ᠲᠤᠮᠲᠠᠲᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠲᠦᠭᠡᠷ ᠤᠲᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠶᠡᠬᠡ ᠬᠤᠷᠠᠯ ᠪᠡᠭᠡᠵᠢᠩ ᠳ᠋ᠤ᠌ ᠡᠬᠢᠯᠡᠪᠡ

2017.10.19

ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠥᠯᠦᠭᠡᠯᠡᠭᠴᠢᠳ ᠦᠨ ᠶᠡᠬᠡ ᠬᠤᠷᠠᠯ 18 ᠤ ᠡᠳᠦᠷ ᠦᠨ ᠦᠳᠡ ᠡᠴᠡ ᠡᠮᠦᠨ᠎ᠡ ᠠᠷᠠᠳ ᠤᠨ ᠶᠡᠬᠡ ᠬᠤᠷᠠᠯ ᠤᠨ ᠲᠢᠩᠬᠢᠮ ᠳᠤ ᠡᠬᠢᠯᠡᠪᠡ᠃ ᠰᠢ ᠵᠢᠨ ᠫᠢᠩ ᠠᠷᠪᠠᠨ ᠨᠠᠶ᠋ᠮᠠᠲᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠡᠮᠦᠨ᠎ᠡ ᠡᠴᠡ ᠶᠡᠬᠡ ᠬᠤᠷᠠᠯ ᠳᠤ 《 ᠴᠢᠨᠡᠭᠡᠯᠢᠭ ᠨᠡᠢᠭᠡᠮ ᠢ ᠪᠦᠬᠦ ᠲᠠᠯ᠎ᠠ ᠪᠡᠷ ᠪᠡᠶᠡᠯᠡᠭᠦᠯᠬᠦ ᠶᠢᠨ ᠰᠢᠢᠳᠪᠤᠷᠢᠲᠤ ᠢᠯᠠᠯᠲᠠ ᠶᠢ ᠣᠯᠵᠤ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠠᠭᠤᠤ ᠶᠡᠬᠡ ᠢᠯᠠᠯᠲᠠ ᠶᠢ ᠲᠡᠮᠡᠴᠡᠨ ᠤᠯᠬᠤ ᠬᠡᠷᠡᠭᠲᠡᠢ》ᠭᠡᠬᠦ ᠮᠡᠳᠡᠭᠦᠯᠦᠯᠲᠡ ᠶᠢ ᠬᠢᠵᠡᠢ᠃

ᠰᠢ ᠵᠢᠨ ᠫᠢᠩ᠂ ᠲᠤᠰ ᠤᠳᠠᠭᠠᠨ ᠤ ᠶᠡᠬᠡ ᠬᠤᠷᠠᠯ ᠤᠨ ᠭᠣᠣᠯ ᠰᠡᠳᠦᠪ ᠪᠣᠯ ᠠᠮᠠᠯᠠᠯᠲᠠ ᠪᠠᠨ ᠮᠠᠷᠲᠠᠯ ᠦᠭᠡᠢ᠂ ᠡᠭᠦᠷᠭᠡ ᠪᠡᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠠᠭᠤᠤ ᠶᠡᠬᠡ ᠲᠤᠭ ᠢ ᠥᠨᠳᠦᠷ ᠮᠠᠨᠳᠤᠭᠤᠯᠵᠤ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠡᠷ ᠪᠡᠶᠡᠯᠡᠭᠦᠯᠬᠦ ᠶᠢᠨ ᠰᠢᠢᠳᠪᠤᠷᠢᠲᠤ ᠢᠯᠠᠯᠲᠠ ᠶᠢ ᠣᠯᠵᠤ᠂ ᠰᠢᠨ᠎ᠠ ᠴᠠᠭ ᠦᠶ᠎ᠠ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠠᠭᠤᠤ ᠶᠡᠬᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠮᠥᠷᠦᠭᠡᠳᠦᠯ ᠦᠨ ᠲᠥᠯᠦᠭᠡ ᠴᠤᠴᠠᠯᠲᠠ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠶᠡᠬᠡ ᠬᠤᠷᠠᠯ ᠤᠨ ᠲᠡᠷᠢᠭᠦᠯᠡᠭᠴᠢᠳ ᠦᠨ ᠪᠦᠯᠬᠦᠮ ᠦᠨ ᠪᠠᠢᠩᠭᠤ ᠶᠢᠨ ᠺᠣᠮᠢᠰ ᠤᠨ ᠪᠦᠷᠢᠯᠳᠦᠬᠦᠨ ᠲᠡᠷᠢᠭᠦᠯᠡᠭᠴᠢᠳ ᠦᠨ ᠲᠠᠢᠰᠠᠨ ᠤ ᠡᠮᠦᠨ᠎ᠡ ᠮᠦᠷ ᠲᠤ ᠰᠠᠭᠤᠯᠴᠠᠪᠠ᠃

ᠶᠡᠬᠡ ᠬᠤᠷᠠᠯ ᠢ ᠯᠢ ᠺᠧ ᠴᠢᠶᠠᠩ ᠬᠥᠲᠦᠯᠪᠡ᠃ ᠦᠳᠡ ᠡᠴᠡ ᠡᠮᠦᠨᠡᠬᠢ 9᠄ 00 ᠴᠠᠭ ᠲᠤ ᠬᠤᠷᠠᠯ ᠡᠬᠢᠯᠡᠪᠡ᠃ ᠪᠦᠭᠦᠳᠡᠭᠡᠷ ᠢᠶᠡᠨ ᠪᠣᠰᠴᠤ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ》 ᠶᠢ ᠳᠠᠭᠤᠯᠠᠪᠠ᠃ ᠳᠠᠷᠠᠭ᠎᠎ᠠ ᠳᠤᠨᠢ ᠪᠦᠭᠦᠳᠡᠭᠡᠷ ᠢᠶᠡᠨ ᠮᠠᠤ ᠽᠧ ᠳ᠋ᠦᠩ᠂ ᠵᠧᠦ ᠡᠧᠨ ᠯᠠᠢ᠂ ᠯᠢᠦ ᠱᠤᠤ ᠴᠢ᠂ ᠵᠦ᠍ ᠳ᠋ᠧ᠂ ᠳ᠋ᠧᠩ ᠰᠢᠶᠣᠣ ᠫᠢᠩ᠂ ᠴᠧᠨ ᠶᠦᠨ ᠵᠡᠷᠭᠡ ᠨᠠᠰᠤ ᠨᠥᠭᠴᠢᠭᠰᠡᠨ ᠠᠬᠠᠮᠠᠳ ᠨᠢᠭᠡ ᠦᠶ᠎ᠠ ᠶᠢᠨ ᠦᠭᠡᠢᠭᠦᠦ ᠠᠩᠭᠢ ᠶᠢᠨ ᠬᠤᠪᠢᠰᠬᠠᠯᠴᠢᠳ ᠪᠠ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃

ᠯᠢ ᠺᠧ ᠴᠢᠶᠠᠩ ᠡᠴᠡ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠳᠤ ᠣᠷᠤᠯᠴᠠᠬᠤ ᠲᠥᠯᠦᠭᠡᠯᠡᠭᠴᠢ 2280 ᠬᠥᠮᠦᠨ᠂ ᠣᠨᠴᠠ ᠤᠷᠢᠭᠰᠠᠨ ᠲᠥᠯᠦᠭᠡᠯᠡᠭᠴᠢ 74 ᠬᠥᠮᠦᠨ᠂ ᠨᠡᠢᠲᠡ 2354 ᠬᠥᠮᠦᠨ᠂ ᠦᠨᠦᠲᠦᠷ 2338 ᠬᠥᠮᠦᠨ ᠣᠷᠤᠯᠴᠠᠭᠰᠠᠨ ᠭᠡᠵᠦ ᠵᠠᠷᠯᠠᠪᠠ᠃ ᠲᠡᠷᠡᠪᠡᠷ ᠶᠡᠬᠡ ᠬᠤᠷᠠᠯ ᠳᠤ ᠰᠤᠯᠠ ᠣᠷᠤᠯᠴᠠᠵᠤ ᠪᠠᠢᠭ᠎ᠠ ᠨᠠᠮ ᠤᠨ ᠭᠠᠳᠠᠨᠠᠬᠢ ᠨᠠᠢᠵᠠ ᠪᠠ ᠬᠠᠮᠢᠶᠠᠲᠠᠢ ᠲᠠᠯ᠎ᠠ ᠶᠢᠨ ᠬᠠᠷᠢᠭᠤᠴᠠᠯᠭᠠᠲᠠᠨ ᠨᠦᠬᠦᠳ ᠢ ᠪᠠᠶᠠᠷᠯᠠᠨ ᠤᠭᠲᠤᠵᠤ ᠪᠠᠢᠬᠤ ᠪᠠᠨ ᠢᠯᠡᠳᠭᠡᠪᠡ᠃

ᠰᠢ ᠵᠢᠨ ᠫᠢᠩ ᠠᠷᠪᠠᠨ ᠨᠠᠶ᠋ᠮᠠᠲᠤᠭᠠᠷ ᠬᠤᠭᠤᠴᠠᠭᠠᠨ ᠤ ᠲᠥᠪ ᠬᠤᠷᠢᠶ᠎ᠠ ᠶᠢ ᠲᠥᠯᠦᠭᠡᠯᠡᠨ ᠶᠡᠬᠡ ᠬᠤᠷᠠᠯ ᠳᠤ ᠬᠢᠭᠰᠡᠨ ᠮᠡᠳᠡᠭᠦᠯᠦᠯᠲᠡ ᠨᠢ 13 ᠬᠡᠰᠡᠭ ᠢᠶᠡᠷ ᠪᠦᠷᠢᠯᠳᠦᠪᠡ᠃ ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠲᠡᠦᠬᠡᠲᠦ ᠴᠢᠨᠠᠷᠲᠠᠢ ᠥᠭᠡᠷᠡᠴᠢᠯᠡᠯᠲᠡ ᠋; ᠬᠣᠶᠠᠷ᠂ ᠰᠢᠨ᠎ᠡ ᠴᠠᠭ ᠦᠶ᠎ᠠ ᠳ᠋ᠡᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠲᠦ ᠡᠭᠦᠷᠭᠡ ; ᠭᠤᠷᠪᠠ᠂ ᠰᠢᠨ᠎ᠡ ᠴᠠᠭ ᠦᠶ᠎ᠠ ᠳ᠋ᠡᠬᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠ ᠦᠨᠳᠦᠰᠦᠨ ᠠᠷᠭ᠎ᠠ ᠪᠣᠳᠤᠯᠭ᠎ᠠ ; ᠳᠥᠷᠪᠡ᠂ ᠴᠢᠨᠡᠭᠡᠯᠢᠭ ᠨᠡᠢᠭᠡᠮ ᠢ ᠪᠦᠬᠦ ᠲᠠᠯ᠎ᠠ ᠪᠠᠷ ᠪᠠᠢᠭᠤᠯᠬᠤ ᠶᠢ ᠰᠢᠢᠳᠪᠦᠷᠢᠯᠡᠵᠦ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠠᠢᠭᠤᠯᠬᠤ ᠰᠢᠨ᠎ᠡ ᠵᠠᠮᠨᠠᠯ ᠢ ᠪᠦᠬᠦ ᠲᠠᠯ᠎ᠠ ᠪᠠᠷ ᠨᠡᠭᠡᠭᠡᠬᠦ ; ᠲᠠᠪᠤ᠂ ᠰᠢᠨ᠎ᠡ ᠬᠥᠭᠵᠢᠯᠲᠡ ᠰᠢᠨ᠎ᠡ ᠣᠢᠯᠠᠭᠠᠭᠳᠠᠬᠤᠨ ᠢ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠲᠣᠭᠲᠠᠯᠴᠠᠭ᠎ᠠ ᠶᠢ ᠪᠠᠢᠭᠤᠯᠤᠨ᠎ᠠ ; ᠵᠢᠷᠭᠤᠭ᠎ᠠ᠂ ᠠᠷᠠᠳ ᠲᠦᠮᠡᠨ ᠡᠵᠡᠨ ᠮᠡᠳᠡᠬᠦ ᠪᠠᠢᠭᠤᠯᠤᠯ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ ᠨᠡᠢᠭᠡᠮ ᠵᠢᠷᠤᠮ ᠤᠨ ᠠᠷᠠᠳᠴᠢᠯᠠᠯ ᠤᠨ ᠤᠯᠤᠰ ᠲᠦᠷᠦ ᠶᠢ ᠬᠥᠭᠵᠢᠭᠦᠯᠦᠨ᠎ᠡ ; ᠳᠣᠯᠤᠭ᠎ᠠ᠂ ᠰᠣᠶᠤᠯ ᠤᠨ ᠢᠲᠡᠭᠡᠯ ᠢ ᠡᠷᠡᠰ ᠪᠠᠲᠤ ᠪᠤᠯᠭᠠᠵᠤ᠂ ᠨᠡᠢᠭᠡᠮ ᠵᠢᠷᠤᠮ ᠤᠨ ᠰᠣᠶᠤᠯ ᠤᠨ ᠴᠡᠴᠡᠭᠯᠡᠨ ᠬᠥᠭᠵᠢᠯᠲᠡ ᠶᠢ ᠠᠬᠢᠭᠤᠯᠤᠨ᠎ᠠ ; ᠨᠠᠶ᠋ᠮᠠ᠂ ᠠᠷᠠᠳ ᠤᠨ ᠠᠮᠢᠳᠤᠷᠠᠯ ᠤᠨ ᠲᠦᠪᠰᠢᠨ ᠢ ᠰᠠᠢᠵᠢᠷᠠᠭᠤᠯᠬᠤ ᠪᠠ ᠪᠠᠲᠤᠯᠠᠬᠤ ᠪᠠᠨ ᠳᠡᠭᠡᠭᠰᠢᠯᠡᠭᠦᠯᠵᠦ᠂ ᠨᠡᠢᠭᠡᠮ ᠢ ᠵᠠᠰᠠᠬᠤ ᠪᠠᠨ ᠴᠢᠩᠭᠠᠳᠭᠠᠵᠤ ᠰᠢᠨᠡᠴᠢᠯᠡᠨ᠎ᠡ ; ᠶᠢᠰᠦ᠂ ᠠᠮᠢ ᠠᠬᠤᠢ ᠶᠢᠨ ᠪᠣᠯᠪᠠᠰᠤᠨ ᠤ ᠲᠣᠭᠲᠠᠯᠴᠠᠭᠠᠨ ᠤ ᠥᠭᠡᠷᠡᠴᠢᠯᠡᠯᠲᠡ ᠶᠢ ᠲᠦᠷᠭᠡᠳᠭᠡᠵᠦ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠢ ᠪᠠᠢᠭᠤᠯᠤᠨ᠎ᠠ ; ᠠᠷᠪᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠢᠶᠡᠨ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ ; ᠠᠷᠪᠠᠨ ᠨᠢᠭᠡ᠂ 《 ᠨᠢᠭᠡ ᠤᠯᠤᠰ ᠬᠣᠶᠠᠷ ᠪᠠᠢᠭᠤᠯᠤᠯ》 ᠢ ᠪᠠᠷᠢᠮᠲᠠᠯᠠᠵᠤ᠂ ᠡᠬᠡ ᠤᠯᠤᠰ ᠤᠨ ᠨᠢᠭᠡᠳᠦᠯ ᠢ ᠠᠬᠢᠭᠤᠯᠤᠨ᠎ᠠ ; ᠠᠷᠪᠠᠨ ᠬᠣᠶᠠᠷ᠂ ᠡᠶ᠎ᠡ ᠨᠠᠢᠷᠠᠮᠳᠠᠯ ᠲᠠᠢ  ᠬᠥᠭᠵᠢᠯᠲᠡ ᠶᠢᠨ ᠵᠠᠮ ᠢ ᠪᠠᠷᠢᠮᠲᠠᠯᠠᠵᠤ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠢᠭᠤᠯᠬᠤ ᠶᠢ ᠠᠬᠢᠭᠤᠯᠤᠨ᠎ᠠ ; ᠠᠷᠪᠠᠨ ᠭᠤᠷᠪᠠ᠂ ᠨᠠᠮ ᠢ ᠪᠦᠬᠦ ᠲᠠᠯ᠎ᠠ ᠪᠠᠷ ᠡᠷᠡᠰ ᠭᠤᠢᠪᠢᠰᠢ ᠦᠭᠡᠢ ᠴᠢᠩᠭ᠎ᠠ ᠵᠠᠰᠠᠵᠤ᠂ ᠨᠠᠮ ᠤᠨ ᠵᠠᠰᠠᠭ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 

ᠮᠡᠳᠡᠭᠦᠯᠦᠯᠲᠡ ᠬᠢᠬᠦ ᠶᠠᠪᠤᠴᠠ ᠳᠤ ᠪᠦᠬᠦ ᠲᠠᠯᠠᠪᠠᠢ ᠳᠤ ᠦᠶ᠎ᠠ ᠦᠶ᠎ᠠ ᠨᠢᠵᠢᠭᠢᠨᠡᠭᠰᠡᠨ ᠠᠯᠠᠭ᠎ᠠ ᠲᠠᠰᠢᠯᠲᠠ ᠪᠣᠯᠪᠠ᠃

ᠳᠤᠮᠳᠠᠳᠤ ᠭᠠᠳᠠᠭᠠᠳᠤ ᠶᠢᠨ 3000 ᠭᠠᠷᠤᠢ ᠰᠤᠷᠪᠤᠯᠵᠢᠯᠠᠭᠴᠢ ᠡᠬᠢᠯᠡᠯᠲᠡ ᠶᠢᠨ ᠶᠣᠰᠤᠯᠠᠯ ᠤᠨ ᠦᠪᠡᠲᠡᠭᠰᠢ ᠪᠠᠢᠳᠠᠯ ᠢ ᠰᠤᠷᠪᠤᠯᠵᠢᠯᠠᠨ ᠮᠡᠳᠡᠭᠡᠯᠡᠪᠡ᠃

 

ᠸᠢᠴᠠᠲ ᠲᠤ ᠪᠠᠨ ᠬᠤᠪᠢᠶᠠᠯᠴᠠᠬᠤ