ᠲᠦᠩᠯᠢᠶᠣᠣ ᠬᠣᠲᠠ ᠶ᠋ᠢᠨ ᠡᠯ᠎ᠡ ᠭᠠᠵᠠᠷ ᠮᠣᠩᠭᠤᠯ ᠬᠡᠯᠡ ᠪᠢᠴᠢᠭ ᠤ᠋ᠨ ᠰᠣᠨᠤᠰᠴᠤ ᠪᠢᠴᠢᠬᠦ ᠤᠷᠤᠯᠳᠤᠭᠠᠨ ᠪᠣᠯᠪᠠ
ᠢᠷᠡᠯᠲᠡ᠄ ᠲᠦᠩᠯᠢᠶᠣᠣ ᠬᠣᠲᠠ ᠶ᠋ᠢᠨ ᠦᠨᠳᠦᠰᠦᠲᠡᠨ ᠤ᠋ ᠬᠡᠷᠡᠭ ᠡᠷᠬᠢᠯᠡᠬᠦ ᠲᠣᠪᠴᠢᠶ᠎ᠠ
2018.09.18

 

ᠥᠪᠡᠷᠲᠡᠭᠡᠨ ᠵᠠᠰᠠᠬᠤ ᠣᠷᠤᠨ ᠤ᠋ 35  ᠳ᠋ᠡᠬᠢ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠠᠵᠢᠯᠯᠠᠭᠠᠨ ᠤ᠋ ᠰᠠᠷ᠎ᠠ ᠶ᠋ᠢᠨ ᠲᠠᠰᠢᠷᠠᠮ ᠢ᠋ᠶ᠋ᠡᠷ ᠪᠦᠬᠦ ᠬᠣᠲᠠ ᠶ᠋ᠢᠨ ᠦᠨᠳᠦᠰᠦᠲᠡᠨ ᠤ᠋ ᠰᠤᠷᠭᠠᠨ ᠬᠥᠮᠦᠵᠢᠯ ᠤ᠋ᠨ ᠠᠵᠢᠯ  ᠢ᠋ ᠴᠢᠩᠭᠠᠳᠭᠠᠵᠤ᠂ ᠮᠣᠩᠭᠤᠯ ᠬᠡᠯᠡᠨ ᠤ᠋ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠵᠤ᠂ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ  ᠢ᠋ ᠮᠣᠩᠭᠤᠯ ᠦᠭᠡ ᠬᠡᠯᠡ ᠦᠰᠦᠭ ᠪᠢᠴᠢᠭ ᠢ᠋ᠶ᠋ᠡᠨ ᠢᠳᠡᠪᠬᠢᠲᠡᠢ ᠰᠤᠷᠤᠯᠴᠠᠵᠤ ᠵᠥᠪ ᠬᠡᠷᠡᠭᠯᠡᠭᠦᠯᠬᠦ ᠶ᠋ᠢᠨ ᠲᠤᠰᠠᠳᠠ ᠲᠦᠩᠯᠢᠶᠣᠣ ᠬᠣᠲᠠ ᠶ᠋ᠢᠨ  ᠬᠣᠲᠠ ᠪᠠ ᠬᠣᠰᠢᠭᠤ ᠬᠣᠶᠠᠷ ᠱᠠᠲᠤᠨ ᠤ᠋ ᠦᠨᠳᠦᠰᠦᠲᠡᠨ ᠤ᠋  ᠬᠡᠷᠡᠭᠵᠢᠭᠦᠯᠬᠦ ᠡᠷᠬᠢᠯᠡᠬᠦ ᠲᠣᠪᠴᠢᠶ᠎ᠠ ᠪᠦᠬᠦ ᠬᠣᠲᠠ ᠶ᠋ᠢᠨ ᠬᠡᠪᠴᠢᠶᠡᠨ ᠳ᠋ᠤ᠌ ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠱᠠᠲᠤᠨ ᠳ᠋ᠡᠬᠢ ᠳᠤᠮᠳᠠᠳᠤ ᠪᠠᠭ᠎ᠠ ᠰᠤᠷᠭᠠᠭᠤᠯᠢ  ᠶ᠋ᠢᠨ ᠰᠤᠷᠤᠭᠴᠢᠳ ᠤ᠋ᠨ ᠮᠣᠩᠭᠤᠯ ᠬᠡᠯᠡ ᠪᠢᠴᠢᠭ ᠤ᠋ᠨ ᠰᠣᠨᠤᠰᠴᠤ ᠪᠢᠴᠢᠬᠦ ᠤᠷᠤᠯᠳᠤᠭᠠᠨ ᠬᠢᠪᠡ᠃ ᠪᠦᠬᠦ ᠬᠣᠲᠠ ᠶ᠋ᠢᠨ ᠡᠯ᠎ᠡ ᠬᠣᠰᠢᠭᠤ ᠰᠢᠶᠠᠨ ᠲᠣᠭᠤᠷᠢᠭ ᠡᠴᠡ ᠬᠦᠷᠦᠯᠴᠡᠨ ᠢᠷᠡᠭᠰᠡᠨ 100 ᠭᠠᠷᠤᠢ ᠣᠷᠤᠯᠴᠠᠭᠰᠠᠳ ᠢ᠋ ᠪᠠᠭ᠎ᠠ ᠰᠤᠷᠭᠠᠭᠤᠯᠢ ᠶ᠋ᠢᠨ ᠳᠤᠭᠤᠢᠯᠠᠩ ᠪᠣᠯᠤᠨ ᠠᠩᠬ᠎ᠠ ᠳᠤᠮᠳᠠᠳᠤ ᠶ᠋ᠢᠨ ᠰᠤᠷᠭᠠᠭᠤᠯᠢ ᠬᠤᠪᠢᠶᠠᠵᠤ ᠤᠷᠤᠯᠳᠤᠭᠠᠨ ᠳ᠋ᠤ᠌ ᠣᠷᠤᠯᠴᠠᠭᠤᠯᠵᠠᠢ᠃ ᠤᠷᠤᠯᠳᠤᠭᠠᠨ ᠢ᠋ ᠰᠣᠨᠤᠰᠴᠤ ᠪᠢᠴᠢᠬᠦ ᠪᠡᠷ ᠭᠣᠣᠯᠯᠠᠵᠤ᠂ ᠲᠣᠭᠲᠠᠭᠰᠠᠨ ᠴᠠᠭ ᠲᠤ᠌ ᠣᠨᠤᠪᠴᠢᠲᠠᠢ᠂ ᠳᠦᠷᠢᠮᠵᠢᠯ ᠲᠠᠢ ᠪᠢᠴᠢᠬᠦ᠂ ᠲᠦᠷᠭᠡᠨ ᠪᠢᠴᠢᠬᠦ᠂ ᠰᠡᠳᠦᠪ ᠬᠠᠷᠢᠭᠤᠯᠬᠤ ᠵᠡᠷᠭᠡ ᠬᠡᠯᠪᠡᠷᠢ ᠪᠡᠷ ᠥᠷᠨᠢᠭᠦᠯᠵᠦ᠂ ᠪᠦᠬᠦ ᠬᠣᠲᠠ ᠶ᠋ᠢᠨ ᠡᠯ᠎ᠡ ᠦᠨᠳᠦᠰᠦᠲᠡᠨ  ᠤ᠋ ᠣᠯᠠᠨ ᠲᠦᠮᠡᠨ ᠤ᠋ ᠮᠣᠩᠭᠤᠯ ᠬᠡᠯᠡ ᠪᠢᠴᠢᠭ ᠢ᠋ ᠰᠤᠷᠴᠤ ᠬᠡᠷᠡᠭᠯᠡᠬᠦ ᠢᠳᠡᠪᠬᠢᠵᠢᠯ ᠢ᠋ ᠳᠡᠭᠡᠭᠰᠢᠯᠡᠭᠦᠯᠵᠦ᠂ ᠮᠣᠩᠭᠤᠯ ᠬᠢᠲᠠᠳ ᠬᠣᠣᠰ ᠬᠡᠯᠡᠨ ᠤ᠋ ᠡᠶ᠎ᠡ  ᠵᠣᠬᠢᠴᠠᠩᠭᠤᠢ ᠣᠷᠴᠢᠨ ᠢ᠋ ᠪᠤᠢ ᠪᠣᠯᠭᠠᠵᠠᠢ᠃

 

 

ᠣᠷᠴᠢᠭᠤᠯᠤᠭᠴᠢ᠄ ᠡᠷᠳᠡᠨᠢᠴᠡᠴᠡᠭ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠡᠷᠳᠡᠨᠢᠴᠡᠴᠡᠭ

ᠸᠢᠴᠠᠲ ᠲᠤ ᠪᠠᠨ ᠬᠤᠪᠢᠶᠠᠯᠴᠠᠬᠤ