ᠪᠦᠬᠦ ᠣᠷᠤᠨ ᠤ᠋ ᠲᠠᠪᠤᠳᠤᠭᠠᠷ ᠤᠳᠠᠭᠠᠨ ᠤ ᠮᠣᠩᠭᠤᠯ ᠬᠡᠯᠡ ᠪᠢᠴᠢᠭ ᠦ᠋ᠨ ᠠᠵᠢᠯ ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠪᠠ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠰᠢᠰᠲ᠋ᠧᠮ ᠦᠨ ᠮᠣᠩᠭᠤᠯ ᠬᠡᠯᠡ ᠪᠢᠴᠢᠭ ᠦ᠋ᠨ ᠠᠵᠢᠯ ᠤᠨ ᠪᠣᠯᠪᠠᠰᠤᠷᠠᠯ ᠳᠡᠭᠡᠷᠡᠬᠢ ᠳ᠋ᠦᠩᠨᠡᠯᠲᠡ ᠶᠢᠨ ᠶᠠᠷᠢᠶ᠎ᠠ
2018.06.09 ᠵᠣᠬᠢᠶᠠᠭᠴᠢ᠄ ᠰᠠᠴᠤᠷᠠᠯᠲᠤ

ᠨᠥᠬᠦᠳ ᠡ᠄

ᠪᠦᠬᠦ ᠣᠷᠤᠨ ᠤ᠋ ᠲᠠᠪᠤᠳᠤᠭᠠᠷ ᠤᠳᠠᠭᠠᠨ ᠤ ᠮᠣᠩᠭᠤᠯ ᠬᠡᠯᠡ ᠪᠢᠴᠢᠭ ᠦ᠋ᠨ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠪᠠ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠰᠢᠰᠲ᠋ᠧᠮ ᠦᠨ ᠮᠣᠩᠭᠤᠯ ᠬᠡᠯᠡ ᠪᠢᠴᠢᠭ ᠦ᠋ᠨ ᠠᠵᠢᠯ ᠤᠨ ᠪᠣᠯᠪᠠᠰᠤᠷᠠᠯ ᠠᠮᠵᠢᠯᠲᠠ ᠲᠠᠢ ᠥᠨᠳᠦᠷᠯᠡᠬᠦ ᠪᠣᠯᠤᠯ᠎ᠠ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠨᠠᠮ ᠤᠨ ᠳᠤᠭᠤᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠨᠥᠬᠦᠷ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠮᠠᠨ ᠤ ᠣᠷᠤᠨ ᠤ ᠮᠣᠩᠭᠤᠯ ᠬᠡᠯᠡ ᠪᠢᠴᠢᠭ ᠦ᠋ᠨ ᠠᠵᠢᠯ ᠤᠨ ᠠᠮᠵᠢᠯᠲᠠ ᠪᠠ ᠲᠤᠷᠰᠢᠯᠭ᠎ᠠ ᠶᠢ ᠭᠦᠢᠴᠡᠳ ᠦᠨᠡᠯᠡᠵᠦ᠂ ᠠᠵᠢᠯ ᠤᠨ ᠳᠤᠮᠳᠠ  ᠭᠠᠷᠤᠭᠰᠠᠨ ᠰᠢᠨ᠎ᠡ ᠪᠠᠢᠳᠠᠯ᠂ ᠰᠢᠨ᠎ᠡ ᠠᠰᠠᠭᠤᠳᠠᠯ ᠤᠳ ᠢ ᠨᠠᠷᠢᠨ ᠵᠠᠳᠠᠯᠬᠤ ᠶᠢᠨ ᠬᠠᠮᠲᠤ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ ᠶᠢᠨ ᠫᠢᠩ ᠦ᠋ᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠬᠡᠷᠬᠢᠨ ᠰᠠᠢᠲᠤᠷ ᠬᠢᠬᠦ ᠲᠤᠬᠠᠢ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ ᠬᠤᠷᠠᠯ ᠳᠤ ᠣᠷᠤᠯᠴᠠᠭᠰᠠᠳ ᠠᠯᠠᠱᠠ ᠠᠢᠮᠠᠭ ᠤᠨ ᠮᠣᠩᠭᠤᠯ ᠬᠡᠯᠡ ᠪᠢᠴᠢᠭ ᠦ᠋ᠨ ᠠᠵᠢᠯ ᠤᠨ ᠲᠤᠰᠭᠠᠢ ᠹᠢᠯᠢᠮ ᠢ ᠰᠣᠨᠢᠷᠬᠠᠵᠤ᠂ ᠵᠠᠷᠢᠮ ᠦᠢᠯᠡᠴᠢᠯᠡᠭᠡᠨ ᠦ᠌ ᠪᠠᠢᠭᠤᠯᠭ᠎ᠠ ᠶᠢᠨ ᠮᠣᠩᠭᠤᠯ ᠬᠡᠯᠡ ᠪᠢᠴᠢᠭ ᠢ ᠬᠡᠷᠡᠭᠯᠡᠵᠦ ᠪᠠᠢᠭ᠎ᠠ ᠪᠠᠢᠳᠠᠯ ᠢ ᠪᠠᠢᠴᠠᠭᠠᠨ ᠦᠵᠡᠪᠡ᠃ ᠪᠠᠰᠠ ᠠᠮᠵᠢᠯᠲᠠ ᠪᠠᠨ ᠳ᠋ᠦᠩᠨᠡᠵᠦ᠂ ᠲᠤᠷᠰᠢᠯᠭ᠎ᠠ ᠪᠠᠨ ᠰᠣᠯᠢᠯᠴᠠᠵᠤ᠂ ᠠᠰᠠᠭᠤᠳᠠᠯ ᠢᠶᠠᠨ ᠵᠠᠳᠠᠯᠵᠤ᠂ ᠰᠠᠨᠠᠯ ᠵᠥᠪᠯᠡᠯᠭᠡ ᠪᠡᠨ ᠳᠤᠷᠠᠳᠪᠠ᠃ ᠤᠯᠠᠨ ᠢᠶᠠᠷ ᠢᠶᠠᠨ ᠲᠤᠩ ᠵᠦᠢᠲᠡᠢ ᠶᠠᠷᠢᠵᠠᠭᠠᠵᠠᠢ᠃ ᠬᠤᠶᠠᠷ ᠡᠳᠦᠷ ᠦ᠋ᠨ ᠲᠤᠬᠠᠢᠯᠠᠭᠰᠠᠨ ᠠᠵᠢᠯ ᠤᠨ ᠪᠣᠯᠪᠠᠰᠤᠷᠠᠯ ᠳᠡᠭᠡᠷ᠎ᠡ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠤᠭᠤᠰᠢᠯᠠᠭᠤᠯᠬᠤ ᠲᠤᠬᠠᠢ᠂ ᠪᠠᠰᠠ ᠲᠣᠮᠤ ᠲᠣᠭ᠎ᠠ ᠪᠠᠷᠢᠮᠲᠠ ᠶᠢᠨ ᠴᠠᠭ ᠦᠶ᠎ᠡ ᠶᠢᠨ ᠣᠨᠴᠠᠯᠢᠭ᠂ ᠮᠣᠩᠭᠤᠯ ᠬᠡᠯᠡ ᠪᠢᠴᠢᠭ ᠦ᠋ᠨ ᠳᠦᠷᠢᠮᠵᠢᠯ ᠪᠠᠷᠢᠮᠵᠢᠶᠠᠵᠢᠯ ᠢ ᠠᠬᠢᠭᠤᠯᠬᠤ ᠵᠡᠷᠭᠡ ᠠᠭᠤᠯᠭ᠎ᠠ ᠪᠠᠷ ᠨᠡᠯᠢᠶᠡᠳ ᠰᠢᠰᠲ᠋ᠧᠮ ᠲᠡᠢ ᠲᠠᠢᠯᠤᠮᠵᠢ ᠬᠢᠵᠦ᠂ ᠪᠣᠯᠪᠠᠰᠤᠷᠠᠯ ᠳ᠋ᠤ᠌ ᠣᠷᠤᠯᠴᠠᠭᠰᠠᠳ ᠤ᠋ᠨ ᠲᠠᠨᠢᠯᠲᠠ ᠶ᠋ᠢ ᠳᠡᠭᠡᠭᠰᠢᠯᠡᠭᠦᠯᠵᠦ᠂ ᠮᠡᠳᠡᠯᠭᠡ ᠶᠢ ᠨᠢ ᠨᠡᠮᠡᠭᠳᠡᠭᠦᠯᠵᠦ᠂ ᠪᠣᠯᠪᠠᠰᠤᠷᠠᠯ ᠡᠷᠬᠢᠯᠡᠭᠰᠡᠨ ᠬᠠᠷᠠᠯᠲᠠ ᠳᠠᠭᠠᠨ ᠬᠦᠷᠴᠦ ᠴᠢᠳᠠᠵᠠᠢ᠃ ᠣᠳᠤ ᠪᠢ ᠡᠷᠬᠢᠯᠡᠭᠴᠢ ᠴᠢ ᠶᠢᠨ ᠢᠦᠢ ᠶ᠋ᠢᠨ ᠨᠠᠢᠳᠠᠯᠭ᠎ᠠ ᠪᠠᠷ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠨᠠᠢᠳᠠᠪᠤᠷᠢᠵᠢᠭᠤᠯᠬᠤ ᠲᠤᠬᠠᠢ ᠬᠡᠳᠦᠨ ᠰᠠᠨᠠᠯ ᠳᠤᠷᠠᠳᠤᠶ᠎ᠠ᠃

ᠨᠢᠭᠡ ᠳ᠋ᠦ᠍᠂ ᠰᠤᠷᠤᠯᠴᠠᠯᠭ᠎ᠠ ᠶᠢ ᠠᠳᠭᠤᠵᠤ᠂ ᠨᠠᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠨᠡ ᠤᠳᠠᠭᠠᠨ ᠤ ᠬᠤᠷᠠᠯ ᠪᠣᠯ ᠤᠯᠤᠰ ᠳᠠᠶᠠᠭᠠᠷ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠢᠳᠠᠪᠤᠷᠢᠵᠢᠭᠤᠯᠵᠤ ᠪᠠᠢᠭ᠎ᠠ ᠵᠠᠩᠭᠢᠯᠠᠭ᠎ᠠ ᠶᠢᠨ ᠴᠠᠭ ᠦᠶ᠎ᠡ ᠳ᠋ᠦ᠍ ᠬᠤᠷᠠᠯᠳᠤᠭᠤᠯᠤᠭᠰᠠᠨ ᠲᠤᠢᠯ ᠤ᠋ᠨ ᠴᠢᠬᠤᠯᠠ ᠬᠤᠷᠠᠯ ᠮᠥᠨ᠃ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠠᠬᠢᠭᠤᠯᠵᠤ᠂ ᠰᠢᠨ᠎ᠡ ᠦᠷ᠎ᠡ ᠪᠦᠲᠦᠮᠵᠢ ᠭᠠᠷᠭᠠᠨ ᠰᠢᠨ᠎ᠡ ᠬᠥᠭᠵᠢᠯᠲᠡ ᠶ᠋ᠢ ᠪᠡᠶᠡᠯᠡᠭᠦᠯᠬᠦ ᠳ᠋ᠦ᠍ ᠠᠯᠤᠰ ᠬᠡᠳᠦ ᠶ᠋ᠢᠨ ᠠᠴᠢ ᠬᠣᠯᠪᠤᠭᠳᠠᠯ ᠲᠠᠢ ᠶᠤᠮ᠃ ᠡᠷᠬᠢᠯᠡᠭᠴᠢ ᠴᠢ ᠶᠢᠨ ᠢᠦᠢ ᠶᠠᠷᠢᠶᠠᠨ ᠳ᠋ᠠᠭᠠᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠳᠡᠭᠡᠷ᠎ᠡ ᠳᠤᠷᠠᠳᠤᠭᠰᠠᠨ ᠦᠨᠳᠦᠰᠦᠲᠡᠨ ᠦ᠌ ᠠᠵᠢᠯ ᠪᠣᠯᠤᠨ ᠦᠨᠳᠦᠰᠦᠲᠡᠨ ᠦ᠌ ᠬᠡᠯᠡ ᠪᠢᠴᠢᠭ ᠦ᠋ᠨ ᠠᠵᠢᠯ ᠤᠨ ᠲᠤᠬᠠᠢ ᠶᠡᠷᠦᠩᠬᠡᠢ ᠪᠠᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠭᠦᠨᠵᠡᠭᠡᠢ ᠵᠠᠳᠠᠯᠵᠤ᠂ ᠰᠢ ᠶᠢᠨ ᠫᠢᠩ ᠦ᠋ᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠮᠠᠨ ᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠣᠳᠣᠬᠢ ᠪᠠᠢᠳᠠᠯ ᠳᠤ ᠰᠠᠭᠤᠷᠢᠯᠠᠨ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠢᠳᠡᠪᠬᠢᠲᠡᠢ ᠬᠢᠬᠦ ᠳ᠋ᠦ᠍ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃ ᠡᠨᠡ ᠨᠢ ᠰᠢᠨ᠎ᠡ ᠴᠠᠭ ᠦᠶ᠎ᠡ ᠳ᠋ᠦ᠍ ᠮᠠᠨ ᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠰᠢᠨ᠎ᠡ ᠳᠦᠷᠰᠦ ᠪᠠᠢᠳᠠᠯ᠂ ᠰᠢᠨ᠎ᠡ ᠠᠮᠵᠢᠯᠲᠠ ᠶ᠋ᠢ ᠪᠦᠲᠦᠭᠡᠬᠦ ᠶ᠋ᠢᠨ ᠴᠢᠬᠤᠯᠠ ᠱᠠᠭᠠᠷᠳᠠᠯᠭ᠎ᠠ ᠪᠣᠯᠬᠤ ᠶᠤᠮ᠃ ᠤᠯᠠᠨ ᠢᠶᠠᠷ ᠢᠶᠠᠨ ᠡᠭᠦᠨ ᠢ ᠬᠢᠨᠠᠮᠠᠭᠠᠢ ᠰᠤᠷᠤᠯᠴᠠᠨ ᠭᠦᠨᠵᠡᠭᠡᠢ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠤᠨ ᠰᠢᠨ᠎ᠡ ᠬᠥᠭᠵᠢᠯᠲᠡ ᠶ᠋ᠢ ᠯᠠᠪᠳᠠᠭᠤᠨ ᠠᠬᠢᠭᠤᠯᠬᠤ ᠶᠢ ᠬᠦᠰᠡᠵᠦ ᠪᠠᠢᠨ᠎ᠠ᠃

ᠬᠤᠶᠠᠷ ᠲᠤ᠂ ᠲᠥᠯᠦᠪᠵᠢᠭᠦᠯᠭᠡ ᠶ᠋ᠢ ᠠᠳᠭᠤᠵᠤ᠂ ᠨᠠᠢᠳᠠᠪᠤᠷᠢᠵᠢᠭᠤᠯᠬᠤ ᠶᠢ ᠴᠢᠬᠤᠯᠠᠴᠢᠯᠠᠬᠤ ᠬᠡᠷᠡᠭᠲᠡᠢ᠃ ᠪᠢᠳᠡ ᠤᠷᠢᠳ ᠬᠣᠵᠢᠳ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠪᠢᠴᠢᠭ ᠦ᠋ᠨ ᠦᠢᠯᠡᠰ ᠦ᠋ᠨ ᠥᠭᠡᠷᠡᠴᠢᠯᠡᠯᠲᠡ ᠪᠣᠯᠤᠨ ᠬᠥᠭᠵᠢᠭᠦᠯᠦᠯᠲᠡ ᠶ᠋ᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠶ᠋ᠢᠨ ᠬᠥᠲᠦᠯᠪᠦᠷᠢ (2014 — 2020)》᠂ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠮᠡᠳᠡᠭᠡ ᠵᠠᠩᠭᠢᠴᠢᠯᠠᠯᠲᠠ ᠶᠢᠨ ᠪᠠᠢᠭᠤᠯᠤᠯᠲᠠ ᠶ᠋ᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ (2014 — 2020)》ᠪᠣᠯᠤᠨ 《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠬᠡᠯᠡ ᠦᠰᠦᠭ ᠪᠢᠴᠢᠭ ᠦ᠋ᠨ ᠠᠵᠢᠯ ᠤᠨ <ᠠᠷᠪᠠᠨ ᠭᠤᠷᠪᠠᠳᠤᠭᠠᠷ ᠲᠠᠪᠤᠨ ᠵᠢᠯ> ᠤᠨ ᠲᠥᠯᠦᠪᠵᠢᠭᠦᠯᠭᠡ》 ᠶᠢ ᠲᠣᠭᠲᠠᠭᠠᠨ ᠬᠡᠷᠡᠭᠵᠢᠭᠦᠯᠦᠭᠰᠡᠨ ᠢ᠋ᠶ᠋ᠡᠷ ᠮᠠᠨ ᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠲᠥᠯᠦᠪᠵᠢᠭᠦᠯᠭᠡ ᠨᠡᠯᠢᠶᠡᠳ ᠲᠡᠭᠦᠯᠳᠡᠷᠵᠢᠪᠡ᠃ ᠡᠢᠮᠦ ᠡᠴᠡ ᠪᠢᠳᠡᠨ ᠦ᠌ ᠬᠣᠢᠰᠢᠳᠠ ᠶ᠋ᠢᠨ ᠠᠵᠢᠯ ᠤᠨ ᠭᠣᠣᠯᠳᠠᠯᠭ᠎ᠠ ᠪᠣᠯ ᠡᠲᠡᠭᠡᠷ ᠲᠥᠯᠦᠪᠵᠢᠭᠦᠯᠭᠡ ᠶ᠋ᠢ ᠨᠠᠢᠳᠠᠪᠤᠷᠢᠵᠢᠭᠤᠯᠬᠤ ᠶᠠᠪᠤᠳᠠᠯ ᠮᠥᠨ ᠭᠡᠵᠦ ᠬᠡᠯᠡᠵᠦ ᠪᠣᠯᠤᠨ᠎ᠠ᠃ ᠪᠢᠳᠡ ᠮᠥᠨ ᠭᠣᠣᠯ ᠠᠵᠢᠯ ᠤᠨ ᠲᠣᠭᠤᠷᠢᠨ ᠳ᠋ᠤ᠌ ᠶᠡᠬᠡ ᠲᠠᠯ᠎ᠠ ᠳ᠋ᠤ᠌ ᠦᠢᠯᠡᠴᠢᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠲᠤᠭᠤᠰᠢᠲᠠᠢ ᠨᠠᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠰᠠᠢᠲᠤᠷ ᠬᠢᠬᠦ ᠶ᠋ᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠨᠠᠢᠳᠠᠪᠤᠷᠢᠵᠢᠭᠤᠯᠬᠤ ᠪᠠ ᠰᠢ ᠶᠢᠨ ᠫᠢᠩ ᠦ᠋ᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠠᠢᠳᠠᠪᠤᠷᠢᠵᠢᠭᠤᠯᠬᠤ ᠲᠠᠢ ᠣᠷᠭᠠᠨᠢᠭ ᠢ᠋ᠶ᠋ᠠᠷ ᠤᠶᠠᠯᠳᠤᠭᠤᠯᠵᠤ᠂ 《ᠤᠭ ᠰᠠᠨᠠᠭ᠎ᠠ ᠪᠠᠨ ᠦᠯᠦ ᠤᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠲᠤᠰᠭᠠᠢ ᠰᠡᠳᠦᠪᠲᠦ ᠬᠥᠮᠦᠵᠢᠯ ᠢ᠋ ᠥᠷᠨᠢᠭᠦᠯᠬᠦ ᠲᠡᠢ ᠣᠷᠭᠠᠨᠢᠭ ᠢ᠋ᠶ᠋ᠠᠷ ᠤᠶᠠᠯᠳᠤᠭᠤᠯᠵᠤ᠂ ᠮᠠᠨ ᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯ ᠤᠨ ᠰᠢᠨ᠎ᠡ ᠠᠮᠵᠢᠯᠲᠠ ᠶ᠋ᠢ ᠲᠡᠮᠡᠴᠡᠨ ᠣᠯᠵᠤ᠂ ᠰᠢᠨ᠎ᠡ ᠰᠢᠪᠲᠤᠯᠤᠯᠲᠠ ᠶ᠋ᠢ ᠪᠡᠶᠡᠯᠡᠭᠦᠯᠬᠦ ᠬᠡᠷᠡᠭᠲᠡᠢ᠃

ᠭᠤᠷᠪᠠ ᠳᠤ᠂ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠴᠢᠯᠠᠯᠲᠠ ᠪᠠ ᠬᠠᠤᠯᠢᠵᠢᠭᠤᠯᠤᠯᠲᠠ ᠶ᠋ᠢ ᠠᠳᠭᠤᠵᠤ᠂ ᠰᠠᠭᠤᠷᠢ ᠶᠢ ᠪᠡᠬᠢᠵᠢᠭᠦᠯᠬᠦ ᠬᠡᠷᠡᠭᠲᠡᠢ᠃ ᠮᠣᠩᠭᠤᠯ ᠬᠡᠯᠡ ᠦᠰᠦᠭ ᠪᠢᠴᠢᠭ ᠦ᠋ᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠴᠢᠯᠠᠯᠲᠠ ᠪᠠ ᠬᠠᠤᠯᠢᠵᠢᠭᠤᠯᠤᠯᠲᠠ ᠪᠣᠯ ᠰᠠᠭᠤᠷᠢ ᠶᠢ ᠪᠠᠲᠤᠳᠭᠠᠵᠤ ᠬᠥᠭᠵᠢᠯᠲᠡ ᠶ᠋ᠢ ᠠᠬᠢᠭᠤᠯᠬᠤ ᠠᠵᠢᠯ ᠮᠥᠨ᠃ ᠳᠦᠷᠢᠮᠵᠢᠭᠦᠯᠦᠯᠲᠡ ᠪᠣᠯᠤᠨ ᠪᠠᠷᠢᠮᠵᠢᠶᠠᠵᠢᠭᠤᠯᠤᠯᠲᠠ ᠶ᠋ᠢ ᠠᠳᠬᠤᠮᠠᠨᠵᠢᠨ ᠰᠠᠶᠢ ᠮᠣᠩᠭᠤᠯ ᠬᠡᠯᠡ ᠦᠰᠦᠭ ᠪᠢᠴᠢᠭ ᠡᠷᠡᠭᠦᠯ ᠢ᠋ᠶ᠋ᠡᠷ᠂ ᠰᠢᠨᠵᠢᠯᠡᠬᠦ ᠤᠬᠠᠭᠠᠨᠴᠢ ᠪᠠᠷ ᠬᠥᠭᠵᠢᠵᠦ ᠴᠢᠳᠠᠨ᠎ᠠ; ᠮᠡᠳᠡᠭᠡ ᠵᠠᠩᠭᠢᠴᠢᠯᠠᠯᠲᠠ ᠶᠢ  ᠠᠳᠬᠤᠮᠠᠨᠵᠢᠨ ᠰᠠᠶᠢ ᠮᠣᠩᠭᠤᠯ ᠬᠡᠯᠡ ᠦᠰᠦᠭ ᠪᠢᠴᠢᠭ ᠨᠡᠩ ᠶᠡᠬᠡ ᠠᠮᠢᠵᠢᠷᠠᠯ ᠤᠨ ᠬᠦᠴᠦᠨ ᠪᠣᠯᠤᠨ ᠨᠡᠩ ᠢᠯᠡᠭᠦᠦ ᠬᠥᠭᠵᠢᠯᠲᠡ ᠶ᠋ᠢᠨ ᠣᠷᠤᠨ ᠵᠠᠢ ᠲᠠᠢ ᠪᠣᠯᠵᠤ ᠴᠢᠳᠠᠨ᠎ᠠ; ᠬᠠᠤᠯᠢᠵᠢᠭᠤᠯᠤᠯᠲᠠ ᠶ᠋ᠢ  ᠠᠳᠬᠤᠮᠠᠨᠵᠢᠨ ᠰᠠᠶᠢ ᠮᠣᠩᠭᠤᠯ ᠬᠡᠯᠡ ᠦᠰᠦᠭ ᠪᠢᠴᠢᠭ ᠨᠡᠩ ᠶᠡᠬᠡ ᠬᠥᠭᠵᠢᠯᠲᠡ ᠶ᠋ᠢᠨ ᠪᠠᠲᠤᠯᠠᠭ᠎ᠠ ᠲᠠᠢ ᠪᠣᠯᠵᠤ ᠴᠢᠳᠠᠨ᠎ᠠ᠃ ᠪᠢᠳᠡ ᠮᠣᠩᠭᠤᠯ ᠨᠡᠷ᠎ᠡ ᠲᠣᠮᠢᠶ᠎ᠠ ᠶ᠋ᠢ ᠬᠢᠨᠠᠨ ᠲᠣᠭᠲᠠᠭᠠᠵᠤ ᠨᠢᠭᠡᠳᠭᠡᠬᠦ᠂ ᠮᠣᠩᠭᠤᠯ ᠬᠡᠯᠡᠨ ᠦ᠌ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠬᠦ ᠪᠣᠯᠤᠨ ᠮᠣᠩᠭᠤᠯ ᠪᠢᠴᠢᠭ ᠦ᠋ᠨ ᠪᠢᠴᠢᠯᠭᠡ ᠶᠢ ᠳᠦᠷᠢᠮᠵᠢᠭᠦᠯᠬᠦ ᠵᠡᠷᠭᠡ ᠠᠵᠢᠯ ᠤᠳ ᠢ ᠦᠷᠭᠦᠯᠵᠢᠯᠡᠨ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠮᠡᠳᠡᠭᠡ ᠵᠠᠩᠭᠢᠴᠢᠯᠠᠯᠲᠠ ᠶᠢᠨ ᠣᠨᠤᠯ ᠤ᠋ᠨ ᠰᠤᠳᠤᠯᠭᠠᠨ᠂ ᠮᠡᠷᠭᠡᠵᠢᠯ ᠢ ᠨᠡᠭᠡᠭᠡᠨ ᠠᠰᠢᠭᠯᠠᠬᠤ ᠪᠠ ᠬᠡᠷᠡᠭᠯᠡᠭᠡᠨ ᠢ᠋ ᠲᠦᠭᠡᠮᠡᠯᠵᠢᠭᠦᠯᠬᠦ ᠵᠡᠷᠭᠡ ᠠᠵᠢᠯ ᠤᠳ ᠢ ᠴᠠᠭᠠᠰᠢᠳᠠ ᠴᠢᠩᠭᠠᠳᠭᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠬᠠᠤᠯᠢ ᠳᠦᠷᠢᠮ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠢᠨᠠᠨ ᠪᠠᠢᠴᠠᠭᠠᠬᠤ ᠵᠡᠷᠭᠡ ᠠᠵᠢᠯ ᠤᠳ ᠢ ᠤᠯᠠᠮ ᠴᠢᠩᠭᠠᠳᠭᠠᠵᠤ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠤᠨ ᠪᠦᠬᠦ ᠲᠠᠯ᠎ᠠ ᠪᠠᠷ ᠦᠷᠭᠦᠯᠵᠢᠯᠡᠨ ᠵᠣᠬᠢᠴᠠᠩᠭᠤᠢ ᠬᠥᠭᠵᠢᠬᠦ ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃

ᠳᠥᠷᠪᠡ ᠳ᠋ᠦ᠍᠂ ᠵᠡᠷᠭᠡ ᠪᠡᠷ ᠬᠡᠷᠡᠭᠯᠡᠬᠦ ᠶ᠋ᠢ ᠠᠳᠭᠤᠵᠤ᠂ ᠵᠣᠬᠢᠴᠠᠯ ᠢ᠋ ᠡᠭᠦᠳᠬᠦ ᠬᠡᠷᠡᠭᠲᠡᠢ᠃ ᠮᠣᠩᠭᠤᠯ ᠬᠢᠲᠠᠳ ᠬᠤᠶᠠᠷ ᠲᠥᠷᠦᠯ ᠦ᠋ᠨ ᠬᠡᠯᠡ ᠪᠢᠴᠢᠭ ᠢ ᠵᠡᠷᠭᠡ ᠪᠡᠷ ᠬᠡᠷᠡᠭᠯᠡᠬᠦ ᠪᠣᠯ ᠦᠨᠳᠦᠰᠦᠲᠡᠨ ᠡᠷᠬᠡ ᠲᠡᠭᠰᠢ ᠪᠠ ᠦᠭᠡ ᠬᠡᠯᠡ ᠡᠷᠬᠡ ᠲᠡᠭᠰᠢ ᠪᠠᠢᠬᠤ ᠲᠤᠬᠠᠢ ᠨᠠᠮ ᠤᠨ ᠲᠥᠷᠦ ᠶ᠋ᠢᠨ ᠪᠣᠳᠤᠯᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ ᠪᠠᠢᠭ᠎ᠠ ᠶᠢᠨ ᠪᠣᠳᠠᠲᠤ ᠢᠯᠡᠷᠡᠯ ᠮᠥᠨ᠂ ᠪᠠᠰᠠ ᠴᠦ ᠨᠡᠢᠭᠡᠮ ᠨᠡᠢᠲᠡ ᠶ᠋ᠢᠨ ᠠᠩᠬᠠᠷᠤᠯ ᠢᠶᠠᠨ ᠬᠠᠨᠳᠤᠭᠤᠯᠵᠤ ᠪᠠᠢᠭ᠎ᠠ ᠬᠠᠯᠠᠮᠰᠢᠯ ᠠᠰᠠᠭᠤᠳᠠᠯ ᠮᠥᠨ᠃ ᠮᠣᠩᠭᠤᠯ ᠬᠢᠲᠠᠳ ᠬᠤᠶᠠᠷ ᠲᠥᠷᠦᠯ ᠦ᠋ᠨ ᠬᠡᠯᠡ ᠪᠢᠴᠢᠭ ᠢ ᠵᠡᠷᠭᠡ ᠪᠡᠷ ᠬᠡᠷᠡᠭᠯᠡᠬᠦ ᠠᠵᠢᠯ ᠢ ᠰᠠᠢᠲᠤᠷ ᠬᠢᠬᠦ ᠶᠠᠪᠤᠳᠠᠯ ᠪᠣᠯ ᠤᠯᠠᠨ ᠲᠠᠯ᠎ᠠ ᠳ᠋ᠤ᠌ ᠬᠣᠯᠪᠤᠭᠳᠠᠭᠰᠠᠨ ᠨᠠᠷᠢᠨ ᠪᠤᠳᠤᠯᠢᠶᠠᠨᠲᠠᠢ ᠰᠢᠰᠲ᠋ᠧᠮᠴᠢᠯᠡᠭᠰᠡᠨ ᠢᠨᠵᠧᠨᠧᠷᠢᠩ ᠶᠤᠮ᠃ ᠣᠢᠷ᠎ᠠ ᠶᠢᠨ ᠵᠢᠯ ᠳ᠋ᠦ᠍ ᠪᠢᠳᠡ ᠭᠤᠷᠪᠠᠨ ᠵᠢᠯ ᠦ᠋ᠨ ᠬᠤᠭᠤᠴᠠᠭ᠎ᠠ ᠪᠠᠷ ᠨᠡᠢᠭᠡᠮ ᠦ᠋ᠨ ᠭᠠᠳᠠᠷ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠠᠵᠢᠯ ᠢ ᠵᠠᠰᠠᠨ ᠴᠡᠭᠴᠡᠯᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠠᠰᠠ ᠤᠯᠤᠰ ᠤᠨ ᠳᠡᠰ ᠦ᠋ᠨ᠂ ᠥᠪᠡᠷᠲᠡᠭᠡᠨ ᠵᠠᠰᠠᠬᠤ ᠣᠷᠤᠨ ᠤ᠋ ᠳᠡᠰ ᠦ᠋ᠨ ᠬᠣᠣᠰ ᠬᠡᠯᠡᠨ ᠦ᠌ ᠡᠶ᠎ᠡ ᠵᠣᠬᠢᠴᠠᠯᠲᠤ ᠰᠢᠶᠠᠩ ᠲᠣᠰᠭᠤᠨ (ᠨᠡᠢᠭᠡᠮ ᠳᠤᠭᠤᠷᠢᠭ) ᠤ ᠲᠤᠷᠰᠢᠯᠲᠠ ᠶ᠋ᠢᠨ ᠴᠡᠭ ᠪᠠᠢᠭᠤᠯᠬᠤ ᠠᠵᠢᠯ ᠢ ᠥᠷᠨᠢᠭᠦᠯᠦᠭᠡᠳ ᠮᠣᠩᠭᠤᠯ ᠬᠢᠲᠠᠳ ᠬᠤᠶᠠᠷ ᠲᠥᠷᠦᠯ ᠦ᠋ᠨ ᠬᠡᠯᠡ ᠪᠢᠴᠢᠭ ᠢ ᠵᠡᠷᠭᠡ ᠪᠡᠷ ᠬᠡᠷᠡᠭᠯᠡᠬᠦ ᠠᠵᠢᠯ ᠤᠨ ᠱᠠᠲᠤᠴᠢ ᠰᠢᠨᠵᠢᠲᠡᠢ ᠠᠮᠵᠢᠯᠲᠠ ᠶ᠋ᠢ ᠣᠯᠤᠭᠰᠠᠨ ᠪᠠᠢᠨ᠎ᠠ᠃ ᠰᠢᠨ᠎ᠡ ᠴᠠᠭ ᠦᠶ᠎ᠡ ᠳ᠋ᠦ᠍ ᠪᠢᠳᠡ ᠡᠨᠡ ᠬᠦ ᠠᠵᠢᠯ ᠢᠶᠠᠨ ᠤᠯᠠᠮ ᠡᠷᠴᠢᠮᠵᠢᠭᠦᠯᠵᠦ᠂ ᠠᠵᠢᠯ ᠤᠨ ᠣᠢᠯᠠᠭᠠᠭᠳᠠᠬᠤᠨ ᠪᠠ ᠠᠷᠭ᠎ᠠ ᠠᠪᠴᠠᠯ ᠢ᠋ᠶ᠋ᠠᠨ ᠲᠠᠰᠤᠷᠠᠯᠲᠠ ᠦᠭᠡᠢ ᠰᠢᠨᠡᠴᠢᠯᠡᠵᠦ᠂ ᠨᠡᠢᠭᠡᠮ ᠦ᠋ᠨ ᠭᠠᠳᠠᠷ ᠬᠡᠷᠡᠭᠯᠡᠭᠡᠨ ᠳ᠋ᠦ᠍ ᠮᠣᠩᠭᠤᠯ ᠬᠢᠲᠠᠳ ᠬᠤᠶᠠᠷ ᠲᠥᠷᠦᠯ ᠦ᠋ᠨ ᠦᠰᠦᠭ ᠪᠢᠴᠢᠭ ᠢ ᠵᠡᠷᠭᠡ ᠪᠡᠷ ᠬᠡᠷᠡᠭᠯᠡᠬᠦ ᠬᠠᠮᠢᠶᠠᠷᠤᠯᠲᠠ ᠶ᠋ᠢᠨ ᠰᠢᠰᠲ᠋ᠧᠮ᠂ ᠮᠣᠩᠭᠤᠯ ᠬᠡᠯᠡ ᠪᠢᠴᠢᠭ ᠦ᠋ᠨ ᠣᠷᠴᠢᠭᠤᠯᠭ᠎ᠠ ᠶ᠋ᠢᠨ ᠠᠵᠢᠯ ᠤᠨ ᠬᠠᠮᠢᠶᠠᠷᠤᠯᠲᠠ ᠶ᠋ᠢᠨ ᠰᠢᠰᠲ᠋ᠧᠮ ᠵᠡᠷᠭᠡ ᠲᠤᠬᠠᠢᠯᠠᠭᠰᠠᠨ ᠠᠵᠢᠯ ᠤᠨ ᠬᠠᠮᠢᠶᠠᠷᠤᠯᠲᠠ ᠶ᠋ᠢᠨ ᠰᠢᠰᠲ᠋ᠧᠮ ᠦᠳ ᠢ ᠲᠦᠭᠡᠮᠡᠯᠵᠢᠭᠦᠯᠦᠨ ᠠᠰᠢᠭᠯᠠᠵᠤ᠂ ᠮᠣᠩᠭᠤᠯ ᠬᠡᠯᠡ ᠪᠢᠴᠢᠭ ᠦ᠋ᠨ ᠠᠵᠢᠯ ᠤᠨ ᠪᠦᠲᠦᠭᠡᠯᠴᠢ ᠬᠠᠮᠢᠶᠠᠷᠤᠯᠲᠠ ᠪᠣᠯᠤᠨ ᠨᠡᠢᠭᠡᠮᠴᠢᠯᠡᠭᠰᠡᠨ ᠬᠠᠮᠢᠶᠠᠷᠤᠯᠲᠠ ᠶᠢ ᠤᠯᠠᠮ ᠴᠢᠩᠭᠠᠳᠭᠠᠬᠤ ᠬᠡᠷᠡᠭᠲᠡᠢ᠃ ᠠᠵᠢᠯ ᠤᠨ ᠲᠣᠭᠲᠠᠯᠴᠠᠭ᠎ᠠ ᠪᠠᠨ ᠨᠡᠩ ᠲᠡᠭᠦᠯᠳᠡᠷᠵᠢᠭᠦᠯᠵᠦ᠂ ᠬᠢᠨᠠᠨ ᠪᠠᠢᠴᠠᠭᠠᠬᠤ ᠬᠦᠴᠦᠯᠡᠴᠡ ᠪᠡᠨ ᠤᠯᠠᠮ ᠴᠢᠩᠭᠠᠳᠭᠠᠵᠤ᠂ ᠬᠣᠣᠰ ᠬᠡᠯᠡᠨ ᠦ᠌ ᠡᠶ᠎ᠡ ᠵᠣᠬᠢᠴᠠᠯᠲᠤ ᠰᠢᠶᠠᠩ ᠲᠣᠰᠭᠤᠨ (ᠨᠡᠢᠭᠡᠮ ᠳᠤᠭᠤᠷᠢᠭ) ᠤ ᠲᠤᠷᠰᠢᠯᠲᠠ ᠶ᠋ᠢᠨ ᠴᠡᠭ ᠦ᠋ᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠴᠠᠭᠠᠰᠢᠳᠠ ᠪᠡᠬᠢᠵᠢᠭᠦᠯᠦᠨ ᠬᠥᠭᠵᠢᠭᠦᠯᠵᠤ᠂ ᠮᠠᠨ ᠤ ᠣᠷᠤᠨ ᠤ᠋ ᠡᠶ᠎ᠡ ᠵᠣᠬᠢᠴᠠᠯᠲᠤ ᠬᠡᠯᠡᠨ ᠦ᠌ ᠠᠮᠢᠳᠤᠷᠠᠯ ᠢ ᠢᠳᠡᠪᠬᠢᠲᠡᠢ ᠴᠣᠭᠴᠠᠯᠠᠨ ᠦᠨᠳᠦᠰᠦᠲᠡᠨ ᠦ᠌ ᠪᠦᠯᠬᠦᠮᠳᠡᠯ ᠳᠠᠪᠰᠢᠯᠲᠠ ᠶ᠋ᠢᠨ ᠦᠢᠯᠡᠰ ᠢ᠋ ᠠᠬᠢᠭᠤᠯᠬᠤ ᠳ᠋ᠤ᠌ ᠬᠤᠪᠢ ᠨᠡᠮᠡᠷᠢ ᠦᠵᠡᠭᠦᠯᠬᠦ ᠬᠡᠷᠡᠭᠲᠡᠢ᠃

ᠲᠠᠪᠤ ᠳᠤ᠂ ᠪᠣᠯᠪᠠᠰᠤᠷᠠᠯ ᠢ᠋ ᠠᠳᠭᠤᠵᠤ᠂ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠰᠠᠢᠲᠤᠷ ᠬᠢᠬᠦ ᠳ᠋ᠦ᠍ ᠬᠥᠮᠦᠨ ᠪᠣᠯ ᠵᠠᠩᠭᠢᠯᠠᠭ᠎ᠠ ᠶᠢᠨ ᠬᠦᠴᠦᠨ ᠪᠣᠯᠬᠤ ᠶᠤᠮ᠃ ᠤᠯᠤᠰ ᠲᠥᠷᠦ ᠶ᠋ᠢᠨ ᠬᠡᠪ ᠪᠣᠯᠪᠠᠰᠤᠷᠠᠯ ᠲᠠᠢ᠂ ᠳᠦᠷᠢᠮ ᠲᠣᠭᠲᠠᠭᠠᠯ ᠢ᠋ ᠰᠠᠬᠢᠳᠠᠭ᠂ ᠲᠤᠬᠠᠢᠯᠠᠭᠰᠠᠨ ᠠᠵᠢᠯ ᠳᠠᠭᠠᠨ ᠭᠠᠷᠮᠠᠭᠠᠢ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠡᠩᠨᠡᠭᠡ ᠶᠢ ᠬᠥᠮᠦᠵᠢᠭᠦᠯᠦᠨ ᠬᠡᠷᠡᠭᠯᠡᠪᠡᠯ ᠰᠠᠶᠢ ᠠᠵᠢᠯ ᠢᠶᠠᠨ ᠰᠠᠢᠲᠤᠷ ᠬᠢᠵᠦ᠂ ᠨᠠᠮ ᠪᠠ ᠠᠷᠠᠳ ᠲᠦᠮᠡᠨ ᠦ᠌ ᠬᠦᠰᠡᠯ ᠨᠠᠢᠳᠠᠯᠭ᠎ᠠ ᠶᠢ ᠬᠦᠰᠡᠷᠳᠡᠭᠦᠯᠬᠦ ᠦᠭᠡᠢ ᠪᠠᠢᠵᠤ ᠴᠢᠳᠠᠨ᠎ᠠ᠃ ᠣᠳᠣᠬᠠᠨ ᠳ᠋ᠤ᠌ ᠮᠠᠨ ᠤ ᠣᠷᠤᠨ ᠤ᠋ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠡᠩᠨᠡᠭᠡᠨ ᠦ᠌ ᠬᠡᠪ ᠪᠣᠯᠪᠠᠰᠤᠷᠠᠯ ᠨᠡᠢᠳᠡᠮ ᠳᠡᠭᠡᠭᠰᠢᠯᠡᠭᠰᠡᠨ ᠪᠣᠯᠪᠠᠴᠤ ᠪᠠᠰᠠ ᠨᠠᠰᠤ ᠪᠠ ᠲᠤᠰᠭᠠᠢ ᠮᠡᠷᠭᠡᠵᠢᠯ ᠦ᠋ᠨ ᠪᠦᠲᠦᠴᠡ  ᠨᠢ ᠵᠣᠬᠢᠰ ᠦᠭᠡᠢ᠂ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠢ ᠣᠢᠯᠠᠭᠠᠬᠤ ᠦᠭᠡᠢ᠂ ᠬᠡᠪ ᠪᠣᠯᠪᠠᠰᠤᠷᠠᠯ ᠵᠢᠭᠳᠡ ᠪᠤᠰᠤ᠂ ᠠᠵᠢᠯ ᠤᠨ ᠬᠢᠷᠢ ᠲᠦᠪᠰᠢᠨ  ᠨᠢ ᠥᠨᠳᠦᠷ ᠪᠢᠰᠢ ᠵᠡᠷᠭᠡ ᠠᠰᠠᠭᠤᠳᠠᠯ ᠤᠳ ᠣᠷᠤᠰᠢᠵᠤ ᠪᠤᠢ᠃ ᠪᠢᠳᠡ ᠵᠠᠪᠠᠯ ᠴᠢᠳᠠᠪᠤᠷᠢᠲᠠᠨ ᠤ᠋ ᠲᠤᠬᠠᠢ ᠰᠢᠨᠵᠢᠯᠡᠬᠦ ᠤᠬᠠᠭᠠᠨᠴᠢ ᠦᠵᠡᠯᠲᠡ ᠶᠢ ᠪᠠᠷᠢᠮᠲᠠᠯᠠᠵᠤ᠂ ᠴᠢᠳᠠᠪᠤᠷᠢᠲᠠᠨ ᠢ᠋ ᠰᠣᠩᠭᠤᠨ ᠬᠡᠷᠡᠭᠯᠡᠬᠦ ᠳᠦᠷᠢᠮ ᠲᠣᠭᠲᠠᠭᠠᠯ ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠵᠦᠢᠯ ᠦ᠋ᠨ ᠲᠤᠬᠠᠢᠯᠠᠭᠰᠠᠨ ᠠᠵᠢᠯ ᠤᠨ ᠪᠣᠯᠪᠠᠰᠤᠷᠠᠯ ᠢ᠋ ᠪᠠᠢᠩᠭᠤ ᠥᠷᠨᠢᠭᠦᠯᠵᠦ᠂ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠰᠢᠰᠲ᠋ᠧᠮ ᠦᠨ ᠮᠣᠩᠭᠤᠯ ᠬᠡᠯᠡ ᠪᠢᠴᠢᠭ ᠦ᠋ᠨ ᠠᠵᠢᠯᠲᠠᠨ ᠤ᠋ ᠡᠩᠨᠡᠭᠡᠨ ᠦ᠌ ᠪᠠᠢᠭᠤᠯᠤᠯᠲᠠ ᠶ᠋ᠢ ᠲᠠᠰᠤᠷᠠᠯᠲᠠ ᠦᠭᠡᠢ ᠴᠢᠩᠭᠠᠳᠭᠠᠵᠤ᠂ ᠲᠡᠳᠡᠨ ᠦ᠌ ᠶᠡᠷᠦᠩᠬᠡᠢ ᠬᠡᠪ ᠪᠣᠯᠪᠠᠰᠤᠷᠠᠯ ᠪᠠ ᠲᠤᠬᠠᠢᠯᠠᠭᠰᠠᠨ ᠠᠵᠢᠯ ᠤᠨ ᠴᠢᠳᠠᠪᠤᠷᠢ ᠶᠢ ᠨᠢ ᠤᠯᠠᠮ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠰᠠᠢᠲᠤᠷ ᠬᠢᠬᠦ ᠳ᠋ᠦ᠍ ᠬᠦᠴᠦᠨ ᠲᠡᠭᠦᠯᠳᠡᠷ ᠴᠢᠳᠠᠪᠤᠷᠢᠲᠠᠨ ᠤ᠋ ᠪᠠᠲᠤᠯᠠᠭ᠎ᠠ ᠶ᠋ᠢ ᠬᠠᠩᠭᠠᠬᠤ ᠬᠡᠷᠡᠭᠲᠡᠢ᠃

ᠵᠢᠷᠭᠤᠭ᠎ᠠ ᠳᠤ᠂ ᠤᠬᠠᠭᠤᠯᠭ᠎ᠠ ᠶᠢ ᠠᠳᠭᠤᠵᠤ᠂ ᠣᠷᠴᠢᠨ ᠲᠣᠭᠤᠷᠢᠨ ᠢ ᠰᠠᠢᠵᠢᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠳ᠋ᠦ᠍ ᠣᠷᠤᠭᠰᠠᠨ ᠤ᠋ ᠳᠠᠷᠠᠭ᠎ᠠ ᠮᠣᠩᠭᠤᠯ ᠬᠡᠯᠡ ᠪᠢᠴᠢᠭ ᠦ᠋ᠨ ᠠᠵᠢᠯ ᠳᠤ ᠰᠢᠨ᠎ᠡ ᠲᠣᠬᠢᠶᠠᠯ ᠪᠠ ᠰᠢᠨ᠎ᠡ ᠥᠷᠢᠰᠦᠯᠳᠦᠭᠡᠨ ᠵᠡᠷᠭᠡ ᠪᠡᠷ ᠲᠤᠯᠭᠠᠷᠠᠭᠰᠠᠨ ᠪᠠᠢᠨ᠎ᠠ᠃ ᠳᠠᠶᠠᠭᠠᠷᠴᠢᠯᠠᠯᠲᠠ᠂ ᠮᠡᠳᠡᠭᠡ ᠵᠠᠩᠭᠢᠴᠢᠯᠠᠯᠲᠠ ᠶ᠋ᠢᠨ ᠠᠬᠢᠴᠠ ᠪᠠ ᠲᠡᠭᠦᠨ ᠦ᠌ ᠭᠦᠨᠵᠡᠭᠡᠢᠷᠡᠬᠦ ᠶ᠋ᠢ ᠳᠠᠭᠠᠯᠳᠤᠨ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠬᠡᠷᠬᠢᠨ ᠰᠠᠢᠲᠤᠷ ᠬᠢᠬᠦ ᠲᠤᠬᠠᠢ ᠪᠢᠳᠡᠨ ᠦ᠌ ᠣᠢᠯᠠᠭᠠᠭᠳᠠᠬᠤᠨ ᠲᠠᠰᠤᠷᠠᠯᠲᠠ ᠦᠭᠡᠢ ᠬᠤᠪᠢᠷᠠᠵᠤ᠂ ᠰᠡᠳᠭᠢᠴᠡ ᠲᠠᠰᠤᠷᠠᠯᠲᠠ ᠦᠭᠡᠢ ᠥᠷᠭᠡᠵᠢᠵᠦ᠂ ᠠᠷᠭ᠎ᠠ ᠠᠪᠴᠠᠯ ᠲᠠᠰᠤᠷᠠᠯᠲᠠ ᠦᠭᠡᠢ ᠰᠢᠨᠡᠴᠢᠯᠡᠭᠳᠡᠵᠦ᠂ ᠦᠷ᠎ᠡ ᠪᠦᠲᠦᠭᠡᠯ ᠲᠠᠰᠤᠷᠠᠯᠲᠠ ᠦᠭᠡᠢ ᠭᠦᠨᠵᠡᠭᠡᠢᠷᠡᠵᠦ ᠪᠤᠢ᠃ ᠰᠢᠨ᠎ᠡ ᠴᠠᠭ ᠦᠶ᠎ᠡ ᠳ᠋ᠦ᠍ ᠪᠢᠳᠡ ᠰᠢᠨ᠎ᠡ ᠳᠦᠷᠰᠦ ᠪᠠᠢᠳᠠᠯ ᠢᠶᠠᠷ ᠮᠣᠩᠭᠤᠯ ᠬᠡᠯᠡ ᠪᠢᠴᠢᠭ ᠦ᠋ᠨ ᠠᠵᠢᠯ ᠤᠨ ᠰᠢᠨ᠎ᠡ ᠬᠥᠭᠵᠢᠯᠲᠡ ᠰᠢᠨ᠎ᠡ ᠰᠢᠪᠲᠤᠯᠤᠯᠲᠠ ᠶ᠋ᠢ ᠪᠡᠶᠡᠯᠡᠭᠦᠯᠬᠦ ᠭᠡᠪᠡᠯ ᠵᠠᠪᠠᠯ ᠤᠬᠠᠭᠤᠯᠭ᠎ᠠ ᠬᠥᠮᠦᠵᠢᠯ ᠦ᠋ᠨ ᠠᠵᠢᠯ ᠢ ᠴᠢᠩᠭᠠᠳᠭᠠᠵᠤ᠂ ᠪᠣᠳᠠᠲᠠᠢ᠂ ᠪᠦᠲᠦᠮᠵᠢᠲᠡᠢ ᠤᠬᠠᠭᠤᠯᠭ᠎ᠠ ᠶᠢᠨ ᠠᠵᠢᠯᠯᠠᠭ᠎ᠠ ᠨᠤᠭᠤᠳ ᠢ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶ᠋ᠢᠨ ᠴᠠᠷᠠᠭ᠎ᠠ ᠬᠦᠷᠢᠶᠡᠨ ᠳ᠋ᠦ᠍ ᠨᠡᠢᠭᠡᠮ ᠦ᠋ᠨ ᠡᠯ᠎ᠡ ᠡᠲᠡᠭᠡᠳ ᠦ᠋ᠨ ᠠᠩᠬᠠᠷᠤᠯ ᠪᠠ ᠳᠡᠮᠵᠢᠯᠭᠡ ᠶᠢ ᠬᠦᠷᠲᠡᠵᠦ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠰᠠᠢᠲᠤᠷ ᠬᠢᠬᠦ ᠳ᠋ᠦ᠍ ᠤᠯᠠᠨ ᠲᠦᠮᠡᠨ ᠦ᠌ ᠰᠠᠭᠤᠷᠢ ᠶᠢ ᠤᠯᠠᠮ ᠪᠠᠲᠤᠳᠭᠠᠬᠤ ᠬᠡᠷᠡᠭᠲᠡᠢ᠃

ᠨᠥᠬᠦᠳ ᠡ᠂ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠢ ᠰᠠᠢᠲᠤᠷ ᠬᠢᠬᠦ ᠳ᠋ᠦ᠍ ᠬᠠᠷᠢᠭᠤᠴᠠᠯᠭ᠎ᠠ ᠥᠩᠭᠡ ᠭᠡᠷᠡᠯᠲᠡᠢ᠂ ᠡᠭᠦᠷᠭᠡ ᠬᠦᠨᠳᠦ ᠵᠠᠮ ᠬᠤᠯᠠ ᠪᠣᠢ᠃ ᠥᠪᠡᠷᠲᠡᠭᠡᠨ ᠵᠠᠰᠠᠬᠤ ᠣᠷᠤᠨ ᠤ᠋ ᠨᠠᠮ ᠤᠨ ᠬᠣᠷᠢᠶ᠎ᠠ᠂ ᠵᠠᠰᠠᠭ ᠤᠨ ᠣᠷᠳᠤᠨ ᠤ᠋ ᠤᠳᠤᠷᠢᠳᠤᠯᠭ᠎ᠠ ᠳᠣᠣᠷ᠎ᠠ ᠪᠢᠳᠡ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠢᠳᠠᠪᠤᠷᠢᠵᠢᠭᠤᠯᠵᠤ᠂ ᠰᠢ ᠶᠢᠨ ᠫᠢᠩ ᠦ᠋ᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠷᠠᠳ ᠲᠦᠮᠡᠨ ᠢ᠋ᠶ᠋ᠡᠷ ᠲᠥᠪ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠪᠠ ᠮᠣᠩᠭᠤᠯ ᠬᠡᠯᠡ ᠦᠰᠦᠭ ᠪᠢᠴᠢᠭ ᠢ ᠰᠤᠷᠴᠤ ᠬᠡᠷᠡᠭᠯᠡᠵᠦ ᠴᠡᠴᠡᠭᠯᠡᠭᠦᠯᠦᠨ ᠬᠥᠭᠵᠢᠭᠦᠯᠬᠦ ᠶ᠋ᠢ ᠪᠦᠲᠦᠮᠵᠢᠲᠡᠢ ᠠᠬᠢᠭᠤᠯᠬᠤ ᠪᠠᠷ ᠭᠣᠣᠯ ᠰᠡᠳᠦᠪ ᠪᠣᠯᠭᠠᠬᠤ ᠶ᠋ᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ ᠦ᠌ ᠬᠡᠯᠡ ᠪᠢᠴᠢᠭ ᠦ᠋ᠨ ᠲᠤᠬᠠᠢ ᠨᠠᠮ ᠪᠠ ᠤᠯᠤᠰ ᠤᠨ ᠲᠥᠷᠦ ᠶ᠋ᠢᠨ ᠪᠣᠳᠤᠯᠭ᠎ᠠ ᠬᠠᠤᠯᠢ ᠲᠣᠭᠲᠠᠭᠠᠯ ᠢ ᠭᠦᠨᠵᠡᠭᠡᠢ ᠨᠠᠢᠳᠠᠪᠤᠷᠢᠵᠢᠭᠤᠯᠬᠤ ᠪᠠᠷ ᠭᠣᠣᠯ ᠰᠢᠵᠢᠮ ᠪᠣᠯᠭᠠᠵᠤ᠂ ᠪᠦᠲᠦᠭᠡᠯᠴᠢ ᠪᠡᠷ ᠬᠠᠮᠢᠶᠠᠷᠬᠤ ᠪᠣᠯᠤᠨ ᠲᠥᠷᠦᠯ ᠬᠤᠪᠢᠶᠠᠨ ᠵᠢᠯᠤᠭᠤᠳᠬᠤ ᠪᠠᠷ ᠵᠠᠷᠴᠢᠮ ᠪᠣᠯᠭᠠᠵᠤ᠂ ᠰᠢᠨ᠎ᠡ ᠳᠦᠷᠰᠦ ᠪᠠᠢᠳᠠᠯ ᠢᠶᠠᠷ ᠰᠢᠨ᠎ᠡ ᠴᠠᠭ ᠦᠶ᠎ᠡ ᠶᠢᠨ ᠮᠣᠩᠭᠤᠯ ᠬᠡᠯᠡ ᠪᠢᠴᠢᠭ ᠦ᠋ᠨ ᠠᠵᠢᠯ ᠤᠨ ᠰᠢᠨ᠎ᠡ ᠠᠮᠵᠢᠯᠲᠠ ᠶ᠋ᠢ ᠣᠯᠵᠤ᠂ ᠰᠢᠨ᠎ᠡ ᠰᠢᠪᠲᠤᠯᠤᠯᠲᠠ ᠶ᠋ᠢ ᠪᠡᠶᠡᠯᠡᠭᠦᠯᠵᠦ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠠᠷ ᠪᠦᠲᠦᠭᠡᠨ ᠪᠠᠢᠭᠤᠯᠬᠤ᠂ ᠳᠤᠮᠳᠠᠳᠤ ᠶᠢᠨ ᠦᠨᠳᠦᠰᠦᠲᠡᠨ ᠦ᠌ ᠠᠭᠤᠤ ᠶᠡᠬᠡ ᠰᠡᠷᠭᠦᠨ ᠮᠠᠨᠳᠤᠯᠲᠠ ᠶ᠋ᠢ ᠪᠡᠶᠡᠯᠡᠭᠦᠯᠬᠦ ᠳᠤᠮᠳᠠᠳᠤ ᠶᠢᠨ ᠵᠡᠭᠦᠳᠦ ᠶ᠋ᠢ ᠲᠡᠷᠭᠡᠯᠰᠢᠭᠦᠯᠬᠦ ᠳ᠋ᠦ᠍ ᠬᠤᠪᠢ ᠨᠡᠮᠡᠷᠢ ᠪᠡᠨ ᠦᠵᠡᠭᠦᠯᠵᠡᠭᠡᠶ᠎ᠡ᠃

ᠡᠴᠦᠰ ᠲᠦ᠍ᠨᠢ᠂ ᠡᠨᠡ ᠤᠳᠠᠭᠠᠨ ᠤ ᠬᠤᠷᠠᠯ ᠢ ᠠᠮᠵᠢᠯᠲᠠ ᠲᠠᠢ ᠬᠤᠷᠠᠯᠳᠤᠭᠤᠯᠬᠤ ᠶᠢᠨ ᠲᠥᠯᠦᠭᠡ ᠮᠠᠰᠢ ᠶᠡᠬᠡ ᠬᠦᠴᠦ ᠬᠥᠳᠡᠯᠮᠦᠷᠢ ᠵᠠᠷᠤᠴᠠᠭᠤᠯᠤᠭᠰᠠᠨ ᠠᠯᠠᠱᠠ ᠠᠢᠮᠠᠭ ᠤᠨ ᠨᠠᠮ ᠤᠨ ᠬᠣᠷᠢᠶ᠎ᠠ᠂ ᠠᠢᠮᠠᠭ ᠤᠨ ᠵᠠᠬᠢᠷᠭᠠᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠨᠥᠬᠦᠳ ᠲᠦ᠍ ᠴᠢᠩ ᠰᠡᠳᠭᠢᠯ ᠦ᠋ᠨ ᠲᠠᠯᠠᠷᠬᠠᠯ ᠳᠡᠪᠰᠢᠭᠦᠯᠦᠶ᠎ᠡ᠃ ᠠᠯᠠᠱᠠ ᠠᠢᠮᠠᠭ ᠤᠨ ᠡᠯ᠎ᠡ ᠲᠥᠷᠦᠯ ᠦ᠋ᠨ ᠠᠵᠢᠯ ᠦᠢᠯᠡᠰ ᠡᠳᠦᠷ ᠡᠴᠡ ᠡᠳᠦᠷ ᠥᠭᠡᠳᠡᠯᠡᠨ ᠬᠥᠭᠵᠢᠬᠦ ᠶ᠋ᠢ ᠪᠡᠯᠭᠡᠳᠡᠶ᠎ᠡ᠃ ᠬᠤᠷᠠᠯ ᠳᠤ ᠣᠷᠤᠯᠴᠠᠭᠰᠠᠨ ᠲᠠ ᠪᠦᠬᠦᠨ ᠦ᠌ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠯᠢᠪᠠ ᠪᠦᠬᠦᠨ ᠥᠭᠡᠳᠡ ᠡᠰᠡᠷᠡᠭ ᠪᠠᠢᠬᠤ ᠶᠢ ᠵᠥᠩᠨᠡᠨ ᠪᠡᠯᠭᠡᠳᠡᠶ᠎ᠡ!

 

ᠣᠷᠴᠢᠭᠤᠯᠤᠭᠴᠢ᠄ ᠴᠢᠩ ᠯᠢᠨ 

ᠬᠢᠨᠠᠭᠴᠢ᠄ ᠪᠤᠤ ᠭᠧ 

    ᠢᠷᠡᠯᠲᠡ᠄《ᠮᠣᠩᠭᠤᠯ ᠬᠡᠯᠡ ᠪᠢᠴᠢᠭ》ᠰᠡᠳᠭᠦᠯ 2018 ᠣᠨ ᠤ ᠬᠣᠶᠠᠳᠤᠭᠠᠷ ᠬᠤᠭᠤᠴᠠᠭ᠎ᠠ

ᠸᠢᠴᠠᠲ ᠲᠤ ᠪᠠᠨ ᠬᠤᠪᠢᠶᠠᠯᠴᠠᠬᠤ