2018.10.19
ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂《 ᠦᠪᠤᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠣᠩᠭᠤᠯ ᠦᠭᠡ ᠬᠡᠯᠡ ᠦᠰᠦᠭ ᠪᠢᠴᠢᠭ ᠤ᠋ᠨ ᠠᠵᠢᠯ ᠤ᠋ᠨ ᠳᠦᠷᠢᠮ》᠂《ᠦᠪᠤᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠦᠨᠳᠤᠰᠤᠳᠡᠨ ᠤ᠋ ᠰᠤᠷᠭᠠᠨ ᠬᠥᠮᠦᠵᠢᠯ ᠤ᠋ᠨ ᠳᠦᠷᠢᠮ》ᠢ᠋ ᠪᠦᠬᠦ ᠲᠠᠯ᠎ᠠ ᠪᠠᠷ ᠭᠡᠷᠡᠭᠵᠢᠭᠦᠯᠵᠤ᠂ ᠬᠤᠳᠠ ᠶ᠋ᠢᠨ ᠦᠨᠳᠤᠰᠤᠳᠡᠨ ᠤ᠋ ᠰᠤᠷᠭᠠᠨ ᠬᠥᠮᠦᠵᠢᠯ ᠤ᠋ᠨ ᠠᠵᠢᠯ ᠢ᠋ ᠤᠯᠠᠮ ᠴᠢᠩᠭᠠᠳᠭᠠᠵᠤ᠂ ᠮᠣᠩᠭᠤᠯ ᠬᠡᠯᠡᠨ ᠤ᠋ ᠰᠤᠷᠭᠠᠨ ᠬᠥᠮᠦᠵᠢᠯ ᠵᠢᠭᠠᠨ ᠰᠤᠷᠭᠠᠯᠳᠠ ᠶ᠋ᠢᠨ ᠶᠠᠰᠦ ᠴᠢᠨᠠᠷ ᠢ᠋ ᠳᠡᠭᠡᠭᠰᠢᠯᠡᠭᠦᠯᠬᠦ ᠶ᠋ᠢᠨ ᠲᠥᠯᠦᠭᠡ᠂ 10 ᠰᠠᠷ᠎ᠠ ᠶ᠋ᠢᠨ14 ᠤ᠋ ᠡᠳᠦᠷ ᠣᠷᠳᠤᠰ ᠬᠤᠳᠠ ᠶ᠋ᠢᠨ ᠬᠣᠶᠠᠳᠤᠭᠠᠷ ᠤᠳᠠᠭᠠᠨ ᠤ᠋ ᠲᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ ᠤ᠋ᠨ ᠮᠣᠩᠭᠤᠯ ᠵᠥᠪ ᠪᠢᠴᠢᠯᠭᠡ ᠶ᠋ᠢᠨ ᠰᠣᠨᠤᠰᠴᠤ ᠪᠢᠴᠢᠬᠦ ᠤᠷᠤᠯᠳᠤᠭᠠᠨ ᠢ᠋ ᠳ᠋ᠦᠩᠱᠸᠩ ᠲᠣᠭᠤᠷᠢᠭ ᠤ᠋ᠨ ᠮᠣᠩᠭᠤᠯ ᠰᠤᠷᠭᠠᠭᠤᠯᠢ ᠳ᠋ᠤ᠌ ᠡᠷᠬᠢᠯᠡᠪᠡ᠃
ᠡᠨᠡ ᠤᠳᠠᠭᠠᠨ ᠤ᠋ ᠤᠷᠤᠯᠳᠤᠭᠠᠨ ᠢ᠋ ᠣᠷᠳᠤᠰ ᠬᠤᠳᠠ ᠶ᠋ᠢᠨ ᠦᠨᠳᠤᠰᠤᠳᠡᠨ ᠤ᠋ ᠬᠡᠷᠡᠭ ᠡᠷᠬᠢᠯᠡᠬᠦ ᠵᠥᠪᠯᠡᠯ᠂ ᠣᠷᠳᠤᠰ ᠬᠤᠳᠠ ᠶ᠋ᠢᠨ ᠰᠤᠷᠭᠠᠨ ᠬᠥᠮᠦᠵᠢᠯ ᠤ᠋ᠨ ᠲᠣᠪᠴᠢᠶ᠎ᠠ᠂ ᠳ᠋ᠦᠩᠱᠸᠩ ᠲᠣᠭᠤᠷᠢᠭ ᠤ᠋ᠨ ᠠᠷᠠᠳ ᠤ᠋ᠨ ᠵᠠᠰᠠᠭ ᠤ᠋ᠨ ᠣᠷᠳᠤᠨ ᠭᠣᠣᠯᠯᠠᠨ ᠡᠷᠬᠢᠯᠡᠵᠤ᠂ ᠳ᠋ᠦᠩᠱᠸᠩ ᠲᠣᠭᠤᠷᠢᠭ ᠤ᠋ᠨ ᠦᠨᠳᠤᠰᠤᠳᠡᠨ ᠱᠠᠰᠢᠨ ᠰᠤᠷᠳᠠᠬᠤᠨ ᠤ᠋ ᠲᠣᠪᠴᠢᠶ᠎ᠠ᠂ ᠳ᠋ᠦᠩᠱᠸᠩ ᠲᠣᠭᠤᠷᠢᠭ ᠤ᠋ᠨ ᠰᠤᠷᠭᠠᠨ ᠬᠥᠮᠦᠵᠢᠯ ᠤ᠋ᠨ ᠲᠣᠪᠴᠢᠶ᠎ᠠ ᠲᠠᠭᠠᠭᠠᠴᠢᠯᠠᠨ ᠡᠷᠬᠢᠯᠡᠪᠡ᠃ ᠬᠤᠷᠴᠠ ᠰᠢᠷᠤᠬᠦᠨ ᠥᠷᠢᠰᠦᠯᠳᠦᠭᠡᠨ ᠢ᠋ᠶ᠋ᠡᠷ ᠲᠠᠮᠵᠢᠭᠠᠳ᠂ ᠲᠤᠮᠳᠠᠳᠤ ᠰᠤᠷᠭᠠᠭᠤᠯᠢ ᠶ᠋ᠢᠨ ᠲᠤᠭᠤᠢᠯᠠᠩ ᠡᠴᠡ ᠣᠷᠳᠤᠰ ᠬᠤᠳᠠ ᠶ᠋ᠢᠨ ᠮᠣᠩᠭᠤᠯ ᠦᠨᠳᠤᠰᠤᠳᠡᠨ ᠤ᠋ ᠬᠣᠶᠠᠳᠤᠭᠠᠷ ᠲᠤᠮᠳᠠᠳᠤ ᠰᠤᠷᠭᠠᠭᠤᠯᠢ ᠲᠡᠷᠢᠭᠦᠯᠡᠵᠤ᠂ ᠣᠲᠤᠭ ᠤ᠋ᠨ ᠡᠮᠦᠨᠡᠲᠦ ᠬᠣᠰᠢᠭᠤᠨ ᠤ᠋ ᠮᠣᠩᠭᠤᠯ ᠲᠤᠮᠳᠠᠳᠤ ᠰᠤᠷᠭᠠᠭᠤᠯᠢ ᠳᠡᠳ᠋ᠯᠡᠵᠤ᠂ ᠣᠷᠳᠤᠰ ᠬᠤᠳᠠ ᠶ᠋ᠢᠨ ᠮᠣᠩᠭᠤᠯ ᠲᠤᠮᠳᠠᠳᠤ ᠰᠤᠷᠭᠠᠭᠤᠯᠢ ᠭᠤᠷᠪᠠᠳᠤᠭᠠᠷ ᠲᠤ᠌ ᠲᠣᠳᠤᠷᠠᠵᠠᠢ᠃ ᠪᠠᠭ᠎ᠠ ᠰᠤᠷᠭᠠᠭᠤᠯᠢ ᠶ᠋ᠢᠨ ᠲᠤᠭᠤᠢᠯᠠᠩ ᠡᠴᠡ ᠦᠦᠰᠢᠨ ᠬᠣᠰᠢᠭᠤᠨ ᠤ᠋ ᠮᠣᠩᠭᠤᠯ ᠲᠤᠷᠰᠢᠯᠳᠠ ᠶ᠋ᠢᠨ ᠪᠠᠭ᠎ᠠ ᠰᠤᠷᠭᠠᠭᠤᠯᠢ ᠲᠡᠷᠢᠭᠦᠯᠡᠵᠤ᠂ ᠬᠠᠩᠭᠢᠨ ᠬᠣᠰᠢᠭᠤᠨ ᠤ᠋ ᠮᠣᠩᠭᠤᠯ ᠲᠤᠷᠰᠢᠯᠳᠠ ᠶ᠋ᠢᠨ ᠪᠠᠭ᠎ᠠ ᠰᠤᠷᠭᠠᠭᠤᠯᠢ ᠳᠡᠳ᠋ᠯᠡᠵᠤ᠂ ᠣᠷᠳᠤᠰ ᠬᠤᠳᠠ ᠶ᠋ᠢᠨ ᠮᠣᠩᠭᠤᠯ ᠰᠤᠷᠭᠠᠭᠤᠯᠢ ᠭᠤᠷᠪᠠᠳᠤᠭᠠᠷ ᠲᠤ ᠲᠣᠳᠤᠷᠠᠵᠠᠢ᠃ ᠪᠠᠰᠠ 8 ᠲᠥᠯᠦᠭᠡᠯᠡᠭᠴᠢ ᠶ᠋ᠢᠨ ᠠᠩᠭᠢ ᠳ᠋ᠤ᠌ ᠰᠢᠯᠢᠳᠡᠭ ᠱᠠᠩᠨᠠᠯ ᠢ᠋ ᠣᠯᠭᠤᠵᠤ᠂ ᠳᠠᠭᠠᠭᠠᠴᠢᠯᠠᠵᠤ ᠡᠷᠬᠢᠯᠡᠭᠰᠡᠨ ᠳ᠋ᠦᠩᠱᠸᠩ ᠲᠣᠭᠤᠷᠢᠭ ᠤ᠋ᠨ ᠮᠣᠩᠭᠤᠯ ᠰᠤᠷᠭᠠᠭᠤᠯᠢ ᠳ᠋ᠤ᠌《 ᠰᠢᠯᠢᠳᠡᠭ ᠵᠣᠬᠢᠶᠠᠨ ᠪᠠᠢᠭᠤᠯᠤᠭᠰᠠᠨ ᠱᠠᠩᠨᠠᠯ》ᠢ᠋ ᠣᠯᠭᠤᠪᠠ᠃
ᠡᠨᠡ ᠤᠳᠠᠭᠠᠨ ᠤ᠋ ᠤᠷᠤᠯᠳᠤᠭᠠᠨ ᠲᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ ᠤ᠋ᠨ ᠪᠠᠷᠢᠮᠵᠢᠶ᠎ᠠ ᠠᠪᠢᠶ᠎ᠠ ᠪᠠᠷ ᠤᠩᠰᠢᠵᠤ᠂ ᠲᠦᠷᠢᠮᠵᠢᠯ ᠪᠢᠴᠢᠯᠭᠡ ᠪᠡᠷ ᠪᠢᠴᠢᠬᠦ ᠴᠢᠳᠠᠪᠤᠷᠢ ᠶ᠋ᠢ ᠲᠡᠭᠡᠭᠰᠢᠯᠡᠭᠦᠯᠬᠦ ᠳ᠋ᠤ᠌ ᠪᠦᠬᠦ ᠬᠤᠳᠠ ᠶ᠋ᠢᠨ ᠮᠣᠩᠭᠤᠯ ᠬᠡᠯᠨ ᠦᠰᠦᠭ ᠪᠢᠴᠢᠭ ᠤ᠋ᠨ ᠳᠦᠷᠢᠮᠵᠢᠭᠦᠯᠦᠯᠳᠡ᠂ ᠪᠠᠷᠢᠮᠵᠢᠶᠠᠵᠢᠭᠤᠯᠤᠯᠳᠠ᠂ ᠮᠡᠳᠡᠭᠡ ᠵᠠᠩᠭᠢᠵᠢᠯᠲᠠ ᠶ᠋ᠢᠨ ᠠᠵᠢᠯ ᠳ᠋ᠤ᠌ ᠢᠳᠡᠪᠬᠢ ᠦᠢᠯᠡᠳᠤᠯ ᠭᠠᠷᠭᠠᠵᠠᠢ᠃
ᠣᠷᠴᠢᠭᠤᠯᠤᠭᠴᠢ᠄ ᠮᠸᠩ ᠵᠢᠶᠠᠩ
ᠬᠢᠨᠠᠭᠴᠢ᠄ ᠪᠤᠶᠠᠨ᠌ᠦ᠌ᠯᠵᠡᠢ
ᠬᠠᠷᠢᠭᠤᠴᠠᠭᠰᠠᠨ ᠨᠠᠢᠷᠠᠭᠤᠯᠤᠭᠴᠢ᠄ ᠮᠸᠩ ᠵᠢᠶᠠᠩ
