ᠥᠪᠡᠷᠲᠡᠭᠡᠨ ᠵᠠᠰᠠᠬᠤ ᠣᠷᠤᠨ ᠤ᠋ ᠳᠡᠳ᠋ ᠲᠡᠷᠢᠭᠦᠯᠡᠭᠴᠢ ᠪᠦᠦ ᠭᠠᠩ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠳ᠋ᠦ᠍ ᠢᠷᠡᠵᠦ ᠠᠵᠢᠯ ᠰᠤᠳᠤᠯᠤᠨ ᠪᠠᠢᠴᠠᠭᠠᠭᠰᠠᠨ ᠪᠥᠭᠡᠳ《ᠤᠯᠤᠰ ᠤ᠋ᠨ ᠪᠠᠶᠠᠷ ᠢ᠋ ᠤᠭᠲᠤᠵᠤ᠂ ᠨᠠᠮ ᠤ᠋ᠨ ᠬᠠᠢᠷ᠎ᠠ ᠶ᠋ᠢ ᠰᠠᠨᠠᠭᠠᠯᠵᠠᠵᠤ᠂ ᠦᠨᠳᠦᠰᠦᠲᠡᠨ ᠦ᠌ ᠪᠦᠯᠬᠦᠮᠳᠡᠯ ᠢ᠋ ᠡᠭᠦᠷᠢᠳᠡ ᠴᠡᠭᠡᠵᠢᠯᠡᠶ᠎ᠡ》ᠭᠡᠬᠦ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠥᠷᠨᠢᠭᠦᠯᠪᠡ
ᠢᠷᠡᠯᠲᠡ᠄ ᠠᠯᠪᠠᠨ ᠭᠡᠷ
2018.10.30

 

9 ᠳ᠋ᠦ᠍ᠭᠡᠷ ᠰᠠᠷ᠎ᠠ ᠶ᠋ᠢᠨ30 ᠤ᠋ ᠡᠳᠦᠷ ᠥᠪᠡᠷᠲᠡᠭᠡᠨ ᠵᠠᠰᠠᠬᠤ ᠣᠷᠤᠨ ᠤ᠋ ᠳᠡᠳ᠋ ᠲᠡᠷᠢᠭᠦᠯᠡᠭᠴᠢ ᠪᠦᠦ ᠭᠠᠩ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠳ᠋ᠦ᠍ ᠢᠷᠡᠵᠦ ᠠᠵᠢᠯ ᠰᠤᠳᠤᠯᠤᠨ ᠪᠠᠢᠴᠠᠭᠠᠭᠰᠠᠨ ᠪᠥᠭᠡᠳ 《ᠤᠯᠤᠰ ᠤ᠋ᠨ ᠪᠠᠶᠠᠷ ᠢ᠋ ᠤᠭᠲᠤᠵᠤ᠂ ᠨᠠᠮ ᠤ᠋ᠨ ᠬᠠᠢᠷ᠎ᠠ ᠶ᠋ᠢ ᠰᠠᠨᠠᠭᠠᠯᠵᠠᠵᠤ᠂ ᠦᠨᠳᠦᠰᠦᠲᠡᠨ ᠦ᠌ ᠪᠦᠯᠬᠦᠮᠳᠡᠯ ᠢ᠋ ᠡᠭᠦᠷᠢᠳᠡ ᠴᠡᠭᠡᠵᠢᠯᠡᠶ᠎ᠡ》ᠭᠡᠬᠦ ᠭᠣᠣᠯ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠡᠷᠬᠢᠯᠡᠭᠴᠢ ᠴᠢ ᠶ᠋ᠢᠨ ᠢᠦᠢ ᠶ᠋ᠢᠨ ᠦᠨᠳᠦᠰᠦᠲᠡᠨ ᠦ᠌ ᠠᠵᠢᠯ ᠤ᠋ᠨ ᠲᠤᠬᠠᠢ ᠮᠡᠳᠡᠭᠦᠯᠦᠯᠲᠡ ᠪᠣᠯᠤᠨ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠭᠤᠷᠪᠠᠳᠤᠭᠠᠷ ᠨᠠᠮ ᠤ᠋ᠨ ᠡᠭᠦᠷ ᠦ᠋ᠨ ᠱᠦᠵᠢ᠂ ᠳᠥᠷᠪᠡᠳᠦᠭᠡᠷ ᠨᠠᠮ ᠤ᠋ᠨ ᠡᠭᠦᠷ ᠦ᠋ᠨ ᠱᠦᠵᠢ ᠶ᠋ᠢᠨ ᠭᠣᠣᠯ ᠰᠡᠳᠦᠪᠲᠦ ᠢᠯᠡᠳᠬᠡᠯ ᠢ᠋ ᠰᠣᠨᠤᠰᠪᠠ᠃ ᠳᠡᠳ᠋ ᠲᠡᠷᠢᠭᠦᠯᠡᠭᠴᠢ ᠪᠦᠦ ᠭᠠᠩ ᠪᠠᠰᠠ 《ᠳᠥᠷᠪᠡᠨ ᠤᠬᠠᠮᠰᠠᠷ》ᠢ᠋ᠶ᠋ᠠᠨ ᠤᠯᠠᠮ ᠴᠢᠩᠭᠠᠳᠭᠠᠵᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠵᠦ᠂ ᠱᠢᠨ᠎ᠡ ᠴᠠᠭ ᠦᠶ᠎ᠡ ᠶ᠋ᠢᠨ ᠮᠠᠨ ᠤ᠋ ᠣᠷᠤᠨ ᠤ᠋ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠦᠢᠯᠡᠰ ᠦ᠋ᠨ ᠱᠢᠨ᠎ᠡ ᠪᠠᠢᠳᠠᠯ ᠢ᠋ ᠪᠣᠢ ᠪᠣᠯᠭᠠᠬᠤ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠳᠤᠷᠠᠳᠤᠭᠰᠠᠨ ᠪᠠᠢᠨ᠎ᠠ᠃

ᠳᠡᠳ᠋ ᠲᠡᠷᠢᠭᠦᠯᠡᠭᠴᠢ ᠪᠦᠦ ᠭᠠᠩ《ᠤᠯᠤᠰ ᠤ᠋ᠨ ᠪᠠᠶᠠᠷ ᠢ᠋ ᠤᠭᠲᠤᠵᠤ᠂ ᠨᠠᠮ ᠤ᠋ᠨ ᠬᠠᠢᠷ᠎ᠠ ᠶ᠋ᠢ ᠰᠠᠨᠠᠭᠠᠯᠵᠠᠵᠤ᠂ ᠦᠨᠳᠦᠰᠦᠲᠡᠨ ᠦ᠌ ᠪᠦᠯᠬᠦᠮᠳᠡᠯ ᠢ᠋ ᠡᠭᠦᠷᠢᠳᠡ ᠴᠡᠭᠡᠵᠢᠯᠡᠶ᠎ᠡ》ᠭᠡᠬᠦ ᠭᠣᠣᠯ ᠰᠡᠳᠦᠪᠲᠦ ᠲᠠᠢᠯᠤᠮᠵᠢ ᠬᠢᠵᠦ ᠪᠠᠢᠭ᠎ᠠ ᠨᠢ

ᠳᠡᠳ᠋ ᠲᠡᠷᠢᠭᠦᠯᠡᠭᠴᠢ ᠪᠦᠦ ᠭᠠᠩ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠤᠷᠲᠤ ᠬᠤᠭᠤᠴᠠᠭᠠᠨ ᠤ᠋ ᠲᠤᠷᠱᠢ ᠦᠨᠳᠦᠰᠦᠲᠡᠨ ᠦ᠌ ᠪᠦᠯᠬᠦᠮᠳᠡᠯ ᠢ᠋ ᠬᠠᠮᠠᠭᠠᠯᠠᠬᠤ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠱᠢᠭᠰᠠᠨ ᠭᠠᠵᠠᠷ ᠣᠷᠤᠨ ᠤ᠋ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢ ᠠᠬᠢᠭᠤᠯᠬᠤ ᠲᠠᠯ᠎ᠠ ᠪᠠᠷ ᠲᠣᠪᠣᠢᠮ᠎ᠠ ᠠᠮᠵᠢᠯᠲᠠ ᠭᠠᠷᠭᠠᠵᠤ᠂ ᠮᠠᠨ ᠤ᠋ ᠣᠷᠤᠨ ᠤ᠋ 《ᠵᠢᠱ᠌ᠢᠶᠡᠴᠢ ᠥᠪᠡᠷᠲᠡᠭᠡᠨ ᠵᠠᠰᠠᠬᠤ ᠣᠷᠤᠨ》 ᠤ᠋ ᠢᠷᠠᠭᠤ ᠠᠯᠳᠠᠷ ᠢ᠋ ᠦᠷᠭᠦᠯᠵᠢᠯᠡᠨ ᠪᠠᠳᠠᠷᠠᠭᠤᠯᠬᠤ ᠳ᠋ᠤ᠌ ᠲᠣᠪᠣᠢᠮ᠎ᠠ ᠵᠢᠳᠬᠦᠯ ᠭᠠᠷᠭᠠᠭᠰᠠᠨ ᠢ᠋ ᠪᠦᠷᠢᠨ ᠭᠦᠢᠴᠡᠳ ᠨᠤᠲᠠᠯᠠᠭᠰᠠᠨ  ᠪᠠᠢᠨ᠎ᠠ᠃

ᠳᠡᠳ᠋ ᠲᠡᠷᠢᠭᠦᠯᠡᠭᠴᠢ ᠪᠦᠦ ᠭᠠᠩ ᠵᠢᠭᠠᠵᠤ ᠭᠠᠷᠭᠠᠭᠰᠠᠨ ᠨᠢ᠂ ᠦᠨᠳᠦᠰᠦᠲᠡᠨ ᠦ᠌ ᠠᠵᠢᠯ ᠪᠣᠯ ᠤᠯᠤᠰ ᠲᠥᠷᠥᠴᠢ ᠱᠢᠨᠵᠢ᠂ ᠲᠥᠷᠥ ᠶ᠋ᠢᠨ ᠪᠣᠳᠤᠯᠭᠠᠲᠤ ᠱᠢᠨᠵᠢ᠂ ᠠᠷᠠᠳ ᠲᠦᠮᠡᠨᠴᠢ ᠱᠢᠨᠵᠢ ᠪᠡᠷ ᠴᠢᠩᠭ᠎ᠠ ᠠᠵᠢᠯ ᠮᠥᠨ᠂ ᠵᠠᠪᠠᠯ ᠤᠯᠤᠰ ᠲᠥᠷᠥ ᠶ᠋ᠢᠨ ᠥᠨᠳᠦᠷ ᠵᠣᠭᠰᠤᠴᠠ ᠪᠠ ᠠᠵᠢᠯ ᠤ᠋ᠨ ᠥᠨᠳᠦᠷ ᠪᠠᠢᠷᠢᠱᠢᠯ ᠠ᠋ᠴᠠ ᠵᠥᠪ ᠣᠨᠤᠪᠴᠢᠲᠠᠢ ᠤᠯᠤᠰ ᠲᠥᠷᠥ ᠶ᠋ᠢᠨ ᠴᠢᠭᠯᠡᠯ ᠢ᠋ ᠪᠠᠷᠢᠮᠲᠠᠯᠠᠵᠤ᠂ ᠶᠡᠷᠦᠩᠬᠡᠢ ᠱᠦᠵᠢ ᠱ᠋ᠢ ᠶ᠋ᠢᠨ ᠫᠢᠩ ᠦ᠋ᠨ ᠲᠥᠪ ᠦ᠋ᠨ ᠦᠨᠳᠦᠰᠦᠲᠡᠨ ᠦ᠌ ᠠᠵᠢᠯ ᠤ᠋ᠨ ᠬᠤᠷᠠᠯ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠦᠭᠡᠯᠡᠭᠴᠢᠳ ᠦ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠥᠪᠦᠷ ᠮᠣᠩᠭᠤᠯ ᠤ᠋ᠨ ᠲᠥᠯᠦᠭᠡᠯᠡᠭᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ ᠳ᠋ᠦ᠍ ᠣᠷᠤᠯᠴᠠᠬᠤ ᠦᠶ᠎ᠡ ᠶ᠋ᠢᠨ ᠴᠢᠬᠤᠯᠠ ᠶᠠᠷᠢᠶ᠎ᠠ᠂ ᠥᠪᠦᠷ ᠮᠣᠩᠭᠤᠯ ᠢ᠋ ᠪᠠᠢᠴᠠᠭᠠᠨ ᠦᠵᠡᠬᠦ ᠦᠶ᠎ᠡ ᠶ᠋ᠢᠨ ᠴᠢᠬᠤᠯᠠ ᠶᠠᠷᠢᠶ᠎ᠠ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ᠂ ᠪᠦᠬᠦ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂《ᠬᠣᠶᠠᠷ ᠢ᠋ ᠡᠷᠡᠰ ᠬᠠᠮᠠᠭᠠᠯᠠᠬᠤ》 ᠶ᠋ᠢ ᠭᠤᠢᠪᠠᠱᠢ ᠦᠭᠡᠢ ᠬᠢᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠲᠡᠨ ᠦ᠌ ᠪᠦᠯᠬᠦᠮᠳᠡᠯ ᠪᠠ ᠬᠢᠯᠢ ᠬᠢᠵᠠᠭᠠᠷ ᠤ᠋ᠨ ᠠᠮᠤᠷ ᠲᠣᠭᠲᠠᠭᠤᠨ ᠢ᠋ ᠯᠠᠪᠳᠠᠭᠤᠨ ᠪᠠᠲᠤᠲᠠᠢ ᠠᠬᠢᠭᠤᠯᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠤᠨ》 ᠤ᠋ ᠢᠷᠠᠭᠤ ᠠᠯᠳᠠᠷ ᠢ᠋ ᠬᠠᠮᠠᠭᠠᠯᠠᠵᠤ᠂ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠬᠡᠪ ᠳᠠᠭᠤᠷᠢᠶᠠᠯ ᠪᠠ ᠦᠯᠢᠭᠡᠷ ᠵᠢᠱ᠌ᠢᠶ᠎ᠡ ᠦᠷᠭᠦᠯᠵᠢᠯᠡᠨ ᠪᠣᠯᠬᠤ ᠬᠡᠷᠡᠭᠲᠡᠢ ᠭᠡᠵᠡᠢ᠃  

ᠳᠡᠳ᠋ ᠲᠡᠷᠢᠭᠦᠯᠡᠭᠴᠢ ᠪᠦᠦ ᠭᠠᠩ ᠱᠠᠭᠠᠷᠳᠠᠭᠰᠠᠨ ᠨᠢ᠂ ᠦᠨᠳᠦᠰᠦᠲᠡᠨ ᠦ᠌ ᠣᠷᠤᠨ ᠤ᠋ ᠥᠪᠡᠷᠲᠡᠭᠡᠨ ᠵᠠᠰᠠᠬᠤ ᠳᠦᠷᠢᠮ ᠢ᠋ ᠪᠠᠷᠢᠮᠲᠠᠯᠠᠬᠤ ᠶ᠋ᠢᠨ ᠳᠠᠭᠠᠤ ᠦᠨᠳᠦᠰᠦᠲᠡᠨ ᠦ᠌ ᠬᠠᠤᠯᠢ ᠳᠦᠷᠢᠮ ᠲᠥᠷᠥ ᠶ᠋ᠢᠨ  ᠪᠣᠳᠣᠯᠭ᠎ᠠ ᠶ᠋ᠢ ᠤᠯᠠᠮ ᠲᠡᠭᠦᠯᠳᠡᠷᠵᠢᠭᠦᠯᠦᠨ ᠲᠥᠬᠦᠷᠵᠢᠭᠦᠯᠵᠦ᠂ ᠦᠨᠳᠦᠰᠦᠲᠡᠨ ᠦ᠌ ᠪᠦᠯᠬᠦᠮᠳᠡᠯ ᠪᠣᠯᠤᠨ ᠦᠨᠳᠦᠰᠦᠲᠡᠨ ᠦ᠌ ᠣᠷᠤᠨ ᠤ᠋ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠱᠢᠨ᠎ᠡ ᠠᠬᠢᠴᠠ ᠪᠠᠷ ᠨᠠᠮ ᠤ᠋ᠨ ᠦᠨᠳᠦᠰᠦᠲᠡᠨ ᠦ᠌ ᠲᠥᠷᠥ ᠶ᠋ᠢᠨ  ᠪᠣᠳᠣᠯᠭ᠎ᠠ ᠶ᠋ᠢᠨ ᠲᠡᠷᠢᠭᠦᠨ ᠦ᠌ ᠱᠢᠨᠵᠢ ᠪᠠ ᠳᠠᠪᠠᠭᠤᠯᠢᠭ ᠱᠢᠨᠵᠢ ᠶ᠋ᠢ ᠢᠯᠡᠷᠡᠭᠦᠯᠬᠦ ᠬᠡᠷᠡᠭᠲᠡᠢ ᠭᠡᠵᠡᠢ᠃《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠶ᠋ᠢᠨ ᠪᠠᠶᠠᠯᠢᠭ ᠠᠭᠤᠯᠭ᠎ᠠ ᠪᠠ ᠵᠣᠷᠢᠭ ᠰᠠᠨᠠᠭᠠᠨ ᠤ᠋ ᠭᠣᠣᠯᠳᠠᠯᠭ᠎ᠠ ᠶ᠋ᠢ ᠭᠦᠨᠵᠡᠭᠡᠢ ᠣᠢᠯᠠᠭᠠᠵᠤ᠂ ᠬᠢᠨᠠᠭᠤᠷ ᠯᠠᠪᠳᠠᠭᠤᠨ ᠠᠵᠢᠯ ᠤ᠋ᠨ ᠣᠪᠤᠷ ᠢ᠋ᠶ᠋ᠠᠷ ᠦᠨᠡᠨ ᠰᠡᠳᠬᠢᠯ ᠪᠦᠬᠦ ᠵᠣᠷᠢᠭ ᠢ᠋ᠶ᠋ᠠᠷ ᠢ᠋ᠶ᠋ᠠᠨ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢ ᠡᠭᠦᠳᠬᠦ ᠠᠵᠢᠯ ᠤ᠋ᠨ ᠲᠦᠪᠱᠢᠨ ᠢ᠋ᠶ᠋ᠡᠨ ᠳᠡᠭᠡᠭᠱᠢᠯᠡᠭᠦᠯᠬᠦ ᠬᠡᠷᠡᠭᠲᠡᠢ᠃ ᠠᠵᠢᠯᠯᠠᠬᠤ ᠬᠡᠯᠪᠡᠷᠢ ᠪᠡᠨ ᠱᠢᠨᠡᠴᠢᠯᠡᠵᠦ᠂ ᠠᠴᠢᠶᠠᠯᠠᠭᠴᠢ ᠪᠠᠨ ᠪᠠᠶᠠᠯᠢᠭᠵᠢᠭᠤᠯᠵᠤ᠂ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠤᠬᠠᠭᠤᠯᠭ᠎ᠠ ᠬᠥᠮᠦᠵᠢᠯ  ᠦ᠋ᠨ ᠠᠵᠢᠯ ᠢ᠋ ᠰᠠᠢᠲᠤᠷ ᠬᠢᠬᠦ ᠬᠡᠷᠡᠭᠲᠡᠢ᠃ ᠰᠣᠨᠢᠨ ᠮᠡᠳᠡᠭᠡ ᠤᠬᠠᠭᠤᠯᠭ᠎ᠠ ᠶ᠋ᠢᠨ ᠰᠠᠯᠠᠭ᠎ᠠ ᠮᠥᠴᠢᠷ ᠲᠡᠢ ᠬᠠᠮᠵᠢᠯᠴᠠᠭ᠎ᠠ ᠪᠠᠨ ᠴᠢᠩᠭᠠᠳᠭᠠᠵᠤ᠂ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠦᠨᠡᠨ ᠪᠣᠳᠠᠲᠠᠢ ᠦᠯᠢᠭᠡᠷ ᠵᠢᠱ᠌ᠢᠶ᠎ᠡ ᠪᠡᠷ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢ ᠮᠡᠳᠡᠭᠡᠯᠡᠵᠦ᠂ ᠲᠥᠪ ᠴᠢᠬᠢᠮᠠᠢ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠠᠵᠢᠯᠯᠠᠭ᠎ᠠ ᠪᠠᠷ ᠪᠦᠬᠦ ᠣᠷᠤᠨ ᠤ᠋ ᠡᠯ᠎ᠡ ᠦᠨᠳᠦᠰᠦᠲᠡᠨ ᠦ᠌ ᠺᠠᠳ᠋ᠷ ᠣᠯᠠᠨ ᠲᠦᠮᠡᠨ ᠢ᠋ ᠵᠢᠯᠤᠭᠤᠳᠴᠤ ᠵᠥᠪ ᠣᠨᠤᠪᠴᠢᠲᠠᠢ ᠡᠬᠡ ᠣᠷᠤᠨᠴᠢ ᠦᠵᠡᠯᠲᠡ᠂ ᠦᠨᠳᠦᠰᠦᠲᠡᠨ ᠦ᠌ ᠦᠵᠡᠯᠲᠡ᠂ ᠲᠡᠦᠬᠡᠴᠢ ᠦᠵᠡᠯᠲᠡ ᠶ᠋ᠢ ᠪᠣᠢ ᠪᠣᠯᠭᠠᠵᠤ᠂《ᠲᠠᠪᠤ ᠶ᠋ᠢ ᠮᠡᠳᠡᠷᠡᠬᠦ》 ᠶ᠋ᠢ ᠦᠨᠡᠨ ᠬᠦ᠌ ᠪᠠᠲᠤᠳᠭᠠᠵᠤ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠴᠣᠭᠴᠠ ᠶ᠋ᠢᠨ ᠤᠬᠠᠮᠰᠠᠷ ᠢ᠋ ᠴᠢᠩᠭᠠᠷᠠᠭᠤᠯᠬᠤ ᠬᠡᠷᠡᠭᠲᠡᠢ᠃ ᠳᠦᠷᠢᠮ ᠲᠣᠭᠲᠠᠭᠠᠯ ᠢ᠋ᠶ᠋ᠠᠨ ᠲᠡᠭᠦᠯᠳᠡᠷᠵᠢᠭᠦᠯᠵᠦ᠂ ᠭᠣᠣᠯᠳᠠᠯᠭ᠎ᠠ ᠪᠠᠨ ᠲᠣᠪᠣᠢᠯᠭᠠᠵᠤ᠂ ᠴᠥᠭᠡᠨ ᠲᠣᠭᠠᠲᠤ ᠦᠨᠳᠦᠰᠦᠲᠡᠨ ᠦ᠌ ᠬᠥᠭᠵᠢᠯᠲᠡ ᠶ᠋ᠢᠨ ᠪᠡᠯᠡ ᠮᠥᠩᠭᠦ ᠶ᠋ᠢ ᠰᠠᠢᠲᠤᠷ ᠬᠠᠮᠢᠶᠠᠷᠴᠤ ᠰᠠᠢᠲᠤᠷ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠱᠢᠭᠰᠠᠨ ᠭᠠᠵᠠᠷ ᠣᠷᠤᠨ ᠤ᠋ ᠥᠪᠡᠷᠮᠢᠴᠡ ᠣᠨᠴᠠᠯᠢᠭ ᠪᠦᠬᠦᠢ ᠠᠵᠤ ᠦᠢᠯᠡᠰ᠂ ᠦᠨᠳᠦᠰᠦᠲᠡᠨ ᠦ᠌ ᠰᠣᠶᠤᠯ ᠰᠤᠷᠭᠠᠨ ᠬᠥᠮᠦᠵᠢᠯ ᠦ᠋ᠨ ᠠᠵᠢᠯ ᠦᠢᠯᠡᠰ ᠢ᠋ ᠲᠡᠳᠬᠦᠨ ᠬᠥᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠦ᠌ ᠱᠢᠯᠢᠳᠡᠭ ᠰᠣᠶᠤᠯ ᠤ᠋ᠨ ᠥᠪ ᠢ᠋ ᠬᠠᠮᠠᠭᠠᠯᠠᠨ ᠬᠥᠭᠵᠢᠭᠦᠯᠬᠦ ᠬᠡᠷᠡᠭᠲᠡᠢ᠃ ᠦᠨᠳᠦᠰᠦᠲᠡᠨ ᠦ᠌ ᠠᠵᠢᠯ  ᠤ᠋ᠨ ᠰᠠᠯᠠᠭ᠎ᠠ ᠮᠥᠴᠢᠷ  ᠦ᠋ᠨ ᠨᠠᠮ ᠤ᠋ᠨ ᠪᠠᠢᠭᠤᠯᠤᠯᠲᠠ ᠶ᠋ᠢ ᠴᠢᠩᠭᠠᠳᠭᠠᠵᠤ᠂ ᠨᠠᠮ ᠤ᠋ᠨ ᠰᠠᠬᠢᠯᠭ᠎ᠠ ᠪᠠᠲᠤ ᠶᠣᠰᠤ ᠳᠦᠷᠢᠮ ᠢ᠋ ᠴᠢᠩᠭ᠎ᠠ ᠰᠠᠬᠢᠭᠰᠠᠨ᠂ ᠠᠷᠠᠳ ᠲᠦᠮᠡᠨ ᠳ᠋ᠡᠭᠡᠨ ᠱᠢᠳᠤᠷᠭᠤ ᠦᠢᠯᠡᠴᠢᠯᠡᠳᠡᠭ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠺᠠᠳ᠋ᠷ ᠤ᠋ᠨ ᠡᠩᠨᠡᠭᠡ ᠶ᠋ᠢ ᠪᠠᠢᠭᠤᠯᠬᠤ ᠬᠡᠷᠡᠭᠲᠡᠢ ᠭᠡᠵᠡᠢ᠃

ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ  ᠤ᠋ᠨ ᠳᠡᠳ᠋ ᠭᠠᠵᠠᠷ ᠤ᠋ᠨ ᠳᠡᠰ ᠠ᠋ᠴᠠ ᠳᠡᠭᠡᠭᠰᠢ ᠺᠠᠲᠷᠴᠤᠳ ᠨᠠᠮ ᠤ᠋ᠨ ᠬᠢᠴᠢᠶᠡᠯ ᠢ᠋ ᠨᠠᠷᠢᠨ ᠬᠢᠨᠠᠮᠠᠭᠠᠢ ᠰᠣᠨᠤᠰᠴᠤ ᠪᠠᠢᠭ᠎ᠠ ᠨᠢ

ᠡᠷᠬᠢᠯᠡᠭᠴᠢ ᠴᠢ ᠶ᠋ᠢᠨ ᠢᠦᠢ ᠶᠠᠷᠢᠶᠠᠨ ᠳ᠋ᠠᠭᠠᠨ ᠳᠡᠳ᠋ ᠲᠡᠷᠢᠭᠦᠯᠡᠭᠴᠢ ᠪᠦᠦ ᠭᠠᠩ ᠤ᠋ᠨ ᠴᠢᠬᠤᠯᠠ ᠶᠠᠷᠢᠶ᠎ᠠ ᠪᠣᠯ ᠮᠠᠨ ᠤ᠋ ᠣᠷᠤᠨ ᠤ᠋ ᠦᠨᠳᠦᠰᠦᠲᠡᠨ ᠦ᠌ ᠠᠵᠢᠯ ᠤ᠋ᠨ ᠨᠤᠲᠠᠯᠠᠯᠲᠠ ᠮᠥᠷᠲᠡᠭᠡᠨ ᠱᠢᠨ᠎ᠡ ᠴᠠᠭ ᠦᠶ᠎ᠡ ᠶ᠋ᠢᠨ ᠦᠨᠳᠦᠰᠦᠲᠡᠨ ᠦ᠌ ᠠᠵᠢᠯ  ᠢ᠋ ᠰᠠᠢᠲᠤᠷ ᠬᠢᠬᠦ ᠶ᠋ᠢᠨ ᠵᠣᠷᠢᠭᠵᠢᠭᠤᠯᠤᠯ ᠪᠠ ᠱᠠᠭᠠᠷᠳᠠᠯᠭ᠎ᠠ ᠮᠥᠨ᠂ ᠮᠥᠨ ᠴᠦ᠍ ᠨᠢᠭᠡᠨ ᠤᠳᠠᠭᠠᠨ ᠤ᠋ 《ᠤᠯᠤᠰ ᠤ᠋ᠨ ᠪᠠᠶᠠᠷ ᠢ᠋ ᠤᠭᠲᠤᠵᠤ᠂ ᠨᠠᠮ ᠤ᠋ᠨ ᠬᠠᠢᠷ᠎ᠠ ᠶ᠋ᠢ ᠰᠠᠨᠠᠭᠠᠯᠵᠠᠵᠤ᠂ ᠦᠨᠳᠦᠰᠦᠲᠡᠨ ᠦ᠌ ᠪᠦᠯᠬᠦᠮᠳᠡᠯ ᠢ᠋ ᠡᠭᠦᠷᠢᠳᠡ ᠴᠡᠭᠡᠵᠢᠯᠡᠶ᠎ᠡ》 ᠭᠡᠬᠦ ᠠᠮᠢᠳᠤᠯᠢᠭ ᠨᠠᠮ ᠤ᠋ᠨ ᠬᠢᠴᠢᠶᠡᠯ ᠪᠣᠯᠤᠭᠰᠠᠨ ᠪᠠᠢᠨ᠎ᠠ᠃ ᠡᠨᠡ ᠨᠢ ᠶᠠᠭ 9 ᠳ᠋ᠦ᠍ᠭᠡᠷ ᠰᠠᠷ᠎ᠠ ᠶ᠋ᠢᠨ ᠬᠠᠮᠤᠭ ᠤ᠋ᠨ ᠰᠡᠭᠦᠯᠴᠢ ᠶ᠋ᠢᠨ ᠡᠳᠦᠷ ᠪᠥᠭᠡᠳ ᠪᠦᠬᠦ ᠣᠷᠤᠨ ᠤ᠋ 35 ᠳ᠋ᠡᠬᠢ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠰᠠᠷ᠎ᠠ  ᠶ᠋ᠢᠨ ᠠᠵᠢᠯᠯᠠᠭ᠎ᠠ ᠶ᠋ᠢ ᠠᠮᠵᠢᠯᠲᠠ ᠲᠠᠢ ᠲᠡᠭᠦᠰᠬᠡᠭᠰᠡᠨ ᠶᠠᠪᠤᠳᠠᠯ ᠪᠣᠯᠪᠠ᠃ ᠥᠪᠡᠷᠲᠡᠭᠡᠨ ᠵᠠᠰᠠᠬᠤ ᠣᠷᠤᠨ ᠤ᠋ ᠦᠨᠳᠦᠰᠦᠲᠡᠨ ᠦ᠌ ᠬᠡᠷᠡᠭ ᠡᠷᠬᠢᠯᠡᠬᠦ ᠵᠥᠪᠯᠡᠯ ᠦ᠋ᠨ ᠪᠦᠬᠦ ᠨᠠᠮ ᠤ᠋ᠨ ᠭᠡᠱᠢᠭᠦᠨ ᠺᠠᠳ᠋ᠷ ᠠᠵᠢᠯᠲᠠᠳ ᠨᠠᠷᠢᠨ ᠬᠢᠨᠠᠮᠠᠭᠠᠢ ᠰᠤᠷᠤᠯᠴᠠᠵᠤ᠂ ᠭᠦᠨ ᠭᠦᠨᠵᠡᠭᠡᠢ ᠣᠢᠯᠠᠭᠠᠭᠰᠠᠨ ᠤ᠋ ᠰᠠᠭᠤᠷᠢᠨ ᠳ᠋ᠤ᠌ ᠶᠡᠷᠦᠩᠬᠡᠢ ᠱᠦᠵᠢ ᠱ᠋ᠢ ᠶ᠋ᠢᠨ ᠫᠢᠩ ᠢ᠋ᠶ᠋ᠡᠷ ᠲᠥᠪ ᠪᠣᠯᠭᠠᠭᠰᠠᠨ ᠨᠠᠮ ᠤ᠋ᠨ ᠲᠥᠪ ᠬᠣᠷᠢᠶᠠᠨ ᠤ᠋ ᠲᠣᠭᠤᠷᠢᠨ ᠳ᠋ᠤ᠌ ᠨᠢᠭᠲᠠᠷᠠᠵᠤ᠂ ᠰᠢ ᠵᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠤᠨ ᠲᠤᠭᠤᠱᠢᠯᠠᠭᠤᠯᠵᠤ᠂ ᠡᠯ᠎ᠡ ᠲᠥᠷᠥᠯ ᠦ᠋ᠨ ᠠᠵᠢᠯ ᠢ᠋ᠶ᠋ᠠᠨ ᠰᠠᠢᠲᠤᠷ ᠬᠢᠵᠦ᠂ ᠪᠦᠬᠦ ᠣᠷᠤᠨ ᠤ᠋ ᠦᠨᠳᠦᠰᠦᠲᠡᠨ ᠦ᠌ ᠪᠦᠯᠬᠦᠮᠳᠡᠯ ᠳᠠᠪᠱᠢᠯᠲᠠ ᠶ᠋ᠢᠨ ᠦᠢᠯᠡᠰ ᠢ᠋ ᠱᠢᠨ᠎ᠡ ᠳᠡᠭᠲᠡᠷ ᠲᠦ᠍ ᠭᠠᠷᠭᠠᠬᠤ ᠪᠠᠷ ᠴᠢᠷᠮᠠᠢᠬᠤ ᠬᠡᠷᠡᠭᠲᠡᠢ ᠭᠡᠵᠦ ᠱᠠᠭᠠᠷᠳᠠᠪᠠ᠃ 

ᠳᠡᠳ᠋ ᠲᠡᠷᠢᠭᠦᠯᠡᠭᠴᠢ ᠪᠦᠦ ᠭᠠᠩ ᠦᠨᠳᠦᠰᠦᠲᠡᠨ ᠦ᠌ ᠠᠵᠢᠯ ᠢ᠋ ᠪᠠᠢᠴᠠᠭᠠᠵᠤ ᠪᠠᠢᠭ᠎ᠠ ᠨᠢ

 

ᠣᠷᠴᠢᠭᠤᠯᠤᠭᠴᠢ᠄ ᠨᠠᠷᠠᠩᠭᠤᠸ᠎ᠠ

ᠬᠢᠨᠠᠭᠴᠢ᠄ ᠪᠤᠶᠠᠨ᠌ᠥ᠌ᠯᠵᠡᠢ

ᠬᠠᠷᠢᠭᠤᠴᠠᠭᠰᠠᠨ ᠨᠠᠢᠷᠠᠭᠤᠯᠤᠭᠴᠢ᠄ ᠨᠠᠷᠠᠩᠭᠤᠸ᠎ᠠ

 

 

ᠸᠢᠴᠠᠲ ᠲᠤ ᠪᠠᠨ ᠬᠤᠪᠢᠶᠠᠯᠴᠠᠬᠤ