᠯᠡᠳᠲᠡ ᠦᠷ᠎ᠡ ᠠᠰᠢᠭ ᠣᠯᠵᠤ ᠪᠤᠢ᠃

(ᠳᠥᠷᠪᠡ) ᠮᠣᠩᠭᠤᠯ ᠬᠡᠯᠡ ᠪᠢᠴᠢᠭ ᠦᠨ ᠡᠷᠳᠡᠮ ᠰᠢᠨᠵᠢᠯᠡᠭᠡᠨ ᠦ᠌ ᠬᠠᠮᠵᠢᠯᠴᠠᠬᠤ ᠠᠵᠢᠯ ᠰᠢᠨ᠎ᠡ ᠠᠬᠢᠴᠠ ᠲᠠᠢ ᠪᠣᠯᠪᠠ

ᠨᠠᠢ᠍ᠮᠠᠨ ᠮᠤᠵᠢ ᠣᠷᠤᠨ ᠤ ᠮᠣᠩᠭᠤᠯ ᠨᠡᠷ᠎ᠡ ᠲᠣᠮᠢᠶᠠᠨ ᠤ ᠺᠣᠮᠢᠰ ᠪᠣᠯᠤᠨ ᠥᠪᠦᠷ ᠮᠣᠩᠭᠤᠯ ᠤᠨ ᠮᠣᠩᠭᠤᠯ ᠨᠡᠷ᠎ᠡ ᠲᠣᠮᠢᠶᠠᠨ ᠤ᠋ ᠺᠣᠮᠢᠰ ᠮᠣᠩᠭᠤᠯ ᠰᠢᠨ᠎ᠡ ᠦᠭᠡ ᠨᠡᠷ᠎ᠡ ᠲᠣᠮᠢᠶ᠎ᠠ ᠶ᠋ᠢ ᠴᠤᠭᠯᠠᠭᠤᠯᠤᠨ ᠡᠮᠬᠢᠳᠭᠡᠵᠦ᠂ ᠲᠣᠭᠲᠠᠭᠠᠬᠤ ᠪᠠ ᠨᠡᠢᠲᠡᠯᠡᠬᠦ ᠠᠵᠢᠯ ᠢ ᠰᠠᠢᠲᠤᠷ ᠬᠢᠵᠦ᠂ ᠰᠢᠨ᠎ᠡ ᠦᠭᠡ ᠨᠡᠷ᠎ᠡ ᠲᠣᠮᠢᠶᠠᠨ ᠤ᠋ ᠠᠯᠪᠠᠨ ᠮᠡᠳᠡᠭᠡ ᠶᠢ 127 ᠬᠤᠭᠤᠴᠠᠭ᠎ᠠ ᠨᠡᠢᠲᠡᠯᠡᠵᠦ᠂ 18000 ᠭᠠᠷᠤᠢ ᠵᠤᠷᠪᠤᠰ ᠰᠢᠨ᠎ᠡ ᠦᠭᠡ ᠨᠡᠷ᠎ᠡ ᠲᠣᠮᠢᠶ᠎ᠠ ᠶ᠋ᠢ ᠨᠠᠢ᠍ᠮᠠᠨ ᠮᠤᠵᠢ ᠣᠷᠤᠨ ᠳ᠋ᠤ᠌ 《ᠥᠪᠦᠷ ᠮᠣᠩᠭᠤᠯ ᠤᠨ ᠡᠳᠦᠷ ᠦ᠋ᠨ ᠰᠣᠨᠢᠨ》 ᠤ ᠮᠣᠩᠭᠤᠯ ᠬᠡᠪᠯᠡᠯ ᠪᠣᠯᠤᠨ 《ᠳᠤᠮᠳᠠᠳᠤ ᠤᠯᠤᠰ ᠤ᠋ᠨ ᠮᠣᠩᠭᠤᠯ ᠬᠡᠯᠡᠨ ᠦ᠌ ᠰᠣᠨᠢᠨ ᠮᠡᠳᠡᠭᠡᠨ ᠦ᠌ ᠰᠦᠯᠵᠢᠶ᠎ᠡ》 ᠪᠠᠷ ᠲᠠᠷᠬᠠᠭᠠᠭᠰᠠᠨ ᠤ ᠬᠠᠮᠲᠤ 《ᠰᠢᠨ᠎ᠡ ᠦᠭᠡ ᠨᠡᠷ᠎ᠡ ᠲᠣᠮᠢᠶᠠᠨ ᠤ ᠠᠯᠪᠠᠨ ᠮᠡᠳᠡᠭᠡᠨ ᠦ᠌ ᠡᠮᠬᠢᠳᠭᠡᠯ》 ᠨᠣᠮ ᠢ ᠨᠠᠢᠷᠠᠭᠤᠯᠤᠨ ᠬᠡᠪᠯᠡᠭᠦᠯᠵᠡᠢ᠃ ᠥᠪᠦᠷ ᠮᠣᠩᠭᠤᠯ ᠤᠨ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶ᠋ᠢᠨ ᠴᠡᠭ ᠦ᠋ᠳ 30 ᠭᠠᠷᠤᠢ ᠤᠳᠠᠭᠠᠨ ᠤ᠋ ᠮᠣᠩᠭᠤᠯ ᠬᠡᠯᠡᠨ ᠦ᠌ ᠪᠠᠷᠢᠮᠵᠢᠶ᠎ᠠ ᠠᠪᠢᠶᠠᠨ ᠤ ᠪᠣᠯᠪᠠᠰᠤᠷᠠᠯ ᠤ᠋ᠨ ᠠᠩᠭᠢ ᠡᠷᠬᠢᠯᠡᠭᠰᠡᠨ ᠪᠠ 5000 ᠭᠠᠷᠤᠢ ᠬᠥᠮᠦᠨ ᠪᠣᠯᠪᠠᠰᠤᠷᠠᠯ ᠰᠢᠯᠭᠠᠯᠲᠠ ᠳ᠋ᠤ᠌ ᠣᠷᠤᠯᠴᠠᠵᠤ᠂ ᠬᠢᠷᠢ ᠲᠡᠩᠴᠡᠭᠰᠡᠨ ᠨᠣᠷᠮ᠎ᠠ ᠨᠢ ᠵᠠᠭᠤᠨ ᠤ ᠶᠡᠷᠡ ᠡᠴᠡ ᠳᠡᠭᠡᠭᠰᠢ ᠪᠣᠯᠵᠠᠢ᠃

(ᠲᠠᠪᠤ) ᠦᠨᠳᠦᠰᠦᠲᠡᠨ ᠦ ᠰᠤᠷᠪᠤᠯᠵᠢ ᠪᠢᠴᠢᠭ ᠢ ᠡᠮᠬᠢᠳᠭᠡᠬᠦ ᠪᠣᠯᠤᠨ ᠮᠣᠩᠭᠤᠯ ᠡᠮ ᠡᠮᠨᠡᠯᠭᠡ ᠶᠢᠨ ᠬᠦᠷᠢᠶᠡᠨ ᠦ᠌ ᠬᠠᠮᠵᠢᠯᠴᠠᠬᠤ ᠠᠵᠢᠯ ᠲᠣᠭᠲᠠᠭᠤᠨ ᠢ᠋ᠶ᠋ᠠᠷ ᠬᠥᠭᠵᠢᠪᠡ

ᠥᠪᠦᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠦ ᠡᠷᠲᠡᠨ ᠦ᠌ ᠰᠤᠷᠪᠤᠯᠵᠢ ᠪᠢᠴᠢᠭ ᠢ ᠴᠤᠭᠯᠠᠭᠤᠯᠤᠨ ᠡᠮᠬᠢᠳᠭᠡᠬᠦ ᠠᠯᠪᠠᠨ ᠭᠡᠷ ᠦ᠋ᠨ  ᠬᠠᠮᠵᠢᠯᠴᠠᠬᠤ ᠮᠤᠵᠢ ᠣᠷᠤᠨ ᠤ ᠦᠨᠳᠦᠰᠦᠲᠡᠨ ᠦ ᠰᠤᠷᠪᠤᠯᠵᠢ ᠪᠢᠴᠢᠭ ᠦᠨ ᠪᠠᠢᠭᠤᠯᠭ᠎ᠠ ᠲᠠᠢ ᠬᠠᠮᠲᠤᠷᠠᠨ ᠥᠨᠦᠴᠢᠨ ᠳᠡᠪᠲᠡᠷ᠂ ᠬᠣᠪᠤᠷ ᠳᠡᠪᠲᠡᠷ ᠢ᠋ ᠠᠪᠤᠷᠠᠨ ᠬᠠᠮᠠᠭᠠᠯᠠᠬᠤ ᠪᠠᠷ ᠭᠣᠣᠯᠳᠠᠯᠭ᠎ᠠ ᠪᠣᠯᠭᠠᠵᠤ᠂ ᠴᠢᠬᠤᠯᠠ ᠦᠨ᠎ᠡ ᠥᠷᠲᠡᠭ ᠲᠡᠢ᠂ ᠨᠥᠯᠦᠭᠡ ᠶᠡᠬᠡᠲᠡᠢ ᠰᠤᠷᠪᠤᠯᠵᠢ ᠪᠢᠴᠢᠭ ᠢ ᠡᠮᠬᠢᠳᠭᠡᠨ ᠨᠠᠢᠷᠠᠭᠤᠯᠵᠠᠢ᠃ ᠬᠠᠮᠵᠢᠯᠴᠠᠭ᠎ᠠ ᠪᠠᠷ ᠭᠦᠢᠴᠡᠳᠭᠡᠬᠦ ᠲᠥᠰᠦᠯ ᠦ᠋ᠳ ᠢ᠋ ᠬᠠᠮᠲᠤ ᠪᠠᠷ ᠶᠠᠷᠢᠯᠴᠠᠨ ᠵᠥᠪᠳᠡᠵᠦ᠂ 《ᠭᠡᠰᠡᠷ》᠂ 《ᠵᠠᠩᠭᠠᠷ》 ᠢᠶᠠᠷ ᠭᠣᠣᠯ ᠪᠣᠯᠭᠠᠭᠰᠠᠨ ᠮᠣᠩᠭᠤᠯ ᠦᠨᠳᠦᠰᠦᠲᠡᠨ ᠦ ᠡᠳ᠋ ᠦ᠋ᠨ ᠪᠤᠰᠤ ᠰᠣᠶᠤᠯ ᠤ᠋ᠨ ᠥᠪ ᠢ᠋ ᠠᠪᠤᠷᠠᠨ ᠬᠠᠮᠠᠭᠠᠯᠠᠬᠤ ᠢᠨᠵᠧᠨᠧᠷᠢᠩ ᠢ ᠭᠣᠣᠯᠳᠠᠯᠭ᠎ᠠ ᠲᠠᠢ ᠠᠬᠢᠭᠤᠯᠵᠠᠢ᠃ ᠠᠨᠠᠭᠠᠬᠤ ᠤᠬᠠᠭᠠᠨ ᠤ ᠨᠣᠮ ᠰᠤᠳᠤᠷ ᠢ᠋ ᠣᠷᠴᠢᠭᠤᠯᠤᠨ ᠬᠡᠪᠯᠡᠭᠦᠯᠬᠦ ᠪᠣᠯᠤᠨ ᠮᠣᠩᠭᠤᠯ ᠠᠨᠠᠭᠠᠬᠤ ᠤᠬᠠᠭᠠᠨ ᠤ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠬᠤ᠂ ᠨᠢᠭᠡᠳᠭᠡᠬᠦ ᠡᠴᠡ ᠭᠠᠷᠳᠠᠨ ᠮᠣᠩᠭᠤᠯ ᠡᠮ ᠡᠮᠨᠡᠯᠭᠡ ᠶᠢᠨ ᠬᠠᠮᠵᠢᠯᠴᠠᠭ᠎ᠠ ᠶᠢ ᠥᠷᠨᠢᠭᠦᠯᠦᠭᠰᠡᠨ ᠪᠥᠭᠡᠳ ᠥᠪᠦᠷ ᠮᠣᠩᠭᠤᠯ ᠤᠨ ᠣᠯᠠᠨ ᠤᠯᠤᠰ ᠤ᠋ᠨ ᠮᠣᠩᠭᠤᠯ ᠡᠮᠨᠡᠯᠭᠡ ᠶᠢᠨ ᠬᠣᠷᠢᠶᠠᠨ ᠤ᠋ ᠳᠠᠢᠴᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠵᠢᠯᠴᠠᠬᠤ ᠮᠤᠵᠢ ᠣᠷᠤᠨ ᠤ᠋  ᠬᠢᠨ ᠮᠣᠩᠭᠤᠯ ᠡᠮᠨᠡᠯᠭᠡ ᠶᠢᠨ ᠮᠡᠷᠭᠡᠵᠢᠯᠲᠡᠨ ᠪᠣᠯᠤᠨ ᠡᠮᠴᠢᠯᠡᠭᠡᠨ ᠦ᠌ ᠠᠵᠢᠯᠲᠠᠨ ᠬᠠᠷᠢᠯᠴᠠᠨ ᠰᠣᠯᠢᠯᠴᠠᠬᠤ᠂ ᠬᠠᠷᠢᠯᠴᠠᠨ ᠬᠥᠮᠦᠵᠢᠭᠦᠯᠬᠦ᠂ ᠬᠠᠷᠢᠯᠴᠠᠨ ᠠᠬᠢᠭᠤᠯᠬᠤ ᠬᠠᠮᠵᠢᠯᠴᠠᠭᠠᠨ ᠤ ᠬᠠᠷᠢᠯᠴᠠᠭ᠎ᠠ ᠶ᠋ᠢ ᠠᠯᠬᠤᠮ ᠠᠯᠬᠤᠮ ᠢᠶᠠᠷ ᠪᠣᠢ ᠪᠣᠯᠭᠠᠪᠠ᠃

(ᠵᠢᠷᠭᠤᠭ᠎ᠠ) ᠮᠣᠩᠭᠤᠯ ᠬᠡᠯᠡ ᠪᠢᠴᠢᠭ ᠦᠨ ᠣᠷᠴᠢᠭᠤᠯᠭ᠎ᠠ ᠶᠢᠨ ᠪᠣᠯᠪᠠᠰᠤᠷᠠᠯ ᠤ᠋ᠨ ᠠᠵᠢᠯ ᠢ ᠲᠠᠰᠤᠷᠠᠯᠲᠠ ᠦᠭᠡᠢ ᠴᠢᠩᠭᠠᠳᠭᠠᠪᠠ

ᠬᠠᠮᠵᠢᠯᠴᠠᠬᠤ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠣᠷᠴᠢᠭᠤᠯᠭ᠎ᠠ ᠶᠢᠨ ᠠᠵᠢᠯ ᠤᠨ ᠪᠣᠳᠠᠲᠠᠢ ᠱᠠᠭᠠᠷᠳᠠᠯᠭ᠎ᠠ ᠳᠤ ᠦᠨᠳᠦᠰᠦᠯᠡᠨ ᠵᠢᠯ ᠪᠦᠷᠢ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠣᠷᠴᠢᠭᠤᠯᠤᠭᠴᠢᠳ ᠤᠨ ᠪᠣᠯᠪᠠᠰᠤᠷᠠᠯ ᠤ᠋ᠨ ᠠᠩᠭᠢ ᠡᠷᠬᠢᠯᠡᠵᠦ᠂ ᠲᠤᠷᠰᠢᠯᠭ᠎ᠠ ᠲᠠᠢ ᠲᠤᠰᠭᠠᠢ ᠮᠡᠷᠭᠡᠵᠢᠯᠲᠡᠨ ᠢ᠋ ᠤᠷᠢᠵᠤ ᠣᠷᠴᠢᠭᠤᠯᠭ᠎ᠠ ᠶᠢᠨ ᠣᠨᠤᠯ᠂ ᠠᠷᠭ᠎ᠠ᠂ ᠦᠢᠯᠡᠳᠦᠯᠭᠡ ᠶᠢᠨ ᠲᠠᠯ᠎ᠠ ᠪᠠᠷ ᠲᠤᠰᠭᠠᠢ ᠰᠡᠳᠦᠪᠲᠦ ᠬᠢᠴᠢᠶᠡᠯ ᠬᠢᠯᠭᠡᠵᠦ ᠪᠤᠢ᠃ ᠨᠠᠢ᠍ᠮᠠᠨ ᠮᠤᠵᠢ ᠣᠷᠤᠨ ᠤ ᠦᠨᠳᠦᠰᠦᠲᠡᠨ ᠦ ᠬᠡᠯᠡ ᠪᠢᠴᠢᠭ ᠦᠨ ᠠᠵᠢᠯᠲᠠᠨ᠂ ᠵᠠᠰᠠᠭ ᠤᠨ ᠣᠷᠳᠤᠨ ᠤ᠋ ᠣᠷᠴᠢᠭᠤᠯᠭ᠎ᠠ ᠶᠢᠨ ᠠᠵᠢᠯᠲᠠᠨ ᠪᠣᠯᠤᠨ ᠰᠣᠨᠢᠨ ᠮᠡᠳᠡᠭᠡ ᠵᠠᠭᠤᠴᠢᠯᠠᠭᠤᠷ ᠤᠨ ᠰᠠᠯᠠᠭ᠎ᠠ ᠮᠥᠴᠢᠷ ᠦ᠋ᠨ ᠠᠵᠢᠯᠲᠠᠨ ᠪᠣᠯᠪᠠᠰᠤᠷᠠᠯ ᠳ᠋ᠤ᠌ ᠣᠷᠤᠯᠴᠠᠵᠤ᠂ ᠣᠷᠴᠢᠭᠤᠯᠭ᠎ᠠ ᠶᠢᠨ ᠡᠮᠦᠨ᠎ᠡ ᠹᠷᠣᠨᠲ ᠤᠨ ᠠᠵᠢᠯᠲᠠᠳ ᠲᠤ᠌ ᠬᠠᠷᠢᠯᠴᠠᠨ ᠰᠤᠷᠤᠯᠴᠠᠵᠤ ᠪᠠᠢᠳᠠᠯ ᠢᠶᠠᠨ ᠰᠣᠯᠢᠯᠴᠠᠬᠤ ᠲᠠᠪᠴᠠᠩ ᠬᠠᠩᠭᠠᠭᠰᠠᠨ ᠨᠢ ᠲᠡᠳᠡᠨ ᠦ᠌ ᠬᠡᠪ ᠴᠢᠨᠠᠷ᠂ ᠲᠤᠬᠠᠢᠯᠠᠭᠰᠠᠨ ᠠᠵᠢᠯ ᠤᠨ ᠬᠢᠷᠢ ᠲᠦᠪᠰᠢᠨ ᠢ᠋ᠶ᠋ᠡᠨ ᠳᠡᠭᠡᠭᠰᠢᠯᠡᠭᠦᠯᠬᠦ ᠳ᠋ᠦ᠍ ᠶᠡᠬᠡᠬᠡᠨ ᠲᠤᠰᠠ ᠳᠠᠮ ᠪᠣᠯᠵᠤ ᠪᠤᠢ᠃

(ᠳᠣᠯᠤᠭ᠎ᠠ) ᠮᠣᠩᠭᠤᠯ ᠬᠡᠯᠡ ᠪᠢᠴᠢᠭ ᠦᠨ ᠠᠵᠢᠯ ᠳᠤ ᠰᠢᠨ᠎ᠡ ᠳᠦᠷᠰᠦ ᠪᠠᠢᠳᠠᠯ ᠢᠯᠡᠷᠡᠵᠡᠢ

ᠣᠢᠷ᠎ᠠ ᠶᠢᠨ ᠵᠢᠯ ᠳ᠋ᠦ᠍ ᠬᠠᠮᠵᠢᠯᠴᠠᠬᠤ ᠮᠤᠵᠢ ᠣᠷᠤᠨ ᠤ᠋  ᠬᠢᠨ ᠮᠣᠩᠭᠤᠯ ᠭᠡᠯᠡ ᠪᠢᠴᠢᠭ ᠦᠨ ᠠᠵᠢᠯ ᠢ ᠳᠡᠭᠡᠳᠦ ᠬᠡᠮᠵᠢᠶ᠎ᠡ ᠪᠡᠷ ᠬᠦᠨᠳᠦᠳᠭᠡᠵᠦ᠂ ᠶᠡᠬᠡ ᠬᠡᠮᠵᠢᠶᠡᠨ ᠦ᠌ ᠥᠨᠳᠦᠷ ᠦᠷ᠎ᠡ ᠪᠦᠲᠦᠮᠵᠢ ᠲᠡᠢ ᠠᠵᠢᠯ ᠬᠢᠵᠦ ᠪᠤᠢ᠃ ᠬᠠᠷᠠᠮᠦ᠋ᠷᠡᠨ ᠮᠤᠵᠢ ᠶ᠋ᠢᠨ ᠳᠥᠷᠪᠡᠳ ᠦ᠋ᠨ ᠮᠣᠩᠭᠤᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ 《ᠡᠳᠦᠷ ᠪᠦᠷᠢ ᠮᠣᠩᠭᠤᠯ ᠬᠡᠯᠡ ᠰᠤᠷᠬᠤ》 ᠰᠦᠯᠵᠢᠶᠡᠨ ᠦ᠌ ᠲᠠᠪᠴᠠᠩ ᠨᠡᠭᠡᠭᠡᠭᠰᠡᠨ ᠢ᠋ᠶ᠋ᠡᠷ ᠪᠠᠷᠠᠬᠤ ᠦᠭᠡᠢ ᠮᠣᠩᠭᠤᠯ ᠪᠢᠴᠢᠭ ᠦᠨ ᠤᠩᠰᠢᠯᠭ᠎ᠠ ᠶ᠋ᠢᠨ ᠳᠡᠪᠲᠡᠷ ᠪᠣᠯᠤᠨ ᠢᠵᠢ ᠵᠥᠭᠡᠯᠡᠨ ᠲᠣᠨᠤᠭ ᠢ ᠰᠤᠳᠤᠯᠤᠨ ᠦᠢᠯᠡᠳᠴᠦ᠂ ᠨᠠᠢ᠍ᠮᠠᠨ ᠮᠤᠵᠢ ᠣᠷᠤᠨ ᠳ᠋ᠤ᠌ ᠮᠣᠩᠭᠤᠯ ᠬᠡᠯᠡ ᠲᠦᠷᠭᠡᠨ ᠰᠤᠷᠬᠤ ᠳᠠᠪᠰᠢᠩᠭᠤᠢ ᠮᠡᠷᠭᠡᠵᠢᠯ ᠦ᠋ᠨ ᠬᠣᠭᠤᠰᠤᠨ ᠢ᠋ ᠨᠥᠬᠦᠪᠦᠷᠢᠯᠡᠵᠡᠢ᠃ ᠭᠢᠷᠢᠨ ᠮᠤᠵᠢ ᠶᠢᠨ ᠰᠦᠩᠶᠤᠸᠠᠨ ᠬᠤᠳᠠ 《ᠰᠦᠩ ᠵᠢᠶᠦ᠋ᠨ ᠰᠦᠯᠵᠢᠶ᠎ᠡ》 ᠨᠡᠭᠡᠭᠡᠵᠦ᠂ ᠮᠣᠩᠭᠤᠯ ᠬᠢᠲᠠᠳ ᠬᠤᠶᠠᠷ ᠬᠡᠯᠡ ᠪᠡᠷ ᠦᠨᠳᠦᠰᠦᠲᠡᠨ ᠦ ᠲᠤᠬᠠᠢ ᠨᠠᠮ ᠤᠨ ᠪᠣᠳᠤᠯᠭ᠎ᠠ ᠪᠣᠯᠤᠨ ᠮᠣᠩᠭᠤᠯ ᠦᠨᠳᠦᠰᠦᠲᠡᠨ ᠦ ᠤᠯᠠᠮᠵᠢᠯᠠᠯᠲᠤ ᠰᠣᠶᠤᠯ ᠢ᠋ ᠤᠬᠠᠭᠤᠯᠤᠭᠰᠠᠨ ᠠ᠋ᠴᠠ ᠭᠠᠳᠠᠨ᠎ᠠ 43 ᠰᠤᠷᠭᠠᠭᠤᠯᠢ ᠳ᠋ᠤ᠌ ᠮᠣᠷᠢᠨ ᠬᠤᠭᠤᠷ ᠤᠨ ᠬᠢᠴᠢᠶᠡᠯ ᠨᠡᠭᠡᠭᠡᠵᠦ᠂ 3200 ᠭᠠᠷᠤᠢ ᠰᠣᠷᠤᠭᠴᠢ ᠲᠤᠰ ᠰᠤᠷᠤᠯᠴᠠᠯᠭ᠎ᠠ ᠳᠤ ᠣᠷᠤᠯᠴᠠᠵᠠᠢ᠃ ᠯᠢᠶᠣᠣᠨᠢᠩ ᠮᠤᠵᠢ ᠶᠢᠨ ᠦᠨᠳᠦᠰᠦᠲᠡᠨ ᠦ ᠬᠡᠪᠯᠡᠯ ᠦ᠋ᠨ ᠬᠣᠷᠢᠶ᠎ᠠ ᠣᠢᠷ᠎ᠠ ᠶᠢᠨ ᠵᠢᠯ ᠳ᠋ᠦ᠍ 150 ᠭᠠᠷᠤᠢ ᠲᠥᠷᠦᠯ ᠦ᠋ᠨ ᠵᠢᠭᠠᠬᠤ ᠮᠠᠲ᠋ᠧᠷᠢᠶᠠᠯ ᠢ ᠣᠷᠴᠢᠭᠤᠯᠤᠨ ᠬᠡᠪᠯᠡᠭᠦᠯᠦᠭᠰᠡᠨ ᠪᠥᠭᠡᠳ ᠹᠦᠰᠢᠨ᠂ ᠴᠣᠣᠶᠠᠩ ᠬᠤᠳᠠ 《ᠮᠣᠩᠭᠤᠯ ᠬᠡᠯᠡ ᠪᠢᠴᠢᠭ ᠰᠤᠷᠴᠤ ᠬᠡᠷᠡᠭᠯᠡᠬᠦ ᠶ᠋ᠢ ᠴᠢᠩᠭᠠᠳᠭᠠᠨ ᠴᠥᠭᠡᠨ ᠲᠣᠭᠠᠲᠤ ᠦᠨᠳᠦᠰᠦᠲᠡᠨ ᠦ ᠰᠣᠶᠤᠯ ᠢ᠋ ᠠᠬᠢᠭᠤᠯᠬᠤ ᠲᠤᠬᠠᠢ ᠬᠡᠳᠦᠨ ᠰᠠᠨᠠᠯ》 ᠢ ᠨᠡᠢᠲᠡᠯᠡᠵᠦ ᠬᠡᠷᠡᠭᠵᠢᠭᠦᠯᠵᠡᠢ᠃ ᠡᠾᠧᠪᠸᠢ ᠮᠤᠵᠢ ᠶᠢᠨ ᠫᠢᠩᠴᠢᠦᠸᠠᠨ ᠬᠤᠳᠠ ᠬᠣᠣᠰ ᠬᠡᠯᠡᠨ ᠦ᠌ ᠰᠤᠷᠭᠠᠨ ᠬᠥᠮᠦᠵᠢᠯ ᠢ᠋  ᠴᠢᠩᠭᠠᠳᠭᠠᠭᠰᠠᠨ ᠢ᠋ᠶ᠋ᠠᠷ ᠣᠳᠤ 5 ᠰᠤᠷᠭᠠᠭᠤᠯᠢ ᠮᠣᠩᠭᠤᠯ ᠬᠢᠲᠠᠳ ᠬᠤᠶᠠᠷ ᠬᠡᠯᠡ ᠪᠡᠷ ᠬᠢᠴᠢᠶᠡᠯᠯᠡᠵᠦ ᠪᠤᠢ᠃ ᠭᠠᠨᠰᠦ ᠮᠤᠵᠢ ᠶ᠋ᠢᠨ ᠰᠦᠪᠧᠢ ᠶ᠋ᠢᠨ ᠮᠣᠩᠭᠤᠯ ᠦᠨᠳᠦᠰᠦᠲᠡᠨ ᠦ ᠥᠪᠡᠷᠲᠡᠭᠡᠨ ᠵᠠᠰᠠᠬᠤ ᠰᠢᠶᠠᠨ ᠤ ᠬᠢᠨ ᠰᠢᠶᠠᠨ ᠤ ᠳᠠᠷᠤᠭ᠎ᠠ᠂ ᠰᠤᠷᠭᠠᠭᠤᠯᠢ ᠶ᠋ᠢᠨ ᠵᠠᠬᠢᠷᠤᠯ ᠤᠨ ᠰᠤᠷᠭᠠᠨ ᠬᠥᠮᠦᠵᠢᠯ ᠦ᠋ᠨ ᠱᠠᠩᠨᠠᠯ ᠤᠨ ᠰᠠᠭᠤᠷᠢ ᠮᠥᠩᠭᠦ ᠭᠠᠷᠭᠠᠵᠤ᠂ ᠰᠤᠷᠭᠠᠨ ᠬᠥᠮᠦᠵᠢᠯ ᠦ᠋ᠨ ᠲᠠᠯ᠎ᠠ ᠪᠠᠷ 《ᠪᠦᠬᠦ ᠲᠥᠯᠦᠪᠦᠷᠢ ᠶ᠋ᠢ ᠬᠡᠯᠲᠦᠷᠢᠭᠦᠯᠵᠦ ᠨᠢᠭᠡ ᠶ᠋ᠢ ᠨᠥᠬᠦᠬᠦ》 ᠶᠢ ᠬᠡᠷᠡᠭᠵᠢᠭᠦᠯᠵᠦ ᠪᠤᠢ᠃ ᠰᠢᠨᠵᠢᠶᠠᠩ ᠤᠨ ᠤᠢᠭᠤᠷ ᠤᠨ ᠥᠪᠡᠷᠲᠡᠭᠡᠨ ᠵᠠᠰᠠᠬᠤ ᠣᠷᠤᠨ ᠤ ᠪᠠᠶᠠᠨᠭᠣᠣᠯ ᠮᠣᠩᠭᠤᠯ ᠦᠨᠳᠦᠰᠦᠲᠡᠨ ᠦ ᠥᠪᠡᠷᠲᠡᠭᠡᠨ ᠵᠠᠰᠠᠬᠤ ᠵᠧᠦ ᠦᠭᠡ ᠬᠡᠯᠡ ᠦᠰᠦᠭ ᠪᠢᠴᠢᠭ ᠦᠨ ᠠᠵᠢᠯ ᠤᠨ ᠬᠠᠮᠢᠶᠠᠷᠤᠯᠲᠠ ᠶ᠋ᠢᠨ ᠳᠦᠷᠢᠮ ᠢ᠋ ᠲᠣᠭᠲᠠᠭᠠᠨ ᠬᠡᠷᠡᠭᠵᠢᠭᠦᠯᠵᠦ᠂ ᠡᠯ᠎ᠡ ᠦᠨᠳᠦᠰᠦᠲᠡᠨ ᠦ ᠦᠭᠡ ᠬᠡᠯᠡ ᠦᠰᠦᠭ ᠪᠢᠴᠢᠭ ᠦᠨ ᠳᠦᠷᠢᠮᠵᠢᠯ᠂ ᠪᠠᠷᠢᠮᠵᠢᠶᠠᠵᠢᠯ ᠢ ᠠᠬᠢᠭᠤᠯᠵᠤ ᠪᠤᠢ᠃ ᠬᠥᠬᠡᠨᠠᠭᠤᠷ ᠮᠤᠵᠢ ᠶ᠋ᠢᠨ ᠬᠠᠢᠰᠢ ᠶᠢᠨ ᠮᠣᠩᠭᠤᠯ ᠲᠥᠪᠡᠳ ᠦᠨᠳᠦᠰᠦᠲᠡᠨ ᠦ ᠥᠪᠡᠷᠲᠡᠭᠡᠨ ᠵᠠᠰᠠᠬᠤ ᠵᠧᠦ ᠶ᠋ᠢᠨ ᠷᠠᠳᠢᠣ᠋ ᠬᠣᠷᠢᠶ᠎ᠠ ᠮᠣᠩᠭᠤᠯ ᠲᠥᠪᠡᠳ ᠬᠢᠲᠠᠳ ᠭᠤᠷᠪᠠᠨ ᠬᠡᠯᠡᠨ ᠦ᠌ ᠨᠡᠪᠲᠡᠷᠡᠭᠦᠯᠭᠡ ᠬᠢᠵᠦ᠂ ᠦᠨᠳᠦᠰᠦᠲᠡᠨ ᠦ ᠬᠡᠯᠡ ᠪᠢᠴᠢᠭ ᠦᠨ ᠠᠵᠢᠯ ᠤᠨ ᠸᠢᠴᠠᠲ ᠤᠨ ᠮᠣᠩᠭᠤᠯ ᠪᠢᠴᠢᠭ ᠦᠨ ᠲᠠᠪᠴᠠᠩ ᠢ ᠨᠡᠪᠲᠡᠷᠡᠭᠦᠯᠦᠭᠡᠳ ᠮᠣᠩᠭᠤᠯ ᠣᠯᠠᠨ ᠲᠦᠮᠡᠨ ᠦ᠌ ᠣᠶᠤᠨ ᠤ᠋ ᠰᠣᠶᠤᠯ ᠤ᠋ᠨ ᠱᠠᠭᠠᠷᠳᠠᠯᠭ᠎ᠠ ᠶ᠋ᠢ ᠬᠠᠩᠭᠠᠭᠰᠠᠨ ᠪᠠᠢᠨ᠎ᠠ᠃

ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ 《ᠮᠣᠩᠭᠤᠯ ᠬᠡᠯᠡ ᠪᠢᠴᠢᠭ ᠦᠨ ᠠᠵᠢᠯ ᠤᠨ ᠳᠦᠷᠢᠮ》 ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠤᠨ ᠬᠡᠷᠡᠭᠵᠢᠭᠦᠯᠵᠦ ᠪᠤᠢ᠃ ᠢᠯᠠᠩᠭᠤᠶ᠎ᠠ ᠮᠣᠩᠭᠤᠯ ᠬᠡᠯᠡ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠠᠵᠢᠯ ᠢ ᠰᠢᠨ᠎ᠡ ᠰᠢᠪᠲᠤᠯᠤᠯᠲᠠ ᠳ᠋ᠤ᠌ ᠬᠦᠷᠭᠡᠵᠡᠢ᠃ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ 《ᠮᠣᠩᠭᠤᠯ ᠬᠡᠯᠡ ᠦᠰᠦᠭ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠠᠵᠢᠯ ᠤᠨ ᠪᠠᠢᠭᠤᠯᠤᠯᠲᠠ ᠶ᠋ᠢ ᠲᠦᠷᠭᠡᠨ ᠠᠬᠢᠭᠤᠯᠬᠤ ᠲᠤᠬᠠᠢ ᠰᠠᠨᠠᠯ》 ᠪᠣᠯᠤᠨ 《ᠮᠣᠩᠭᠤᠯ ᠬᠡᠯᠡ ᠦᠰᠦᠭ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢᠨ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ》 ᠶ᠋ᠢ ᠲᠣᠭᠲᠠᠭᠠᠨ 2013 ᠣᠨ ᠠᠴᠠ ᠨᠠᠭᠠᠰᠢ ᠨᠡᠢᠲᠡ 1.5 ᠳ᠋ᠦᠩᠰᠢᠭᠤᠷ ᠲᠥᠭᠦᠷᠢᠭ ᠦ᠋ᠨ ᠲᠤᠰᠭᠠᠢ ᠲᠥᠰᠦᠯ ᠦ᠋ᠨ ᠮᠥᠩᠭᠦ ᠣᠷᠤᠭᠤᠯᠤᠭᠰᠠᠨ ᠪᠠ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢᠨ 72 ᠲᠥᠰᠦᠯ ᠢ᠋ ᠬᠡᠷᠡᠭᠵᠢᠭᠦᠯᠦᠭᠡᠳ ᠮᠣᠩᠭᠤᠯ ᠬᠡᠯᠡᠨ ᠦ᠌ ᠮᠡᠳᠡᠭᠡ ᠵᠠᠩᠭᠢᠴᠢᠯᠠᠯᠲᠠ ᠶ᠋ᠢᠨ ᠰᠠᠭᠤᠷᠢ ᠰᠤᠳᠤᠯᠭᠠᠨ ᠢ᠋ ᠬᠦᠴᠦᠲᠡᠢ ᠠᠬᠢᠭᠤᠯᠤᠨ ᠴᠢᠳᠠᠪᠤᠷᠢᠲᠠᠨ ᠢ᠋ ᠬᠥᠮᠦᠵᠢᠭᠦᠯᠬᠦ᠂ ᠮᠡᠷᠭᠡᠵᠢᠯ ᠦ᠋ᠨ ᠨᠡᠭᠡᠭᠡᠯᠲᠡ᠂ ᠡᠬᠢ ᠪᠠᠶᠠᠯᠢᠭ ᠤᠨ ᠪᠠᠢᠭᠤᠯᠤᠯᠲᠠ᠂ ᠲᠦᠭᠡᠮᠡᠯᠵᠢᠭᠦᠯᠦᠨ ᠠᠰᠢᠭᠯᠠᠬᠤ ᠵᠡᠷᠭᠡ ᠡᠯ᠎ᠡ ᠴᠢᠬᠤᠯᠠ ᠬᠦᠷᠢᠶᠡᠨ ᠳ᠋ᠦ᠍ ᠵᠣᠬᠢᠴᠠᠩᠭᠤᠢ ᠪᠠᠷ ᠬᠥᠭᠵᠢᠭᠦᠯᠦᠭᠡᠳ ᠢᠯᠡᠷᠬᠡᠢ ᠦᠷ᠎ᠡ ᠠᠰᠢᠭ ᠣᠯᠵᠠᠢ᠃ 1.9 ᠳ᠋ᠦᠩᠰᠢᠭᠤᠷ ᠲᠥᠬᠦᠷᠢᠭ ᠦ᠋ᠨ ᠶᠡᠷᠦᠩᠬᠡᠢ ᠪᠡᠯᠡ ᠣᠷᠤᠭᠤᠯᠤᠯᠲᠠ ᠪᠦᠬᠦᠢ ᠮᠣᠩᠭᠤᠯ ᠬᠡᠯᠡ ᠦᠰᠦᠭ ᠪᠢᠴᠢᠭ ᠦᠨ ᠲᠣᠭᠠᠵᠢᠭᠤᠯᠤᠭᠰᠠᠨ ᠡᠬᠢ ᠪᠠᠶᠠᠯᠢᠭ ᠤᠨ ᠪᠠᠢᠭᠤᠯᠤᠯᠲᠠ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ ᠦᠨ ᠲᠥᠰᠦᠯ ᠢ᠋ ᠡᠬᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ᠌ ᠠᠮᠢᠳᠤᠷᠠᠯ ᠦᠢᠯᠡᠳᠪᠦᠷᠢᠯᠡᠯ ᠲᠡᠢ ᠨᠢᠭᠲᠠ ᠬᠣᠯᠪᠤᠭ᠎ᠠ ᠪᠦᠬᠦᠢ ᠲᠣᠭᠠᠵᠢᠭᠤᠯᠤᠭᠰᠠᠨ ᠡᠬᠢ ᠪᠠᠶᠠᠯᠢᠭ ᠢ ᠡᠭᠦᠳᠦᠨ ᠨᠡᠭᠡᠭᠡᠵᠦ᠂ ᠬᠠᠮᠤᠭ ᠤᠨ ᠰᠡᠭᠦᠯ ᠳ᠋ᠦ᠍ᠨᠢ ᠥᠪᠦᠷ ᠮᠣᠩᠭᠤᠯ ᠳᠤ ᠰᠠᠭᠤᠷᠢᠯᠠᠵᠤ ᠨᠠᠢ᠍ᠮᠠᠨ ᠮᠤᠵᠢ ᠣᠷᠤᠨ ᠳ᠋ᠤ᠌ ᠦᠢᠯᠡᠴᠢᠯᠡᠬᠦ᠂ ᠪᠠᠰᠠ ᠣᠷᠤᠰ᠂ ᠮᠣᠩᠭᠤᠯ ᠤᠷᠤᠭᠤ ᠰᠠᠴᠤᠬᠤ ᠮᠣᠩᠭᠤᠯ ᠬᠡᠯᠡ ᠦᠰᠦᠭ ᠪᠢᠴᠢᠭ ᠦᠨ ᠲᠣᠭᠠᠵᠢᠭᠤᠯᠤᠭᠰᠠᠨ ᠡᠬᠢ ᠪᠠᠶᠠᠯᠢᠭ ᠤᠨ ᠨᠡᠢᠲᠡ ᠪᠡᠷ ᠡᠳ᠋ᠯᠡᠬᠦ ᠦᠢᠯᠡᠴᠢᠯᠡᠭᠡᠨ ᠦ᠌ ᠲᠠᠪᠴᠠᠩ ᠢ ᠪᠦᠲᠦᠭᠡᠨ ᠪᠠᠢᠭᠤᠯᠤᠭᠠᠳ ᠮᠣᠩᠭᠤᠯ ᠬᠡᠯᠡ ᠦᠰᠦᠭ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢᠨ ᠦᠷ᠎ᠡ ᠪᠦᠲᠦᠮᠵᠢ ᠶ᠋ᠢ ᠡᠯ᠎ᠡ ᠦᠨᠳᠦᠰᠦᠲᠡᠨ ᠦ ᠣᠯᠠᠨ ᠲᠦᠮᠡᠨ ᠳ᠋ᠦ᠍ ᠬᠦᠷᠭᠡᠬᠦ ᠪᠣᠯᠤᠨ᠎ᠠ᠃

ᠬᠤᠶᠠᠷ ᠵᠢᠯ ᠭᠠᠷᠤᠢ ᠶᠢᠨ ᠠᠵᠢᠯ ᠢᠶᠠᠨ ᠳ᠋ᠦᠩᠨᠡᠵᠦ ᠦᠵᠡᠬᠦ ᠳ᠋ᠦ᠍ ᠪᠢᠳᠡᠨ ᠦ᠌ ᠪᠤᠢ ᠪᠦᠬᠦᠢ ᠠᠮᠵᠢᠯᠲᠠ ᠣᠯᠤᠯᠲᠠ  ᠨᠢ ᠤᠯᠤᠰ ᠤ᠋ᠨ ᠦᠨᠳᠦᠰᠦᠲᠡᠨ ᠦ ᠵᠥᠪᠯᠡᠯ᠂ ᠰᠤᠷᠭᠠᠨ ᠬᠥᠮᠦᠵᠢᠯ ᠦ᠋ᠨ ᠶᠠᠮᠤᠨ ᠤ᠋ ᠵᠥᠪ ᠣᠨᠤᠪᠴᠢᠲᠠᠢ ᠤᠳᠤᠷᠢᠳᠤᠯᠭ᠎ᠠ ᠪᠣᠯᠤᠨ ᠳᠣᠲᠤᠨᠤ ᠬᠠᠯᠠᠮᠵᠢᠯᠠᠯ ᠠᠴᠠ ᠰᠠᠯᠵᠤ ᠴᠢᠳᠠᠬᠤ ᠦᠭᠡᠢ ᠪᠥᠭᠡᠳ ᠬᠠᠮᠵᠢᠯᠴᠠᠬᠤ ᠮᠤᠵᠢ ᠣᠷᠤᠨ ᠤ ᠨᠠᠮ ᠤᠨ ᠬᠣᠷᠢᠶ᠎ᠠ ᠵᠠᠰᠠᠭ ᠤᠨ ᠣᠷᠳᠤᠨ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠬᠦᠴᠦᠲᠡᠢ ᠳᠡᠮᠵᠢᠭᠰᠡᠨ ᠪᠠ ᠡᠯ᠎ᠡ ᠬᠠᠮᠵᠢᠯᠴᠠᠬᠤ ᠭᠡᠰᠢᠭᠦᠳ ᠦ᠋ᠨ ᠴᠢᠩ ᠦᠨᠡᠨᠴᠢ ᠪᠡᠷ ᠬᠠᠮᠵᠢᠯᠴᠠᠵᠤ ᠬᠠᠮᠲᠤ ᠪᠠᠷ ᠴᠢᠷᠮᠠᠢᠭᠰᠠᠨ ᠤ ᠦᠷ᠎ᠡ ᠳ᠋ᠦᠩ ᠪᠣᠯᠬᠤ ᠶᠤᠮ᠃  ᠡᠨᠳᠡ ᠪᠢ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠢ ᠲᠥᠯᠦᠭᠡᠯᠡᠨ ᠬᠦᠨᠳᠦᠲᠦ ᠤᠳᠤᠷᠢᠳᠤᠯᠭ᠎ᠠ᠂ ᠭᠡᠰᠢᠭᠦᠳ ᠪᠣᠯᠤᠨ ᠮᠣᠩᠭᠤᠯ ᠬᠡᠯᠡ ᠪᠢᠴᠢᠭ ᠦᠨ ᠠᠵᠢᠯ ᠤᠨ ᠹᠷᠣᠨᠲ ᠳᠡᠭᠡᠷ᠎ᠡ ᠤᠷᠲᠤ ᠬᠤᠭᠤᠴᠠᠭ᠎ᠠ ᠪᠠᠷ ᠬᠠᠲᠠᠭᠤᠵᠢᠯᠲᠠᠢ ᠠᠵᠢᠯᠯᠠᠵᠤ ᠪᠠᠢᠭ᠎ᠠ ᠨᠥᠬᠥᠳ ᠲᠦ᠍ ᠴᠢᠩ ᠰᠡᠳᠭᠢᠯ ᠦ᠋ᠨ ᠲᠠᠯᠠᠷᠬᠠᠯ ᠳᠡᠪᠰᠢᠭᠦᠯᠵᠦ ᠪᠠᠢᠨ᠎ᠠ᠃ ᠪᠢᠳᠡ ᠠᠮᠵᠢᠯᠲᠠ ᠪᠠᠨ ᠳ᠋ᠦᠩᠨᠡᠬᠦ ᠶᠢᠨ ᠳᠠᠭᠠᠤ ᠬᠠᠮᠵᠢᠯᠴᠠᠭᠠᠨ ᠤ ᠠᠵᠢᠯ ᠳᠤ ᠣᠷᠤᠰᠢᠵᠤ ᠪᠠᠢᠭ᠎ᠠ ᠵᠠᠷᠢᠮ ᠬᠦᠷᠦᠯᠴᠡᠬᠦ ᠦᠭᠡᠢ ᠲᠠᠯ᠎ᠠ᠂ ᠵᠢᠱ᠌ᠢᠶᠡᠯᠡᠪᠡᠯ᠂ ᠵᠠᠷᠢᠮ ᠭᠠᠵᠠᠷ ᠣᠷᠤᠨ ᠪᠣᠯᠤᠨ ᠰᠠᠯᠠᠭ᠎ᠠ ᠮᠥᠴᠢᠷ ᠦ᠋ᠨ  ᠬᠠᠮᠵᠢᠯᠴᠠᠬᠤ ᠠᠵᠢᠯ ᠢ ᠴᠢᠬᠤᠯᠠᠴᠢᠯᠠᠵᠤ ᠦᠵᠡᠬᠦ ᠦᠭᠡᠢ᠂ ᠠᠵᠢᠯ ᠤᠨ ᠢᠳᠡᠪᠬᠢᠵᠢᠯ ᠨᠢ ᠠᠨᠠᠢ ᠪᠠᠢᠭ᠎ᠠ᠂ ᠪᠠᠢᠭᠤᠯᠤᠮᠵᠢ ᠪᠦᠷᠢᠨ ᠲᠥᠬᠦᠷ ᠪᠤᠰᠤ᠂ ᠠᠵᠢᠯᠲᠠᠨ ᠪᠣᠯᠤᠨ ᠵᠠᠷᠤᠳᠠᠯ ᠤ᠋ᠨ ᠮᠥᠩᠭᠦ ᠬᠦᠷᠦᠯᠴᠡᠬᠦ ᠦᠭᠡᠢ ᠪᠠᠢᠭ᠎ᠠ ᠵᠡᠷᠭᠡ ᠠᠰᠠᠭᠤᠳᠠᠯ ᠢ ᠴᠦ ᠣᠯᠵᠤ ᠬᠠᠷᠠᠬᠤ ᠬᠡᠷᠡᠭᠲᠡᠢ ᠶᠤᠮ᠃ ᠬᠠᠮᠵᠢᠯᠴᠠᠬᠤ ᠠᠵᠢᠯ ᠤᠨ ᠬᠦᠷᠢᠶ᠎ᠡ ᠴᠠᠷᠠᠭ᠎ᠠ᠂ ᠭᠦᠨᠴᠡ ᠶ᠋ᠢ ᠤᠯᠠᠮ ᠨᠢᠭᠡ ᠠᠯᠬᠤᠮ ᠥᠷᠭᠡᠳᠭᠡᠨ ᠲᠡᠯᠡᠵᠦ᠂ ᠬᠠᠮᠵᠢᠯᠴᠠᠬᠤ ᠠᠷᠭ᠎ᠠ ᠪᠠᠷᠢᠯ ᠪᠣᠯᠤᠨ ᠠᠭᠤᠯᠭ᠎ᠠ ᠶᠢᠨ ᠲᠠᠯ᠎ᠠ ᠪᠠᠷ ᠰᠢᠨ᠎ᠡ ᠶ᠋ᠢ ᠡᠭᠦᠳᠬᠦ ᠪᠣᠯ ᠮᠠᠨ ᠤ ᠬᠣᠢᠰᠢᠳᠠ ᠶ᠋ᠢᠨ ᠠᠵᠢᠯ ᠳᠠᠭᠠᠨ ᠨᠠᠷᠢᠨ ᠬᠢᠨᠠᠮᠠᠭᠠᠢ ᠰᠤᠳᠤᠯᠵᠤ᠂ ᠵᠣᠬᠢᠰᠲᠠᠢ ᠰᠢᠢᠳᠪᠦᠷᠢᠯᠡᠬᠦ ᠵᠦᠢᠯ ᠪᠣᠯᠵᠤ ᠪᠠᠢᠨ᠎ᠠ᠃

 

ᠬᠤᠶᠠᠷ᠂ ᠬᠣᠢᠰᠢᠳᠠ ᠶ᠋ᠢᠨ ᠠᠵᠢᠯ ᠤᠨ ᠰᠡᠳᠭᠢᠴᠡ ᠪᠣᠯᠤᠨ ᠪᠠᠢᠷᠢᠯᠠᠭᠤᠯᠤᠯᠲᠠ

 

ᠡᠷᠬᠢᠮ ᠬᠦᠨᠳᠦᠲᠦ ᠤᠳᠤᠷᠢᠳᠤᠯᠭ᠎ᠠ᠂ ᠨᠥᠬᠥᠳ ᠡ᠂ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠬᠠᠮᠵᠢᠯᠴᠠᠬᠤ ᠠᠵᠢᠯ ᠰᠢᠨ᠎ᠡ ᠴᠠᠭ ᠦᠶ᠎ᠡ ᠳ᠋ᠦ᠍ ᠳᠠᠪᠰᠢᠨ ᠣᠷᠤᠯ᠎ᠠ᠃ ᠰᠢᠨ᠎ᠡ ᠴᠠᠭ ᠦᠶ᠎ᠡ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠴᠠᠭ ᠦᠶ᠎ᠡ ᠲᠡᠢ ᠬᠠᠮᠲᠤ ᠪᠠᠷ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠬᠠᠮᠵᠢᠯᠴᠠᠬᠤ ᠠᠵᠢᠯ ᠢ ᠰᠠᠢᠲᠤᠷ ᠬᠢᠬᠦ ᠨᠢ ᠪᠢᠳᠡᠨ ᠦ᠌ ᠡᠮᠦᠨ᠎ᠡ ᠲᠤᠯᠭᠠᠷᠠᠵᠤ ᠪᠠᠢᠭ᠎ᠠ ᠴᠢᠬᠤᠯᠠ ᠰᠡᠳᠦᠪ ᠶᠤᠮ᠃ ᠣᠳᠣᠬᠠᠨ ᠤ ᠪᠣᠯᠤᠨ ᠬᠣᠢᠰᠢᠳᠠ ᠶ᠋ᠢᠨ ᠨᠢᠭᠡ ᠬᠤᠭᠤᠴᠠᠭᠠᠨ ᠤ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠬᠠᠮᠵᠢᠯᠴᠠᠬᠤ ᠠᠵᠢᠯ ᠤᠨ ᠰᠡᠳᠭᠢᠴᠡ ᠪᠣᠯ᠄ ᠨᠠᠮ ᠤᠨ ᠠᠷᠪᠠ ᠶᠢᠰᠦᠳᠦᠭᠡᠷ ᠬᠤᠷᠠᠯ ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠦᠨᠳᠦᠰᠦᠲᠡᠨ ᠦ ᠬᠡᠯᠡ ᠪᠢᠴᠢᠭ ᠦᠨ ᠲᠤᠬᠠᠢ ᠨᠠᠮ ᠪᠣᠯᠤᠨ ᠤᠯᠤᠰ ᠤ᠋ᠨ ᠴᠢᠭᠯᠡᠯᠲᠡ᠂ ᠲᠥᠷᠦ ᠶ᠋ᠢᠨ ᠪᠣᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ᠋ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠦ ᠤᠯᠠᠨ ᠲᠦᠮᠡᠨ ᠦ᠌ ᠦᠨᠳᠦᠰᠦᠲᠡᠨ ᠦ ᠦᠭᠡ ᠬᠡᠯᠡ ᠦᠰᠦᠭ ᠪᠢᠴᠢᠭ ᠢ᠋ᠶ᠋ᠡᠨ ᠰᠤᠷᠴᠤ ᠬᠡᠷᠡᠭᠯᠡᠬᠦ ᠡᠷᠬᠡ ᠮᠡᠳᠡᠯ ᠢ ᠬᠠᠤᠯᠢ ᠶᠣᠰᠤ ᠪᠠᠷ ᠪᠠᠲᠤᠯᠠᠵᠤ᠂ ᠬᠠᠮᠵᠢᠯᠴᠠᠬᠤ ᠮᠤᠵᠢ ᠣᠷᠤᠨ ᠤ ᠮᠣᠩᠭᠤᠯ ᠬᠡᠯᠡ ᠪᠢᠴᠢᠭ ᠢ ᠰᠤᠷᠴᠤ ᠬᠡᠷᠡᠭᠯᠡᠬᠦ᠂ ᠰᠤᠳᠤᠯᠤᠨ ᠬᠥᠭᠵᠢᠭᠦᠯᠬᠦ ᠪᠣᠳᠠᠲᠠᠢ ᠱᠠᠭᠠᠷᠳᠠᠯᠭ᠎ᠠ ᠪᠠᠷ ᠦᠨᠳᠦᠰᠦᠯᠡᠯ ᠪᠣᠯᠭᠠᠨ ᠬᠠᠮᠵᠢᠯᠴᠠᠬᠤ ᠵᠠᠷᠴᠢᠮ ᠢᠶᠠᠨ ᠦᠷᠭᠦᠯᠵᠢᠯᠡᠨ ᠪᠠᠷᠢᠮᠲᠠᠯᠠᠵᠤ᠂ ᠮᠣᠩᠭᠤᠯ ᠬᠡᠯᠡ ᠪᠢᠴᠢᠭ ᠦᠨ ᠪᠠᠷᠢᠮᠵᠢᠶᠠᠵᠢᠭᠤᠯᠬᠤ ᠰᠢᠰᠲ᠋ᠧᠮ ᠦᠨ ᠪᠠᠢᠭᠤᠯᠤᠯᠲᠠ᠂ ᠡᠬᠢ ᠪᠠᠶᠠᠯᠢᠭ ᠤᠨ ᠪᠠᠢᠭᠤᠯᠤᠯᠲᠠ᠂ ᠦᠢᠯᠡᠴᠢᠯᠡᠭᠡᠨ ᠦ᠌ ᠠᠭᠤᠯᠭ᠎ᠠ ᠶᠢᠨ ᠪᠠᠢᠭᠤᠯᠤᠯᠲᠠ ᠶ᠋ᠢ ᠤᠯᠠᠮ ᠴᠢᠩᠭᠠᠳᠭᠠᠵᠤ᠂ ᠬᠠᠮᠵᠢᠯᠴᠠᠬᠤ ᠠᠷᠭ᠎ᠠ ᠬᠡᠯᠪᠡᠷᠢ ᠪᠣᠯᠤᠨ ᠠᠴᠢᠶᠠᠯᠠᠭᠴᠢ ᠪᠠᠨ ᠰᠢᠨᠡᠳᠭᠡᠵᠦ᠂ ᠰᠦᠯᠵᠢᠶᠡᠨ ᠦ᠌ ᠮᠡᠳᠡᠭᠡ ᠵᠠᠩᠭᠢᠴᠢᠯᠠᠯᠲᠠ ᠶ᠋ᠢᠨ ᠬᠠᠮᠵᠢᠯᠴᠠᠭ᠎ᠠ ᠶᠢ ᠵᠢᠯᠤᠭᠤᠳᠤᠨ ᠮᠣᠩᠭᠤᠯ ᠬᠡᠯᠡ ᠪᠢᠴᠢᠭ ᠦᠨ ᠠᠵᠢᠯ ᠢᠶᠠᠨ ᠴᠠᠭ ᠦᠶ᠎ᠡ ᠶᠢᠨ ᠬᠥᠭᠵᠢᠯᠲᠡ ᠪᠡᠷ ᠬᠦᠴᠦᠲᠡᠢ ᠠᠬᠢᠭᠤᠯᠵᠤ᠂ ᠨᠠᠢ᠍ᠮᠠᠨ ᠮᠤᠵᠢ ᠣᠷᠤᠨ ᠤ ᠮᠣᠩᠭᠤᠯ ᠣᠯᠠᠨ ᠲᠦᠮᠡᠨ ᠳ᠋ᠦ᠍ ᠤᠯᠠᠮ ᠰᠠᠢᠲᠤᠷ ᠦᠢᠯᠡᠴᠢᠯᠡᠵᠦ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠠᠷ ᠲᠡᠮᠡᠴᠡᠨ ᠣᠯᠬᠤ ᠶ᠋ᠢ ᠠᠬᠢᠭᠤᠯᠬᠤ ᠪᠠ ᠦᠨᠳᠦᠰᠦᠲᠡᠨ ᠦ ᠪᠦᠯᠬᠦᠮᠳᠡᠯ ᠳᠠᠪᠰᠢᠯᠲᠠ ᠶ᠋ᠢᠨ ᠦᠢᠯᠡᠰ ᠦ᠋ᠨ ᠰᠢᠨ᠎ᠡ ᠪᠠᠢᠳᠠᠯ ᠢ ᠪᠤᠢ ᠪᠣᠯᠭᠠᠬᠤ ᠶ᠋ᠢᠨ ᠲᠥᠯᠦᠭᠡ ᠰᠢᠨ᠎ᠡ ᠵᠢᠳᠭᠦᠯ ᠭᠠᠷᠭᠠᠬᠤ ᠶᠠᠪᠤᠳᠠᠯ ᠮᠥᠨ᠃

(ᠨᠢᠭᠡ) ᠬᠠᠮᠵᠢᠯᠴᠠᠭᠠᠨ ᠤ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠵᠤ᠂ ᠡᠯ᠎ᠡ ᠲᠥᠷᠦᠯ ᠦ᠋ᠨ ᠠᠵᠢᠯ ᠢᠶᠠᠨ ᠯᠠᠪᠳᠠᠭᠤᠨ ᠪᠠᠲᠤᠲᠠᠢ ᠬᠢᠨ᠎ᠡ

ᠬᠠᠮᠵᠢᠯᠴᠠᠭ᠎ᠠ ᠪᠣᠯ ᠠᠵᠢᠯ ᠤᠨ ᠠᠷᠭ᠎ᠠ ᠪᠠᠷᠢᠯ ᠮᠥᠨ ᠪᠥᠭᠡᠳ ᠠᠮᠵᠢᠯᠲᠠ ᠣᠯᠬᠤ ᠡᠷᠳᠡᠨᠢ ᠶᠢᠨ ᠲᠦᠯᠬᠢᠭᠦᠷ ᠮᠥᠨ᠃ ᠬᠠᠮᠵᠢᠯᠴᠠᠬᠤ ᠮᠤᠵᠢ ᠣᠷᠤᠨ ᠤ᠋  ᠬᠢᠨ ᠬᠠᠮᠵᠢᠯᠴᠠᠬᠤ ᠠᠵᠢᠯ ᠤᠨ ᠪᠠᠢᠭᠤᠯᠤᠮᠵᠢ ᠶ᠋ᠢᠨ ᠳᠠᠪᠠᠭᠤᠯᠢᠭ ᠪᠣᠯᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠠᠯ᠎ᠠ ᠪᠠᠷ ᠮᠤᠵᠢ ᠣᠷᠤᠨ ᠤ᠋ ᠪᠠᠨ ᠨᠠᠮ ᠤᠨ ᠬᠣᠷᠢᠶ᠎ᠠ᠂ ᠵᠠᠰᠠᠭ ᠤᠨ ᠣᠷᠳᠤᠨ ᠤ᠋ ᠴᠢᠬᠤᠯᠠᠴᠢᠯᠠᠭ᠎ᠠ ᠪᠣᠯᠤᠨ ᠬᠣᠯᠪᠤᠭᠳᠠᠯ ᠪᠦᠬᠦᠢ ᠰᠠᠯᠠᠭ᠎ᠠ ᠮᠥᠴᠢᠷ ᠦ᠋ᠨ ᠳᠡᠮᠵᠢᠯᠭᠡ ᠶ᠋ᠢ ᠰᠠᠨᠠᠭᠠᠴᠢᠯᠠᠭ᠎ᠠ ᠲᠠᠢ ᠬᠦᠷᠲᠡᠵᠦ᠂ ᠥᠨᠳᠦᠷ ᠲᠦᠪᠰᠢᠨ ᠡᠴᠡ ᠠᠬᠢᠭᠤᠯᠤᠨ ᠬᠦᠴᠦᠲᠡᠢ ᠨᠠᠢᠳᠠᠪᠤᠷᠢᠵᠢᠭᠤᠯᠵᠤ᠂ ᠨᠥᠭᠦᠭᠡ ᠲᠠᠯ᠎ᠠ ᠪᠠᠷ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠦᠭᠡᠯᠡᠵᠦ᠂ ᠰᠢᠨ᠎ᠡ ᠶ᠋ᠢ ᠡᠭᠦᠳᠴᠦ᠂ ᠬᠠᠮᠵᠢᠯᠴᠠᠭᠠᠨ ᠤ ᠠᠵᠢᠯ ᠤᠨ ᠬᠥᠭᠵᠢᠯᠲᠡ ᠶ᠋ᠢᠨ ᠵᠢᠮ᠎ᠡ ᠶᠣᠰᠤ ᠪᠣᠯᠤᠨ ᠴᠢᠭᠯᠡᠯ ᠢ ᠵᠥᠪ ᠡᠵᠡᠮᠰᠢᠵᠦ᠂ ᠬᠠᠮᠵᠢᠯᠴᠠᠬᠤ ᠠᠭᠤᠯᠭ᠎ᠠ᠂ ᠬᠠᠮᠵᠢᠯᠴᠠᠬᠤ ᠠᠷᠭ᠎ᠠ ᠪᠠᠷᠢᠯ᠂ ᠬᠠᠮᠵᠢᠯᠴᠠᠬᠤ ᠲᠡᠰ ᠳᠠᠪᠬᠤᠷᠭ᠎ᠠ᠂ ᠬᠠᠮᠵᠢᠯᠴᠠᠬᠤ ᠬᠦᠴᠦᠯᠡᠴᠡ ᠶᠢᠨ ᠲᠠᠯ᠎ᠠ ᠪᠠᠷ ᠰᠢᠨ᠎ᠡ ᠶ᠋ᠢ ᠡᠷᠢᠯᠬᠢᠯᠡᠨ ᠬᠥᠭᠵᠢᠭᠦᠯᠬᠦ ᠬᠡᠷᠡᠭᠲᠡᠢ᠃

1. ᠦᠨᠳᠦᠰᠦᠲᠡᠨ ᠦ ᠰᠤᠷᠭᠠᠨ ᠬᠥᠮᠦᠵᠢᠯ ᠦ᠋ᠨ ᠬᠠᠮᠵᠢᠯᠴᠠᠬᠤ ᠬᠦᠴᠦᠯᠡᠴᠡ ᠶ᠋ᠢ ᠴᠢᠩᠭᠠᠳᠭᠠᠨ᠎ᠠ᠃ ᠬᠠᠮᠵᠢᠯᠴᠠᠬᠤ ᠮᠤᠵᠢ ᠣᠷᠤᠨ ᠤ ᠪᠣᠳᠠᠲᠠᠢ ᠱᠠᠭᠠᠷᠳᠠᠯᠭ᠎ᠠ ᠪᠣᠯᠤᠨ ᠦᠨᠳᠦᠰᠦᠲᠡᠨ ᠦ ᠶᠡᠬᠡ ᠳᠡᠭᠡᠳᠦ ᠰᠤᠷᠭᠠᠭᠤᠯᠢ ᠶ᠋ᠢᠨ ᠬᠥᠭᠵᠢᠯᠲᠡ ᠳ᠋ᠦ᠍ ᠦᠨᠳᠦᠰᠦᠯᠡᠨ ᠶᠡᠬᠡ ᠳᠡᠭᠡᠳᠦ ᠰᠤᠷᠭᠠᠭᠤᠯᠢ ᠶ᠋ᠢᠨ ᠲᠡᠭᠰᠢ ᠲᠣᠭ᠎ᠠ ᠪᠠᠷ ᠰᠣᠯᠢᠯᠴᠠᠬᠤ ᠰᠤᠷᠤᠭᠴᠢ ᠶ᠋ᠢᠨ ᠬᠠᠷᠢᠴᠠᠯ᠂ ᠰᠤᠷᠤᠭᠴᠢ ᠶᠢᠨ ᠲᠣᠭ᠎ᠠ ᠶ᠋ᠢ ᠴᠠᠭ ᠲᠤᠬᠠᠢ ᠳ᠋ᠤᠨᠢ ᠲᠣᠬᠢᠷᠠᠭᠤᠯᠵᠤ᠂ ᠬᠠᠮᠵᠢᠯᠴᠠᠬᠤ ᠮᠤᠵᠢ ᠣᠷᠤᠨ ᠤ ᠬᠣᠭᠤᠷᠤᠨᠳᠤᠬᠢ ᠰᠣᠷᠤᠭᠴᠢ ᠰᠣᠯᠢᠯᠴᠠᠬᠤ ᠠᠵᠢᠯ ᠢ ᠴᠢᠩᠭᠠᠳᠭᠠᠨ᠎ᠠ᠃ ᠮᠣᠩᠭᠤᠯ ᠬᠡᠯᠡᠨ ᠦ᠌ ᠣᠳᠣᠬᠢᠴᠢᠯᠠᠭᠰᠠᠨ ᠠᠯᠤᠰ ᠡᠵᠡᠮᠰᠢᠯᠲᠦ ᠰᠤᠷᠭᠠᠨ ᠬᠥᠮᠦᠵᠢᠯ ᠦ᠋ᠨ ᠠᠵᠢᠯ ᠢ ᠢᠳᠡᠪᠬᠢᠲᠡᠢ ᠥᠷᠨᠢᠭᠦᠯᠵᠦ᠂ ᠰᠢᠨ᠎ᠡ ᠮᠡᠷᠭᠡᠵᠢᠯ ᠰᠢᠨ᠎ᠡ ᠠᠷᠭ᠎ᠠ ᠪᠠᠷᠢᠯ ᠢ ᠭᠦᠢᠴᠡᠳ ᠠᠰᠢᠭᠯᠠᠵᠤ᠂ ᠤᠯᠤᠰ ᠤ᠋ᠨ ᠣᠳᠣᠬᠢᠴᠢᠯᠠᠭᠰᠠᠨ ᠠᠯᠤᠰ ᠡᠵᠡᠮᠰᠢᠯᠲᠦ ᠰᠤᠷᠭᠠᠨ ᠬᠥᠮᠦᠵᠢᠯ ᠦ᠋ᠨ ᠬᠥᠭᠵᠢᠯᠲᠡ ᠶ᠋ᠢᠨ ᠬᠠᠨᠳᠤᠰᠢ ᠪᠣᠯᠤᠨ ᠰᠤᠷᠭᠠᠨ ᠬᠥᠮᠦᠵᠢᠯ ᠦ᠋ᠨ ᠣᠳᠣᠬᠢᠴᠢᠯᠠᠯᠲᠠ᠂ ᠮᠡᠳᠡᠭᠡ ᠵᠠᠩᠭᠢᠴᠢᠯᠠᠯᠲᠠ ᠶ᠋ᠢᠨ ᠶᠠᠪᠤᠴᠠ ᠲᠠᠢ ᠵᠣᠬᠢᠴᠠᠭᠤᠯᠤᠨ᠎ᠠ᠃

2. ᠦᠨᠳᠦᠰᠦᠲᠡᠨ ᠦ ᠰᠣᠶᠤᠯ ᠤᠷᠠᠯᠢᠭ ᠤ᠋ᠨ ᠬᠠᠮᠵᠢᠯᠴᠠᠭ᠎ᠠ ᠶ᠋ᠢ ᠴᠢᠩᠭᠠᠳᠭᠠᠨ᠎ᠠ᠃ ᠡᠯ᠎ᠡ ᠲᠥᠷᠦᠯ ᠦ᠋ᠨ ᠰᠣᠶᠤᠯ ᠤᠷᠠᠯᠢᠭ ᠤ᠋ᠨ ᠬᠠᠮᠵᠢᠯᠴᠠᠬᠤ ᠠᠵᠢᠯᠯᠠᠭ᠎ᠠ ᠶᠢ ᠥᠷᠨᠢᠭᠦᠯᠬᠦ ᠶ᠋ᠢᠨ ᠬᠠᠮᠲᠤ ᠰᠡᠳᠭᠢᠴᠡ ᠪᠡᠨ ᠤᠯᠠᠮ ᠨᠢᠭᠡ ᠠᠯᠬᠤᠮ ᠲᠡᠯᠡᠵᠦ᠂ ᠪᠦᠲᠦᠮᠵᠢᠲᠡᠢ ᠠᠷᠭ᠎ᠠ ᠪᠠᠷᠢᠯ ᠢᠶᠠᠷ ᠨᠠᠢ᠍ᠮᠠᠨ ᠮᠤᠵᠢ ᠣᠷᠤᠨ ᠤ ᠰᠣᠶᠤᠯ ᠤᠷᠠᠯᠢᠭ ᠤ᠋ᠨ ᠴᠢᠳᠠᠪᠤᠷᠢᠲᠠᠨ ᠢ᠋ ᠬᠥᠮᠦᠵᠢᠭᠦᠯᠬᠦ ᠬᠦᠴᠦᠯᠡᠴᠡ ᠪᠡᠨ ᠨᠡᠮᠡᠭᠳᠡᠭᠦᠯᠵᠦ᠂ ᠨᠠᠢ᠍ᠮᠠᠨ ᠮᠤᠵᠢ ᠣᠷᠤᠨ ᠤ ᠰᠣᠶᠤᠯ ᠤᠷᠠᠯᠢᠭ ᠤᠨ ᠠᠵᠢᠯᠯᠠᠭᠠᠨ ᠤ ᠨᠡᠷᠡᠲᠦ ᠲᠡᠮᠳᠡᠭᠲᠦ ᠶ᠋ᠢ ᠡᠭᠦᠳᠬᠦ ᠪᠡᠷ ᠴᠢᠷᠮᠠᠢᠨ᠎ᠠ᠃ ᠨᠡᠢᠭᠡᠮ ᠦ᠋ᠨ ᠡᠯ᠎ᠡ ᠡᠲᠡᠭᠡᠳ ᠦ᠋ᠨ ᠳᠡᠮᠵᠢᠯᠭᠡ ᠶ᠋ᠢ ᠢᠳᠡᠪᠬᠢᠲᠡᠢ ᠣᠯᠵᠤ ᠪᠠᠢᠭᠠᠳ ᠣᠯᠠᠨ ᠬᠡᠯᠪᠡᠷᠢ ᠶ᠋ᠢᠨ᠂ ᠡᠯᠪᠡᠭ ᠪᠠᠶᠠᠯᠢᠭ ᠠᠭᠤᠯᠭ᠎ᠠ ᠪᠦᠬᠦᠢ ᠨᠠᠢ᠍ᠮᠠᠨ ᠮᠤᠵᠢ ᠣᠷᠤᠨ ᠤ ᠬᠡᠯᠡᠨ ᠦ᠌ ᠤᠷᠠᠯᠢᠭ ᠤ᠋ᠨ ᠬᠠᠮᠵᠢᠯᠴᠠᠬᠤ ᠠᠵᠢᠯ ᠢ ᠥᠷᠭᠡᠨ ᠢ᠋ᠶ᠋ᠡᠷ ᠥᠷᠨᠢᠭᠦᠯᠵᠦ᠂ ᠰᠣᠶᠤᠯ ᠤ᠋ᠨ ᠢᠲᠡᠭᠡᠯ ᠢ᠋ᠶ᠋ᠡᠨ ᠪᠠᠲᠤᠳᠭᠠᠨ ᠮᠣᠩᠭᠤᠯ ᠣᠯᠠᠨ ᠲᠦᠮᠡᠨ ᠦ᠌ ᠰᠣᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠵᠤ᠂ ᠣᠶᠤᠨ ᠰᠠᠨᠠᠭᠠᠨ ᠤ ᠭᠡᠷ ᠣᠷᠤᠨ ᠢ᠋ᠶ᠋ᠠᠨ ᠪᠠᠲᠤ ᠰᠠᠭᠤᠷᠢ ᠲᠠᠢ ᠴᠣᠭᠴᠠᠯᠠᠨ᠎ᠠ᠃

3. ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠦ᠋ᠨ ᠬᠠᠮᠵᠢᠯᠴᠠᠭ᠎ᠠ ᠶᠢ ᠭᠦᠨᠵᠡᠭᠡᠢ ᠥᠷᠨᠢᠭᠦᠯᠦᠨ᠎ᠡ᠃ ᠨᠠᠢ᠍ᠮᠠᠨ ᠮᠤᠵᠢ ᠣᠷᠤᠨ ᠤ ᠮᠣᠩᠭᠤᠯ ᠣᠯᠠᠨ ᠲᠦᠮᠡᠨ ᠳ᠋ᠦ᠍ ᠪᠠᠴᠢᠮ ᠱᠠᠭᠠᠷᠳᠠᠭᠳᠠᠵᠤ ᠪᠦᠬᠦᠢ ᠡᠯ᠎ᠡ ᠲᠥᠷᠦᠯ ᠦ᠋ᠨ ᠮᠣᠩᠭᠤᠯ ᠨᠣᠮ ᠪᠢᠴᠢᠭ᠂ ᠰᠡᠳᠭᠦᠯ᠂ ᠣᠨᠴᠠᠭᠠᠢᠯᠠᠨ ᠰᠢᠨᠵᠢᠯᠡᠭᠡ ᠮᠡᠷᠭᠡᠵᠢᠯ᠂ ᠰᠣᠶᠤᠯ ᠤᠷᠠᠯᠢᠭ᠂ ᠬᠡᠷᠡᠭᠯᠡᠭᠡᠨ ᠦ᠌ ᠮᠡᠷᠭᠡᠵᠢᠯ ᠵᠡᠷᠭᠡ ᠲᠠᠯ᠎ᠠ ᠶᠢᠨ ᠤᠩᠰᠢᠯᠭ᠎ᠠ ᠶ᠋ᠢᠨ ᠨᠣᠮ ᠪᠢᠴᠢᠭ ᠢ ᠦᠷᠭᠦᠯᠵᠢᠯᠡᠨ ᠬᠠᠩᠭᠠᠵᠤ᠂ ᠮᠣᠩᠭᠤᠯ ᠨᠣᠮ ᠪᠢᠴᠢᠭ ᠰᠣᠨᠢᠨ ᠰᠡᠳᠭᠦᠯ ᠦ᠋ᠨ ᠲᠠᠷᠬᠠᠭᠠᠯᠭ᠎᠎ᠠ ᠶ᠋ᠢᠨ ᠬᠦᠷᠢᠶ᠎ᠡ ᠬᠡᠪᠴᠢᠶ᠎ᠡ ᠶ᠋ᠢ ᠲᠠᠰᠤᠷᠠᠯᠲᠠ ᠦᠭᠡᠢ ᠥᠷᠭᠡᠳᠭᠡᠨ ᠲᠠᠷᠬᠠᠭᠠᠯᠭ᠎᠎ᠠ ᠶ᠋ᠢᠨ ᠠᠷᠭ᠎ᠠ ᠵᠠᠮ ᠢᠶᠠᠨ ᠲᠡᠭᠦᠯᠳᠡᠷᠵᠢᠭᠦᠯᠵᠦ᠂ ᠲᠠᠷᠢᠶᠠᠯᠠᠬᠤ ᠮᠠᠯᠵᠢᠬᠤ ᠣᠷᠤᠨ ᠢ᠋ ᠪᠦᠷᠬᠦᠭᠦᠯᠦᠨ᠎ᠡ᠃ ᠮᠣᠩᠭᠤᠯ ᠬᠡᠯᠡᠨ ᠦ᠌ ᠷᠠᠳᠢᠣ᠋ ᠲᠧᠯᠸᠢᠰ ᠦ᠋ᠨ ᠫᠷᠣᠭ᠌ᠷᠠᠮ  ᠤᠨ ᠴᠢᠨᠠᠷ ᠴᠢᠨᠰᠠᠭ᠎ᠠ ᠶ᠋ᠢ ᠦᠷᠭᠦᠯᠵᠢᠯᠡᠨ ᠳᠡᠭᠡᠭᠰᠢᠯᠡᠭᠦᠯᠵᠦ᠂ ᠮᠣᠩᠭᠤᠯ ᠣᠯᠠᠨ ᠲᠦᠮᠡᠨ ᠦ᠌ ᠰᠣᠨᠢᠷᠬᠠᠯ ᠳᠤ ᠨᠡᠢᠴᠡᠭᠰᠡᠨ ᠰᠢᠯᠢᠳᠡᠭ ᠪᠦᠲᠦᠭᠡᠯ ᠢ᠋ ᠨᠡᠩ ᠤᠯᠠᠨ ᠪᠦᠲᠦᠭᠡᠬᠦ ᠪᠡᠷ ᠴᠢᠷᠮᠠᠢᠵᠤ᠂ ᠣᠯᠠᠨ ᠲᠦᠮᠡᠨ ᠦ᠌ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠣᠶᠤᠨ ᠤ᠋ ᠰᠣᠶᠤᠯ ᠤ᠋ᠨ ᠱᠠᠭᠠᠷᠳᠠᠯᠭ᠎ᠠ ᠶ᠋ᠢ ᠬᠠᠩᠭᠠᠨ᠎ᠠ᠃

4. ᠮᠣᠩᠭᠤᠯ ᠡᠮ ᠡᠮᠨᠡᠯᠭᠡ ᠶᠢᠨ ᠬᠠᠮᠵᠢᠯᠴᠠᠭ᠎ᠠ ᠶ᠋ᠢ ᠴᠢᠩᠭᠠᠳᠭᠠᠨ᠎ᠠ᠃ ᠮᠣᠩᠭᠤᠯ ᠡᠮ ᠡᠮᠨᠡᠯᠭᠡ ᠶᠢᠨ ᠬᠠᠮᠵᠢᠯᠴᠠᠭᠠᠨ ᠤ ᠠᠵᠢᠯ ᠢ ᠤᠯᠠᠨ ᠬᠡᠯᠪᠡᠷᠢ ᠪᠡᠷ ᠥᠷᠨᠢᠭᠦᠯᠵᠦ᠂ ᠨᠠᠢ᠍ᠮᠠᠨ ᠮᠤᠵᠢ ᠣᠷᠤᠨ ᠤ ᠮᠣᠩᠭᠤᠯ ᠡᠮ ᠡᠮᠨᠡᠯᠭᠡ ᠶᠢᠨ ᠶᠡᠷᠦᠩᠬᠡᠢ ᠬᠢᠷᠢ ᠲᠦᠪᠰᠢᠨ ᠢ ᠳᠡᠭᠡᠭᠰᠢᠯᠡᠭᠦᠯᠬᠦ ᠪᠡᠷ ᠴᠢᠷᠮᠠᠢᠨ᠎ᠠ᠃ ᠥᠪᠦᠷ ᠮᠣᠩᠭᠤᠯ ᠤᠨ ᠣᠯᠠᠨ ᠤᠯᠤᠰ ᠤ᠋ᠨ ᠮᠣᠩᠭᠤᠯ ᠡᠮᠨᠡᠯᠭᠡ ᠶᠢᠨ ᠬᠣᠷᠢᠶᠠᠨ ᠤ᠋ ᠰᠠᠭᠤᠷᠢᠨ ᠭᠠᠵᠠᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠮᠣᠩᠭᠤᠯ ᠠᠨᠠᠭᠠᠬᠤ ᠤᠬᠠᠭᠠᠨ ᠤ ᠡᠮᠴᠢᠯᠡᠭᠡᠨ ᠦ᠌ ᠡᠩᠨᠡᠭᠡ ᠶ᠋ᠢ ᠬᠥᠮᠦᠵᠢᠭᠦᠯᠬᠦ᠂ ᠰᠢᠨ᠎ᠡ ᠲᠥᠷᠦᠯ ᠦ᠋ᠨ ᠮᠣᠩᠭᠤᠯ ᠡᠮ ᠢ ᠰᠤᠳᠤᠯᠤᠨ ᠪᠦᠲᠦᠭᠡᠬᠦ ᠵᠡᠷᠭᠡ ᠲᠠᠯ᠎ᠠ ᠪᠠᠷ ᠬᠠᠮᠵᠢᠯᠴᠠᠬᠤ ᠮᠤᠵᠢ ᠣᠷᠤᠨ ᠳ᠋ᠤ᠌ ᠳᠠᠢᠴᠢᠯᠠᠨ ᠳᠠᠭᠠᠭᠤᠯᠬᠤ ᠦᠢᠯᠡᠳᠦᠯ ᠦᠵᠡᠭᠦᠯᠦᠨ᠎ᠡ᠃

5. ᠮᠣᠩᠭᠤᠯ ᠬᠡᠯᠡ ᠪᠢᠴᠢᠭ ᠦᠨ ᠡᠷᠳᠡᠮ ᠰᠢᠨᠵᠢᠯᠡᠭᠡᠨ ᠦ᠌ ᠠᠵᠢᠯ ᠤᠨ ᠬᠠᠮᠵᠢᠯᠴᠠᠭ᠎ᠠ ᠶ᠋ᠢ ᠴᠢᠩᠭᠠᠳᠭᠠᠨ᠎ᠠ᠃ ᠮᠣᠩᠭᠤᠯ ᠬᠡᠯᠡ ᠪᠢᠴᠢᠭ ᠦᠨ ᠰᠠᠭᠤᠷᠢ ᠣᠨᠤᠯ ᠤ᠋ᠨ ᠰᠤᠳᠤᠯᠤᠯ᠂ ᠬᠡᠷᠡᠭᠯᠡᠭᠡᠨ ᠦ᠌ ᠰᠤᠳᠤᠯᠤᠯ ᠪᠣᠯᠤᠨ ᠳᠦᠷᠢᠮᠵᠢᠯ᠂ ᠪᠠᠷᠢᠮᠵᠢᠶᠠᠵᠢᠯ᠂ ᠮᠡᠳᠡᠭᠡ ᠵᠠᠩᠭᠢᠴᠢᠯᠠᠯᠲᠠ ᠶ᠋ᠢᠨ ᠠᠵᠢᠯ ᠢ ᠰᠠᠢᠲᠤᠷ ᠬᠢᠵᠦ᠂ ᠮᠣᠩᠭᠤᠯ ᠬᠡᠯᠡ ᠪᠢᠴᠢᠭ ᠦᠨ ᠲᠣᠭᠠᠵᠢᠭᠤᠯᠤᠭᠰᠠᠨ ᠡᠬᠢ ᠪᠠᠶᠠᠯᠢᠭ ᠤᠨ ᠪᠠᠢᠭᠤᠯᠤᠯᠲᠠ ᠪᠣᠯᠤᠨ ᠬᠠᠮᠲᠤ ᠪᠠᠷ ᠡᠳ᠋ᠯᠡᠬᠦ ᠢᠨᠵᠧᠨᠧᠷᠢᠩ ᠦᠨ ᠲᠥᠰᠦᠯ ᠢ᠋ ᠰᠠᠢᠲᠤᠷ ᠬᠢᠵᠦ᠂ ᠰᠢᠨᠵᠢᠯᠡᠭᠡᠨ ᠦ᠌ ᠦᠷ᠎ᠡ ᠪᠦᠲᠦᠭᠡᠯ ᠢ᠋ ᠬᠡᠷᠡᠭᠯᠡᠭᠡᠨ ᠳ᠋ᠦ᠍ ᠣᠷᠤᠭᠤᠯᠬᠤ ᠶ᠋ᠢ ᠲᠦᠷᠭᠡᠳᠭᠡᠨ ᠲᠥᠰᠦᠯ ᠦ᠋ᠨ ᠦᠷ᠎ᠡ ᠪᠦᠲᠦᠭᠡᠯ ᠢ᠋ ᠬᠠᠮᠵᠢᠯᠴᠠᠬᠤ ᠮᠤᠵᠢ ᠣᠷᠤᠨ ᠳ᠋ᠤ᠌ ᠨᠡᠩ ᠲᠦᠷᠭᠡᠨ ᠬᠦᠷᠭᠡᠬᠦ ᠪᠣᠯᠤᠨ᠎ᠠ᠃ ᠮᠣᠩᠭᠤᠯ ᠨᠡᠷ᠎ᠡ ᠲᠣᠮᠢᠶᠠᠨ ᠤ ᠠᠵᠢᠯ ᠢ ᠤᠯᠠᠮ ᠨᠢᠭᠡ ᠠᠯᠬᠤᠮ ᠴᠢᠩᠭᠠᠳᠭᠠᠵᠤ᠂ ᠰᠢᠨ᠎ᠡ ᠦᠭᠡ ᠨᠡᠷ᠎ᠡ ᠲᠣᠮᠢᠶ᠎ᠠ ᠶ᠋ᠢ ᠴᠠᠭ ᠲᠤᠬᠠᠢ ᠳᠤᠨᠢ ᠣᠨᠤᠪᠴᠢᠲᠠᠢ ᠬᠢᠨᠠᠨ ᠲᠣᠭᠲᠠᠭᠠᠵᠤ ᠨᠢᠭᠡᠳᠭᠡᠬᠦ ᠪᠥᠭᠡᠳ 《ᠮᠣᠩᠭᠤᠯ ᠨᠡᠷ᠎ᠡ ᠲᠣᠮᠢᠶᠠᠨ ᠤ ᠠᠯᠪᠠᠨ ᠮᠡᠳᠡᠭᠡ》 ᠶᠢᠨ ᠲᠠᠷᠬᠠᠭᠠᠯᠲᠠ ᠶ᠋ᠢᠨ ᠬᠡᠪᠴᠢᠶ᠎ᠡ ᠶ᠋ᠢ ᠥᠷᠭᠡᠳᠭᠡᠨ᠎ᠡ᠃

6. ᠮᠣᠩᠭᠤᠯ ᠣᠷᠴᠢᠭᠤᠯᠭ᠎ᠠ ᠶᠢᠨ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠦ ᠰᠤᠷᠪᠤᠯᠵᠢ ᠪᠢᠴᠢᠭ ᠦᠨ ᠬᠠᠮᠵᠢᠯᠴᠠᠭ᠎ᠠ ᠶᠢ ᠤᠯᠠᠮ ᠰᠠᠢᠲᠤᠷ ᠬᠢᠨ᠎ᠡ᠃ ᠮᠣᠩᠭᠤᠯ ᠬᠡᠯᠡ ᠪᠢᠴᠢᠭ ᠦᠨ ᠣᠷᠴᠢᠭᠤᠯᠭ᠎ᠠ ᠶᠢᠨ ᠠᠵᠢᠯ ᠤᠨ ᠬᠠᠮᠢᠶᠠᠷᠤᠯᠲᠠ ᠶ᠋ᠢᠨ ᠪᠠᠢᠭᠤᠯᠤᠮᠵᠢ ᠪᠣᠯᠤᠨ ᠠᠵᠢᠯᠯᠠᠬᠤ ᠲᠣᠭᠲᠠᠯᠴᠠᠭ᠎ᠠ ᠶ᠋ᠢ ᠤᠯᠠᠮ ᠲᠡᠭᠦᠯᠳᠡᠷᠵᠢᠭᠦᠯᠵᠦ᠂ ᠣᠷᠴᠢᠭᠤᠯᠤᠭᠴᠢ ᠶ᠋ᠢᠨ ᠡᠩᠨᠡᠭᠡᠨ ᠦ᠌ ᠪᠠᠢᠭᠤᠯᠤᠯᠲᠠ ᠶ᠋ᠢ ᠲᠦᠷᠭᠡᠳᠭᠡᠨ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠣᠷᠴᠢᠭᠤᠯᠭ᠎ᠠ ᠶᠢᠨ ᠪᠣᠯᠪᠠᠰᠤᠷᠠᠯ ᠢ᠋ ᠦᠷᠭᠦᠯᠵᠢᠯᠡᠨ ᠡᠷᠬᠢᠯᠡᠵᠦ᠂ ᠥᠨᠳᠦᠷ ᠬᠡᠪ ᠴᠢᠨᠠᠷ ᠪᠦᠬᠦᠢ ᠣᠷᠴᠢᠭᠤᠯᠭ᠎ᠠ ᠶᠢᠨ ᠴᠢᠳᠠᠪᠤᠷᠢᠲᠠᠨ ᠤ᠋ ᠡᠩᠨᠡᠭᠡ ᠶ᠋ᠢ ᠬᠥᠮᠦᠵᠢᠭᠦᠯᠦᠨ᠎ᠡ᠃ ᠮᠣᠩᠭᠤᠯ ᠬᠡᠯᠡ ᠪᠢᠴᠢᠭ ᠦᠨ ᠣᠷᠴᠢᠭᠤᠯᠭ᠎ᠠ ᠶᠢᠨ ᠣᠨᠤᠯ ᠤ᠋ᠨ ᠰᠤᠳᠤᠯᠤᠯ ᠪᠣᠯᠤᠨ ᠬᠡᠷᠡᠭᠯᠡᠭᠡᠨ ᠦ᠌ ᠰᠤᠳᠤᠯᠤᠯ ᠢ᠋ ᠰᠠᠢᠲᠤᠷ ᠬᠢᠵᠦ᠂ ᠰᠤᠳᠤᠯᠭᠠᠨ ᠤ᠋ ᠥᠷᠭᠡᠴᠡ᠂ ᠭᠦᠨᠴᠡ ᠶ᠋ᠢ ᠥᠷᠭᠡᠳᠭᠡᠨ᠎ᠡ᠃ ᠮᠣᠩᠭᠤᠯ ᠣᠷᠴᠢᠭᠤᠯᠭ᠎ᠠ ᠶᠢᠨ ᠨᠡᠢᠲᠡ ᠶ᠋ᠢᠨ ᠦᠢᠯᠡᠴᠢᠯᠡᠭᠡᠨ ᠦ᠌ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠣᠩᠭᠤᠯ ᠭᠡᠯᠡ ᠪᠢᠴᠢᠭ ᠦᠨ ᠣᠷᠴᠢᠭᠤᠯᠭ᠎ᠠ ᠶᠢᠨ ᠰᠣᠶᠤᠯ ᠤ᠋ᠨ ᠪᠦᠲᠦᠭᠡᠭᠳᠡᠬᠦᠨ ᠦ᠌ ᠶᠠᠰᠤ ᠴᠢᠨᠠᠷ᠂ ᠲᠣᠭ᠎ᠠ ᠬᠡᠮᠵᠢᠶ᠎ᠡ ᠶ᠋ᠢ ᠨᠡᠮᠡᠭᠳᠡᠭᠦᠯᠵᠦ᠂ ᠮᠣᠩᠭᠤᠯ ᠣᠷᠴᠢᠭᠤᠯᠭ᠎ᠠ ᠶᠢᠨ ᠠᠵᠢᠯ ᠤᠨ ᠳᠦᠷᠢᠮᠵᠢᠯ᠂ ᠪᠠᠷᠢᠮᠵᠢᠶᠠᠵᠢᠯ᠂ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢ ᠲᠦᠷᠭᠡᠳᠭᠡᠨ᠎ᠡ᠃ ᠴᠥᠭᠡᠨ ᠲᠣᠭᠠᠲᠤ ᠦᠨᠳᠦᠰᠦᠲᠡᠨ ᠦ ᠰᠤᠷᠪᠤᠯᠵᠢ ᠪᠢᠴᠢᠭ ᠢ ᠴᠤᠭᠯᠠᠭᠤᠯᠬᠤ᠂ ᠠᠪᠤᠷᠠᠨ ᠬᠠᠮᠠᠭᠠᠯᠠᠬᠤ᠂ ᠡᠮᠬᠢᠯᠡᠬᠦ᠂ ᠲᠥᠯᠦᠪᠵᠢᠭᠦᠯᠬᠦ᠂ ᠬᠡᠪᠯᠡᠭᠦᠯᠬᠦ ᠠᠵᠢᠯ ᠢ ᠰᠠᠢᠲᠤᠷ ᠬᠢᠵᠦ᠂ ᠨᠠᠢ᠍ᠮᠠᠨ ᠮᠤᠵᠢ ᠣᠷᠤᠨ ᠤ 《ᠭᠡᠰᠡᠷ》 ᠢ ᠰᠤᠳᠤᠯᠬᠤ ᠠᠵᠢᠯ ᠤᠨ ᠬᠦᠴᠦᠯᠡᠴᠡ ᠶ᠋ᠢ ᠴᠢᠩᠭᠠᠳᠭᠠᠵᠤ᠂ ᠭᠤᠷᠪᠠᠳᠤᠭᠠᠷ ᠤᠳᠠᠭᠠᠨ ᠤ᠋ ᠨᠠᠢ᠍ᠮᠠᠨ ᠮᠤᠵᠢ ᠣᠷᠤᠨ ᠤ ᠴᠥᠭᠡᠨ ᠲᠣᠭᠠᠲᠤ ᠦᠨᠳᠦᠰᠦᠲᠡᠨ ᠦ ᠰᠤᠷᠪᠤᠯᠵᠢ ᠪᠢᠴᠢᠭ ᠦᠨ ᠠᠵᠢᠯ ᠤᠨ ᠬᠤᠷᠠᠯ ᠢ ᠰᠠᠢᠲᠤᠷ ᠬᠤᠷᠠᠯᠳᠤᠭᠤᠯᠬᠤ ᠪᠣᠯᠤᠨ᠎ᠠ᠃

(ᠬᠤᠶᠠᠷ) ᠲᠥᠯᠦᠪᠵᠢᠭᠦᠯᠭᠡ ᠪᠡᠷ ᠤᠳᠤᠷᠢᠳᠤᠭᠤᠯᠵᠤ᠂ ᠠᠵᠢᠯᠯᠠᠭ᠎ᠠ ᠪᠠᠨ ᠳᠦᠷᠢᠮ ᠲᠣᠭᠲᠠᠭᠠᠯ ᠢ᠋ᠶ᠋ᠠᠷ ᠵᠢᠷᠤᠮᠵᠢᠭᠤᠯᠵᠤ᠂ ᠨᠠᠢ᠍ᠮᠠᠨ ᠮᠤᠵᠢ ᠣᠷᠤᠨ ᠤ ᠬᠠᠮᠵᠢᠯᠴᠠᠭᠠᠨ ᠤ ᠠᠵᠢᠯ ᠢ ᠬᠠᠤᠯᠢ ᠶᠣᠰᠤ ᠪᠠᠷ ᠪᠠᠲᠤᠯᠠᠨ᠎ᠠ

ᠪᠢᠳᠡ 《ᠤᠯᠤᠰ ᠤ᠋ᠨ ᠳᠤᠮᠳᠠ ᠤᠷᠲᠤ ᠬᠤᠭᠤᠴᠠᠭᠠᠨ ᠤ ᠦᠭᠡ ᠬᠡᠯᠡ ᠦᠰᠦᠭ ᠪᠢᠴᠢᠭ ᠦᠨ ᠦᠢᠯᠡᠰ ᠦ᠋ᠨ ᠥᠭᠡᠷᠡᠴᠢᠯᠡᠯᠲᠡ ᠪᠣᠯᠤᠨ ᠬᠥᠭᠵᠢᠭᠦᠯᠦᠯᠲᠡ ᠶ᠋ᠢᠨ ᠲᠥᠯᠦᠪᠵᠢᠭᠦᠯᠭᠡ ᠶ᠋ᠢᠨ ᠬᠥᠲᠦᠯᠪᠦᠷᠢ》᠂ 《ᠤᠯᠤᠰ ᠤ᠋ᠨ ᠦᠨᠳᠦᠰᠦᠲᠡᠨ ᠦ ᠵᠥᠪᠯᠡᠯ ᠦ᠋ᠨ ᠴᠥᠭᠡᠨ ᠲᠣᠭᠠᠲᠤ ᠦᠨᠳᠦᠰᠦᠲᠡᠨ ᠦ ᠦᠭᠡ ᠬᠡᠯᠡ ᠦᠰᠦᠭ ᠪᠢᠴᠢᠭ ᠦᠨ ᠬᠠᠮᠢᠶᠠᠷᠤᠯᠲᠠ ᠶ᠋ᠢᠨ ᠠᠵᠢᠯ ᠢ ᠤᠯᠠᠮ ᠰᠠᠢᠲᠤᠷ ᠬᠢᠬᠦ ᠲᠤᠬᠠᠢ ᠰᠠᠨᠠᠯ》᠂ 《ᠤᠯᠤᠰ ᠤ᠋ᠨ ᠦᠨᠳᠦᠰᠦᠲᠡᠨ ᠦ ᠵᠥᠪᠯᠡᠯ ᠦ᠋ᠨ <ᠠᠷᠪᠠᠨ ᠭᠤᠷᠪᠠᠳᠤᠭᠠᠷ ᠲᠠᠪᠤᠨ ᠵᠢᠯ> ᠤᠨ ᠴᠥᠭᠡᠨ ᠲᠣᠭᠠᠲᠤ ᠦᠨᠳᠦᠰᠦᠲᠡᠨ ᠦ ᠦᠭᠡ ᠬᠡᠯᠡ ᠦᠰᠦᠭ ᠪᠢᠴᠢᠭ ᠦᠨ ᠲᠥᠯᠦᠪᠵᠢᠭᠦᠯᠭᠡ》 ᠶ᠋ᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠯᠤᠨ᠎ᠠ᠃ ᠬᠠᠮᠵᠢᠯᠴᠠᠬᠤ ᠳᠤᠭᠤᠢᠯᠠᠩ ᠤᠨ ᠠᠯᠪᠠᠨ ᠭᠡᠷ ᠦ᠋ᠨ  ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ 《ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠵᠢᠯ ᠤᠨ ᠳᠦᠷᠢᠮ》᠂ 《ᠰᠢᠨ᠎ᠡ ᠪᠠᠢᠳᠠᠯ ᠳᠣᠣᠷᠠᠬᠢ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠭ᠎ᠠ ᠶᠢ ᠤᠯᠠᠮ ᠴᠢᠩᠭᠠᠳᠭᠠᠬᠤ ᠲᠤᠬᠠᠢ ᠰᠠᠨᠠᠯ》᠂ 《2018 — 2025 ᠣᠨ ᠤ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠭᠠᠨ ᠤ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ ᠶ᠋ᠢᠨ ᠬᠥᠲᠦᠯᠪᠦᠷᠢ》᠂ 《2018 — 2020 ᠣᠨ ᠤ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠭᠠᠨ ᠤ ᠲᠥᠯᠦᠪᠵᠢᠭᠦᠯᠭᠡ》 ᠵᠡᠷᠭᠡ ᠳᠥᠷᠪᠡᠨ ᠪᠢᠴᠢᠭ ᠮᠠᠲ᠋ᠧᠷᠢᠶᠠᠯ ᠢ ᠲᠤᠭᠤᠷᠪᠢᠭᠰᠠᠨ ᠪᠤᠶᠤ ᠵᠠᠰᠠᠪᠤᠷᠢᠯᠠᠨ ᠲᠤᠭᠤᠷᠪᠢᠭᠠᠳ ᠬᠤᠷᠠᠯ ᠢᠶᠠᠷ ᠶᠠᠷᠢᠯᠴᠠᠭᠤᠯᠵᠠᠢ᠃ 《ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠢᠯᠠᠩ ᠤᠨ ᠠᠵᠢᠯ ᠤᠨ ᠳᠦᠷᠢᠮ》 ᠪᠣᠯ ᠬᠠᠮᠵᠢᠯᠴᠠᠬᠤ ᠳᠤᠭᠤᠢᠯᠠᠩ ᠤᠨ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠪᠠᠢᠭᠤᠯᠤᠮᠵᠢ ᠪᠣᠯᠤᠨ ᠬᠠᠮᠵᠢᠯᠴᠠᠬᠤ ᠳᠦᠷᠢᠮ ᠢ᠋ ᠲᠣᠳᠤᠷᠬᠠᠢᠯᠠᠭᠰᠠᠨ ᠬᠠᠮᠵᠢᠯᠴᠠᠬᠤ ᠳᠤᠭᠤᠢᠯᠠᠩ ᠤᠨ ᠠᠵᠢᠯ ᠥᠷᠨᠢᠭᠦᠯᠬᠦ ᠶᠡᠷᠦᠩᠬᠡᠢ ᠳᠦᠷᠢᠮ ᠮᠥᠨ᠃ 《ᠰᠠᠨᠠᠯ》 ᠳᠤ ᠰᠢᠨ᠎ᠡ ᠴᠠᠭ ᠦᠶ᠎ᠡ ᠳ᠋ᠡᠬᠢ ᠨᠠᠢ᠍ᠮᠠᠨ ᠮᠤᠵᠢ ᠣᠷᠤᠨ ᠤ ᠬᠠᠮᠵᠢᠯᠴᠠᠬᠤ ᠠᠵᠢᠯ ᠤᠨ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠭᠣᠣᠯ ᠰᠡᠳᠦᠪ᠂ ᠬᠠᠮᠵᠢᠯᠴᠠᠬᠤ ᠵᠠᠷᠴᠢᠮ᠂ ᠲᠥᠷᠦ ᠶ᠋ᠢᠨ ᠪᠣᠳᠤᠯᠭ᠎ᠠ ᠠᠷᠭ᠎ᠠ ᠬᠡᠮᠵᠢᠶ᠎ᠡ ᠪᠣᠯᠤᠨ ᠪᠠᠲᠤᠯᠠᠬᠤ ᠲᠣᠭᠲᠠᠯᠴᠠᠭ᠎ᠠ ᠶ᠋ᠢ ᠲᠣᠳᠤᠷᠬᠠᠢᠯᠠᠭᠰᠠᠨ ᠲᠤᠯᠠ ᠬᠣᠢᠰᠢᠳᠠ ᠶ᠋ᠢᠨ ᠨᠢᠭᠡ ᠬᠤᠭᠤᠴᠠᠭᠠᠨ ᠤ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠭᠠᠨ ᠤ ᠦᠨᠳᠦᠰᠦᠨ ᠵᠢᠷᠤᠮᠯᠠᠯ ᠪᠣᠯᠬᠤ ᠶᠤᠮ᠃ 《ᠲᠥᠯᠦᠪᠵᠢᠭᠦᠯᠭᠡ》 ᠳᠤ ᠣᠢᠷ᠎ᠠ ᠶᠢᠨ ᠭᠤᠷᠪᠠᠨ ᠵᠢᠯ ᠦ᠋ᠨ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠭᠠᠨ ᠤ ᠭᠣᠣᠯ ᠡᠭᠦᠷᠭᠡ ᠶ᠋ᠢ ᠲᠣᠭᠲᠠᠭᠠᠭᠰᠠᠨ ᠪᠣᠯ 《ᠬᠥᠲᠦᠯᠪᠦᠷᠢ》 ᠳᠤ 2018 — 2025 ᠣᠨ ᠤ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠭᠠᠨ ᠤ ᠦᠨᠳᠦᠰᠦᠨ ᠱᠠᠭᠠᠷᠳᠠᠯᠭ᠎ᠠ᠂ ᠬᠠᠮᠵᠢᠯᠴᠠᠬᠤ ᠮᠤᠵᠢ ᠣᠷᠤᠨ ᠤ ᠬᠠᠷᠠᠯᠲᠠᠲᠤ ᠡᠭᠦᠷᠭᠡ ᠶ᠋ᠢ ᠲᠣᠳᠤᠷᠬᠠᠢᠯᠠᠵᠠᠢ᠃ ᠡᠨᠡ  ᠬᠦ ᠳᠥᠷᠪᠡᠨ ᠪᠢᠴᠢᠭ ᠮᠠᠲ᠋ᠧᠷᠢᠶᠠᠯ ᠢ ᠲᠣᠭᠲᠠᠭᠠᠭᠰᠠᠨ  ᠨᠢ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠢ ᠪᠦᠬᠦ ᠲᠠᠯ᠎ᠠ ᠪᠠᠷ ᠲᠥᠯᠦᠪᠵᠢᠭᠦᠯᠵᠦ᠂ ᠨᠢᠭᠡᠳᠦᠯᠲᠡᠢ ᠲᠥᠯᠦᠪᠯᠡᠨ ᠵᠣᠬᠢᠴᠠᠭᠤᠯᠵᠤ᠂ ᠡᠮᠬᠢ ᠵᠢᠷᠤᠮ ᠲᠠᠢ ᠬᠢᠬᠦ ᠶᠢᠨ ᠲᠥᠯᠦᠭᠡ ᠶᠤᠮ᠃ᠭᠡᠰᠢᠭᠦᠳ ᠬᠢᠨᠠᠮᠠᠭᠠᠢ ᠤᠩᠰᠢᠨ ᠰᠤᠳᠤᠯᠵᠤ᠂ ᠰᠠᠨᠠᠯ ᠰᠢᠭᠦᠮᠵᠢ ᠥᠭᠬᠦ ᠶ᠋ᠢ ᠬᠦᠰᠡᠵᠦ ᠪᠠᠢᠨ᠎ᠠ᠃

(ᠭᠤᠷᠪᠠ) ᠵᠢᠱ᠌ᠢᠶ᠎ᠡ ᠦᠵᠡᠭᠦᠯᠵᠦ ᠳᠠᠭᠠᠭᠤᠯᠬᠤ ᠶ᠋ᠢ ᠪᠠᠷᠢᠮᠲᠠᠯᠠᠵᠤ᠂ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢ ᠲᠦᠷᠭᠡᠨ ᠠᠬᠢᠭᠤᠯᠤᠨ᠎ᠠ

ᠮᠣᠩᠭᠤᠯ ᠬᠡᠯᠡ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠰᠤᠳᠤᠯᠭᠠᠨ ᠤ᠋ ᠠᠵᠢᠯ ᠤᠨ ᠲᠠᠯ᠎ᠠ ᠳᠠᠬᠢ ᠥᠪᠦᠷ ᠮᠣᠩᠭᠤᠯ ᠤᠨ ᠵᠢᠱ᠌ᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠤᠯᠠᠮ ᠴᠢᠩᠭᠠᠳᠭᠠᠵᠤ᠂ ᠮᠣᠩᠭᠤᠯ ᠬᠡᠯᠡ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠦᠷ᠎ᠡ ᠪᠦᠲᠦᠭᠡᠯ ᠢ᠋ ᠳᠡᠯᠭᠡᠷᠡᠭᠦᠯᠦᠨ  ᠠᠰᠢᠭᠯᠠᠬᠤ ᠶ᠋ᠢ ᠯᠠᠪᠳᠠᠭᠤᠨ ᠪᠠᠲᠤᠲᠠᠢ ᠬᠢᠨ᠎ᠡ᠃ ᠬᠣᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠳᠤᠯᠭᠠᠨ ᠤ᠋ ᠪᠠᠢᠭᠤᠯᠭ᠎ᠠ ᠨᠤᠭᠤᠳ ᠢ ᠵᠢᠯᠤᠭᠤᠳᠴᠤ  ᠪᠠᠢᠭᠠᠳ ᠤᠯᠠᠨ ᠤᠯᠤᠰ ᠤᠨ ᠪᠠᠷᠢᠮᠵᠢᠶ᠎ᠠ ᠺᠣᠳ᠋ ᠤᠨ ᠮᠣᠩᠭᠤᠯ ᠦᠰᠦᠭ ᠦ᠋ᠨ ᠬᠥᠮᠦᠷᠭᠡ ᠶ᠋ᠢ ᠳᠦᠷᠢᠮᠵᠢᠭᠦᠯᠬᠦ ᠪᠠ ᠨᠢᠭᠡᠳᠭᠡᠬᠦ ᠠᠵᠢᠯ ᠢ ᠰᠠᠢᠲᠤᠷ ᠬᠢᠨ᠎ᠡ᠃ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠮᠡᠳᠡᠭᠡ ᠵᠠᠩᠭᠢᠴᠢᠯᠠᠯᠲᠠ ᠶ᠋ᠢᠨ ᠡᠬᠢ ᠪᠠᠶᠠᠯᠢᠭ ᠤᠨ ᠬᠥᠮᠦᠷᠭᠡ ᠪᠣᠯᠤᠨ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠰᠦᠯᠵᠢᠶ᠎ᠡ ᠶ᠋ᠢ ᠪᠠᠢᠭᠤᠯᠤᠨ᠎ᠠ᠃ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠡᠬᠢ ᠪᠠᠶᠠᠯᠢᠭ ᠤᠨ ᠬᠥᠮᠦᠷᠭᠡ ᠪᠣᠯᠤᠨ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠮᠡᠷᠭᠡᠵᠢᠯᠲᠡᠨ ᠦ᠌ ᠡᠬᠢ ᠪᠠᠶᠠᠯᠢᠭ ᠤᠨ ᠬᠥᠮᠦᠷᠭᠡ ᠶ᠋ᠢ ᠪᠠᠢᠭᠤᠯᠵᠤ᠂ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠡᠷᠳᠡᠮ ᠰᠢᠨᠵᠢᠯᠡᠭᠡᠨ ᠦ᠌ ᠰᠣᠯᠢᠯᠴᠠᠭ᠎ᠠ᠂ ᠬᠠᠮᠲᠤᠷᠠᠯᠴᠠᠭ᠎ᠠ ᠶ᠋ᠢ ᠠᠬᠢᠭᠤᠯᠤᠨ᠎ᠠ᠃

(ᠳᠥᠷᠪᠡ) ᠪᠠᠢᠴᠠᠭᠠᠨ ᠰᠤᠳᠤᠯᠤᠯᠲᠠ ᠪᠠᠨ ᠴᠢᠩᠭᠠᠳᠭᠠᠨ ᠲᠤᠰ ᠪᠡᠶ᠎ᠡ ᠶᠢᠨ ᠪᠠᠢᠭᠤᠯᠤᠯᠲᠠ ᠪᠠᠨ ᠲᠡᠭᠦᠯᠳᠡᠷᠵᠢᠭᠦᠯᠵᠦ᠂ ᠬᠠᠮᠵᠢᠯᠴᠠᠬᠤ ᠠᠵᠢᠯ ᠤᠨ ᠵᠣᠬᠢᠶᠠᠨ ᠪᠠᠢᠭᠤᠯᠤᠯᠲᠠ ᠶ᠋ᠢᠨ ᠪᠠᠢᠭᠤᠯᠤᠮᠵᠢ ᠪᠣᠯᠤᠨ ᠠᠵᠢᠯᠯᠠᠬᠤ ᠲᠣᠭᠲᠠᠯᠴᠠᠭ᠎ᠠ ᠶ᠋ᠢ ᠤᠯᠠᠮ ᠪᠦᠷᠢᠨᠰᠢᠭᠦᠯᠦᠨ᠎ᠡ

2018 ᠣᠨ ᠢ ᠪᠢᠳᠡ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠬᠠᠮᠵᠢᠯᠴᠠᠬᠤ ᠠᠵᠢᠯ ᠤᠨ ᠪᠠᠢᠴᠠᠭᠠᠨ ᠰᠤᠳᠤᠯᠤᠯᠲᠠ ᠶ᠋ᠢᠨ ᠣᠨ ᠢᠶᠠᠷ ᠲᠣᠭᠲᠠᠭᠠᠵᠠᠢ᠃ ᠥᠨᠥ ᠵᠢᠯ ᠪᠢᠳᠡ ᠬᠠᠮᠵᠢᠯᠴᠠᠬᠤ ᠠᠵᠢᠯ ᠤᠨ ᠠᠮᠵᠢᠯᠲᠠ ᠪᠣᠯᠤᠨ ᠲᠤᠷᠰᠢᠯᠭ᠎ᠠ ᠶ᠋ᠢ ᠨᠠᠷᠢᠨ ᠬᠢᠨᠠᠮᠠᠭᠠᠢ ᠳ᠋ᠦᠩᠨᠡᠵᠦ᠂ ᠣᠷᠤᠰᠢᠵᠤ ᠪᠠᠢᠭ᠎ᠠ ᠠᠰᠠᠭᠤᠳᠠᠯ ᠪᠣᠯᠤᠨ ᠬᠦᠴᠢᠷᠳᠡᠯ᠂ ᠣᠨᠴᠠᠭᠠᠢᠯᠠᠨ ᠪᠠᠢᠭᠤᠯᠤᠮᠵᠢ ᠶ᠋ᠢᠨ ᠲᠣᠭᠲᠠᠯᠴᠠᠭᠠᠨ ᠤ᠋ ᠲᠠᠯ᠎ᠠ ᠶᠢᠨ ᠪᠠᠭᠤᠷᠠᠢ ᠲᠠᠯ᠎ᠠ ᠶ᠋ᠢ ᠭᠦᠨᠵᠡᠭᠡᠢ ᠵᠠᠳᠠᠯᠤᠨ ᠰᠦᠪᠡᠭᠴᠢᠯᠡᠨ᠎ᠡ᠃ ᠮᠠᠨ ᠤ ᠬᠠᠮᠵᠢᠯᠴᠠᠬᠤ ᠳᠤᠭᠤᠢᠯᠠᠩ ᠲᠦᠷᠦᠭᠦᠦ ᠵᠠᠭᠤᠨ ᠤ ᠳᠠᠯᠠᠭᠠᠳ ᠣᠨ ᠳᠤ ᠪᠠᠢᠭᠤᠯᠤᠭᠳᠠᠭᠰᠠᠨ ᠲᠤᠯᠠ ᠠᠵᠢᠯ ᠤᠨ ᠵᠠᠷᠢᠮ ᠠᠷᠭ᠎ᠠ ᠮᠠᠶᠢᠭ ᠨᠢ ᠣᠳᠣᠬᠠᠨ ᠤ᠋ ᠰᠢᠨ᠎ᠡ ᠪᠠᠢᠳᠠᠯ᠂ ᠰᠢᠨ᠎ᠡ ᠱᠠᠭᠠᠷᠳᠠᠯᠭ᠎ᠠ ᠳᠤ ᠨᠡᠢᠴᠡᠬᠦ ᠦᠭᠡᠢ ᠪᠣᠯᠵᠠᠢ᠃ ᠣᠢᠷ᠎ᠠ ᠶᠢᠨ ᠵᠢᠯ ᠳ᠋ᠦ᠍ ᠬᠠᠮᠵᠢᠯᠴᠠᠬᠤ ᠳᠤᠭᠤᠢᠯᠠᠩ ᠤᠨ ᠬᠢᠨ ᠤᠯᠤᠰ ᠤ᠋ᠨ ᠦᠨᠳᠦᠰᠦᠲᠡᠨ ᠦ ᠵᠥᠪᠯᠡᠯ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠪᠣᠯᠤᠨ ᠬᠠᠮᠵᠢᠯᠴᠠᠬᠤ ᠮᠤᠵᠢ ᠣᠷᠤᠨ ᠳ᠋ᠤ᠌ ᠰᠠᠨᠠᠯ ᠰᠠᠨᠠᠭᠤᠯᠭ᠎ᠠ ᠪᠠᠨ ᠤᠯᠠᠨ ᠤᠳᠠᠭ᠎ᠠ ᠳᠡᠪᠰᠢᠭᠦᠯᠵᠦ᠂ ᠤᠳᠤᠷᠢᠳᠬᠤ ᠪᠠᠢᠭᠤᠯᠤᠮᠵᠢ᠂ ᠠᠵᠢᠯᠯᠠᠬᠤ ᠲᠣᠭᠲᠠᠯᠴᠠᠭ᠎ᠠ ᠪᠣᠯᠤᠨ ᠵᠠᠷᠤᠳᠠᠯ ᠮᠥᠩᠭᠦ ᠶ᠋ᠢᠨ ᠪᠠᠲᠤᠯᠠᠭ᠎ᠠ ᠵᠡᠷᠭᠡ ᠲᠠᠯ᠎ᠠ ᠪᠠᠷ ᠰᠢᠨᠡᠴᠢᠯᠡᠯᠲᠡ᠂ ᠳᠠᠪᠠᠯᠲᠠ ᠲᠠᠢ ᠪᠣᠯᠬᠤ ᠪᠠᠷ ᠴᠢᠷᠮᠠᠢᠪᠠ᠃ ᠬᠣᠢᠰᠢᠳᠠ ᠪᠢᠳᠡ ᠰᠢ ᠶᠢᠨ ᠫᠢᠩ ᠦᠨ ᠰᠢᠨ᠎ᠡ ᠴᠠᠭ ᠦᠶ᠎ᠡ ᠶᠢᠨ ᠦᠨᠳᠦᠰᠦᠲᠡᠨ ᠦ ᠠᠵᠢᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠪᠠᠢᠴᠠᠭᠠᠨ ᠰᠤᠳᠤᠯᠤᠯᠲᠠ ᠪᠠᠨ ᠴᠢᠩᠭᠠᠳᠭᠠᠨ ᠲᠤᠷᠰᠢᠯᠭ᠎ᠠ ᠪᠠᠨ ᠬᠢᠨᠠᠮᠠᠭᠠᠢ ᠳ᠋ᠦᠩᠨᠡᠵᠦ᠂ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠦᠭᠡᠯᠡᠨ ᠣᠢᠯᠠᠭᠠᠭᠳᠠᠬᠤᠨ ᠢᠶᠠᠨ ᠰᠢᠨᠡᠴᠢᠯᠡᠵᠦ᠂ ᠠᠵᠢᠯ ᠤᠨ ᠠᠷᠭ᠎ᠠ ᠪᠣᠳᠤᠯᠭ᠎ᠠ ᠶ᠋ᠢ ᠢᠳᠡᠪᠬᠢᠲᠡᠢ ᠰᠠᠨᠠᠭᠠᠴᠢᠯᠠᠨ ᠥᠨᠳᠦᠷ ᠲᠦᠪᠰᠢᠨ ᠡᠴᠡ ᠠᠬᠢᠭᠤᠯᠬᠤ ᠪᠠᠷ ᠮᠡᠷᠡᠢᠵᠦ᠂ ᠤᠳᠤᠷᠢᠳᠬᠤ ᠪᠠᠢᠭᠤᠯᠤᠮᠵᠢ ᠪᠣᠯᠤᠨ ᠠᠵᠢᠯᠯᠠᠬᠤ ᠲᠣᠭᠲᠠᠯᠴᠠᠭ᠎ᠠ ᠪᠠᠨ ᠤᠯᠠᠮ ᠰᠢᠯᠤᠭᠤᠳᠭᠠᠵᠤ᠂ ᠨᠠᠢ᠍ᠮᠠᠨ ᠮᠤᠵᠢ ᠣᠷᠤᠨ ᠤ ᠮᠣᠩᠭᠤᠯ ᠭᠡᠯᠡ ᠪᠢᠴᠢᠭ ᠦᠨ ᠠᠵᠢᠯ ᠤᠨ ᠬᠠᠮᠵᠢᠯᠴᠠᠬᠤ ᠪᠠᠢᠭᠤᠯᠤᠮᠵᠢ ᠶ᠋ᠢᠨ ᠠᠮᠢᠵᠢᠷᠠᠯ ᠤᠨ ᠬᠦᠴᠦᠨ ᠪᠣᠯᠤᠨ ᠳᠠᠪᠠᠭᠤᠯᠢᠭ ᠢ᠋ ᠦᠨᠡᠨ ᠬᠦ ᠡᠷᠴᠢᠮᠵᠢᠭᠦᠯᠦᠨ ᠪᠠᠳᠠᠷᠠᠭᠤᠯᠬᠤ ᠪᠣᠯᠤᠨ᠎ᠠ᠃

ᠨᠥᠬᠥᠳ ᠡ᠂ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠭ᠎ᠠ ᠥᠷᠨᠢᠭᠦᠯᠦᠭᠰᠡᠨ 40 ᠭᠠᠷᠤᠢ ᠵᠢᠯ ᠦ᠋ᠨ ᠲᠡᠦᠬᠡ ᠪᠣᠯ ᠦᠨᠳᠦᠰᠦᠲᠡᠨ ᠦ ᠲᠤᠬᠠᠢ ᠨᠠᠮ ᠤᠨ ᠪᠣᠳᠤᠯᠭ᠎ᠠ ᠶ᠋ᠢ ᠭᠤᠢᠪᠢᠰᠢ ᠦᠭᠡᠢ ᠲᠤᠭᠤᠰᠢᠯᠠᠭᠤᠯᠤᠨ ᠬᠡᠷᠡᠭᠵᠢᠭᠦᠯᠦᠭᠰᠡᠨ ᠲᠡᠦᠬᠡ ᠮᠥᠨ᠃ ᠪᠠᠰᠠ  ᠴᠦ ᠬᠠᠮᠵᠢᠯᠴᠠᠬᠤ ᠮᠤᠵᠢ ᠣᠷᠤᠨ ᠤ ᠮᠣᠩᠭᠤᠯ ᠣᠯᠠᠨ ᠲᠦᠮᠡᠨ ᠦᠨᠳᠦᠰᠦᠲᠡᠨ ᠦ ᠲᠤᠬᠠᠢ ᠨᠠᠮ ᠤᠨ ᠪᠣᠳᠤᠯᠭ᠎ᠠ  ᠶ᠋ᠢᠨ ᠬᠠᠢᠷ᠎ᠠ ᠬᠠᠯᠠᠮᠵᠢᠯᠠᠯ ᠢ ᠬᠦᠷᠲᠡᠭᠰᠡᠨ ᠲᠡᠦᠬᠡ ᠮᠥᠨ᠂ ᠡᠯ᠎ᠡ ᠦᠨᠳᠦᠰᠦᠲᠡᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠲᠡᠦᠬᠡ ᠮᠥᠨ᠃ ᠰᠢᠨ᠎ᠡ ᠴᠠᠭ ᠦᠶ᠎ᠡ ᠳ᠋ᠦ᠍ ᠰᠢᠨ᠎ᠡ ᠠᠶᠠᠨ ᠤ ᠵᠠᠮ ᠢ ᠡᠯᠭᠦᠵᠦ᠂ ᠪᠢᠳᠡ ᠪᠦᠬᠦᠨ ᠰᠢ ᠶᠢᠨ ᠫᠢᠩ ᠨᠥᠬᠦᠷ ᠢ᠋ᠶ᠋ᠡᠷ ᠭᠣᠣᠯᠯᠠᠭᠴᠢ ᠪᠣᠯᠭᠠᠭᠰᠠᠨ ᠨᠠᠮ ᠤᠨ ᠲᠥᠪ ᠬᠣᠷᠢᠶᠠᠨ ᠤ᠋ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠭᠠᠷ ᠬᠣᠯᠪᠤᠯᠴᠠᠨ ᠮᠥᠷᠦ ᠵᠡᠷᠭᠡᠴᠡᠵᠦ᠂ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠪᠡᠨ ᠨᠡᠭᠡᠭᠡᠨ ᠨᠠᠢ᠍ᠮᠠᠨ ᠮᠤᠵᠢ ᠣᠷᠤᠨ ᠤ ᠮᠣᠩᠭᠤᠯ ᠬᠡᠯᠡ ᠪᠢᠴᠢᠭ ᠦᠨ ᠠᠵᠢᠯ ᠤᠨ ᠬᠠᠮᠵᠢᠯᠴᠠᠭᠠᠨ ᠤ ᠰᠢᠨ᠎ᠡ ᠳᠦᠷᠰᠦ ᠪᠠᠢᠳᠠᠯ ᠢ ᠡᠭᠦᠳᠦᠨ ᠪᠦᠲᠦᠭᠡᠵᠦ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠢᠯᠠᠯᠲᠠ ᠶ᠋ᠢ ᠲᠡᠮᠡᠴᠡᠨ ᠣᠯᠬᠤ ᠪᠠ ᠳᠤᠮᠳᠠᠳᠤ ᠶ᠋ᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ ᠶ᠋ᠢᠨ ᠲᠥᠯᠦᠭᠡ ᠰᠢᠨ᠎ᠡ ᠵᠢᠳᠭᠦᠯ ᠭᠠᠷᠭᠠᠰᠤᠭᠠᠢ!

 

ᠣᠷᠴᠢᠭᠤᠯᠤᠭᠴᠢ᠄ ᠮᠦ᠊ · ᠬᠣᠣᠰᠪᠠᠶᠠᠷ 

ᠬᠢᠨᠠᠭᠴᠢ᠄ ᠯᠣᠪᠰᠠᠩᠳᠣᠩᠷᠤᠪ

    ᠢᠷᠡᠯᠲᠡ᠄ 《ᠮᠣᠩᠭᠤᠯ ᠬᠡᠯᠡ ᠪᠢᠴᠢᠭ》 ᠰᠡᠳᠭᠦᠯ 2018 ᠣᠨ ᠤ ᠨᠢᠭᠡᠳᠦᠭᠡᠷ ᠬᠤᠭᠤᠴᠠᠭ᠎ᠠ

ᠸᠢᠴᠠᠲ ᠲᠤ ᠪᠠᠨ ᠬᠤᠪᠢᠶᠠᠯᠴᠠᠬᠤ